ᠥᠷᠯᠥᠭᠡ ᠴᠣᠬᠤᠮ ᠶᠠᠭᠤ ᠢᠳᠡᠪᠡᠯ ᠪᠡᠶ᠎ᠡ ᠳᠤ ᠰᠠᠶᠢᠨ ᠪᠣᠢ︖
ᠨᠡᠶᠢᠲᠡᠯᠡᠭᠰᠡᠨ ᠴᠠᠭ᠄
2023/9/29
      ᠰᠢᠮ᠎ᠡ ᠲᠡᠵᠢᠭᠡᠯ ᠰᠠᠶᠢᠳᠠᠢ ᠥᠷᠯᠥᠭᠡ ᠶᠢᠨ ᠴᠠᠢ ᠬᠤᠭᠤᠯᠠᠨ ᠳᠤ ᠨᠡᠭᠦᠷᠡᠰᠦ ᠤᠰᠤᠨ ᠤ ᠨᠢᠭᠡᠳᠪᠦᠷᠢ᠂ ᠤᠭᠤᠷᠠᠭ᠂ ᠥᠨᠳᠡᠭᠡᠨ ᠹᠣᠰᠹᠣᠷᠲᠤ ᠥᠭᠡᠬᠦ᠂ ᠸᠢᠲ᠋ᠠᠮᠢᠨ ᠪᠠ ᠡᠷᠦᠳᠡᠰᠦ ᠪᠣᠳᠠᠰ ᠢ ᠪᠠᠭᠲᠠᠭᠠᠨ᠎ᠠ᠃       1᠂ ᠨᠡᠭᠦᠷᠡᠰᠦ ᠤᠰᠤᠨ ᠤ ᠨᠢᠭᠡᠳᠪᠦᠷᠢ ᠶᠢ ᠡᠯᠪᠡᠭ ᠠᠭᠤᠯᠤᠭᠰᠠᠨ ᠢᠳᠡᠭᠡᠨ ᠵᠢᠱᠢᠶᠡᠯᠡᠪᠡᠯ᠂ ᠲᠠᠯᠬ᠎ᠠ᠂ ᠮᠠᠨᠲᠠᠤ᠂ ᠬᠤᠯᠢᠮᠠᠭ ᠠᠮᠤ ᠶᠢᠨ ᠰᠢᠩᠭᠡᠨ ᠪᠤᠳᠠᠭ᠎ᠠ ᠵᠡᠷᠭᠡ ᠭᠤᠣᠯ ᠢᠳᠡᠭᠡᠨ᠃ ᠡᠳᠡᠭᠡᠷ ᠨᠢ ᠨᠡᠭᠦᠷᠡᠰᠦ ᠤᠰᠤᠨ ᠤ ᠨᠢᠭᠡᠳᠪᠦᠷᠢ ᠶᠢ ᠠᠭᠤᠯᠵᠣ᠂ ᠲᠠᠷᠢᠬᠢᠨ ᠳᠤ ᠬᠡᠷᠡᠭᠴᠡᠭᠡ ᠲᠠᠢ ︽ᠲᠦᠯᠡᠰᠢ︾ — ᠦᠵᠦᠮ ᠤᠨ ᠰᠢᠬᠢᠷ ᠪᠣᠯᠭᠠᠨ ᠬᠤᠪᠢᠷᠠᠭᠤᠯᠵᠤ᠂ ᠶᠡᠭᠡ ᠲᠠᠷᠢᠬᠢ ᠶᠢᠨ ᠰᠡᠳᠬᠢᠬᠦ᠂ ᠴᠡᠭᠡᠵᠢᠯᠡᠬᠦ ᠪᠠ ᠠᠰᠠᠭᠤᠳᠠᠯ ᠢ ᠰᠢᠢᠳᠪᠦᠷᠢᠯᠡᠬᠦ ᠵᠡᠷᠭᠡ ᠶᠠᠪᠤᠳᠠᠯ ᠳᠤ ᠲᠤᠰᠠᠯᠠᠵᠦ ᠪᠣᠯᠤᠨ᠎ᠠ᠃       2᠂ ᠤᠭᠤᠷᠠᠭ ᠡᠯᠪᠡᠭ ᠠᠭᠤᠯᠤᠭᠰᠠᠨ ᠢᠳᠡᠭᠡᠨ ᠵᠢᠱᠢᠶᠡᠯᠡᠪᠡᠯ᠂ ᠮᠢᠬ᠎ᠠ᠂ ᠵᠢᠭᠠᠰᠤ᠂ ᠦᠨᠢᠶᠡᠨ ᠰᠦ ᠵᠡᠷᠭᠡ ᠨᠢ ᠴᠢᠰᠤᠨ ᠰᠢᠬᠢᠷ ᠢ ᠠᠭᠠᠵᠢᠮ ᠢᠶᠠᠷ ᠳᠡᠭᠡᠭᠰᠢᠯᠡᠭᠦᠯᠦᠭᠰᠡᠨ ᠤ ᠳᠠᠷᠠᠭ᠎ᠠ ᠲᠣᠭᠲᠠᠭᠤᠨ ᠪᠠᠶᠢᠳᠠᠯ ᠢ ᠪᠠᠲᠤᠯᠠᠨ᠎ᠠ᠃ ᠤᠭᠤᠷᠠᠭ ᠳᠣᠲᠣᠷᠠᠬᠢ ᠲᠠᠷᠠᠭ ᠤᠨ ᠰᠢᠪᠲᠦᠷᠲᠦ ᠬᠦᠴᠢᠯ ᠨᠢ ᠪᠠᠰᠠ ᠬᠥᠮᠦᠨ ᠤ ᠪᠡᠶ᠎ᠡ ᠶᠢᠨ ᠳᠤᠫᠠᠮᠢᠨ ᠪᠠ ᠪᠥᠭᠡᠷ᠎ᠡ ᠶᠢᠨ ᠳᠡᠭᠡᠳᠦ ᠪᠤᠯᠴᠢᠷᠬᠠᠶ ᠶᠢᠨ ᠡᠳ᠋ ᠰᠢᠭᠦᠷᠡᠭᠦᠯᠬᠦ ᠶᠢ ᠠᠬᠢᠭᠤᠯᠵᠤ᠂ ᠬᠥᠮᠦᠰ ᠤᠨ ᠰᠡᠳᠬᠢᠬᠦᠶ ᠶᠢ ᠬᠤᠷᠴᠠ ᠰᠡᠷᠭᠡᠭ ᠪᠣᠯᠭᠠᠳᠠᠭ᠃       3᠂ ᠥᠨᠳᠡᠭᠡᠨ ᠹᠣᠰᠹᠣᠷᠲᠤ ᠥᠭᠡᠬᠦ ᠡᠯᠪᠡᠭ ᠠᠭᠤᠯᠤᠭᠰᠠᠨ ᠢᠳᠡᠭᠡᠨ ᠵᠢᠱᠢᠶᠡᠯᠡᠪᠡᠯ᠂ ᠲᠠᠬᠢᠶᠠᠨ ᠥᠨᠳᠡᠭᠡ᠂ ᠪᠤᠷᠴᠠᠭ ᠤᠨ ᠢᠳᠡᠭᠡᠨ ᠵᠡᠷᠭᠡ ᠥᠨᠳᠡᠭᠡᠨ ᠹᠣᠰᠹᠣᠷᠲᠤ ᠥᠭᠡᠬᠦ ᠰᠢᠩᠭᠡᠭᠡᠭᠳᠡᠭᠰᠡᠨ ᠤ ᠳᠠᠷᠠᠭ᠎ᠠ ᠰᠥᠰᠥᠨ ᠤ ᠱᠦᠯᠲᠦ ᠢᠯᠭᠠᠷᠠᠭᠤᠯᠵᠤ᠂ ᠡᠭᠦᠨ ᠤ ᠤᠯᠠᠮ ᠠᠴᠠ ᠮᠡᠳᠡᠷᠡᠯ ᠤᠨ ᠵᠠᠭᠤᠴᠢ ᠳᠠᠮᠵᠢᠭᠤᠯᠤᠭᠴᠢ ᠡᠳ᠋ ᠤᠨ ᠡᠲ᠋ᠠ ᠡᠰᠢᠯᠲᠦ ᠰᠥᠰᠥᠨ ᠤ ᠱᠦᠯᠲᠦ ᠶᠢ ᠨᠡᠶᠢᠯᠡᠭᠦᠯᠦᠨ᠂ ᠮᠡᠳᠡᠷᠡᠯ ᠤᠨ ᠰᠢᠰᠲ᠋ᠧᠮ ᠤᠨ ᠠᠵᠢᠯᠯᠠᠭ᠎ᠠ ᠶᠢ ᠠᠬᠢᠭᠤᠯᠤᠨ ᠰᠠᠶᠢᠵᠢᠷᠠᠭᠤᠯᠳᠠᠭ᠃      4᠂ ᠸᠢᠲ᠋ᠠᠮᠢᠨ᠂ ᠡᠷᠦᠳᠡᠰᠦ ᠡᠯᠪᠡᠭ ᠠᠭᠤᠯᠤᠭᠰᠠᠨ ᠢᠳᠡᠭᠡᠨ ᠵᠢᠱᠢᠶᠡᠯᠡᠪᠡᠯ᠂ ᠰᠢᠨ᠎ᠡ ᠰᠣᠷᠭᠤᠭ ᠵᠢᠮᠢᠰ ᠨᠣᠭᠤᠭ᠎ᠠ᠂ ᠸᠢᠲ᠋ᠠᠮᠢᠨ ᠪᠣᠯᠤᠨ ᠡᠷᠦᠳᠡᠰᠦ ᠪᠣᠳᠠᠰ ᠪᠣᠯ ᠶᠡᠭᠡ ᠲᠠᠷᠢᠬᠢᠨ ᠳᠤ ᠳᠤᠲᠠᠭᠳᠠᠵᠤ ᠪᠣᠯᠤᠰᠢ ᠦᠭᠡᠢ ︽ᠪᠠᠷᠢᠯᠭ᠎ᠠ ᠶᠢᠨ ᠮᠠᠲ᠋ᠧᠷᠢᠶᠠᠯ︾ ᠮᠥᠨ᠂ ᠤᠷᠭᠤᠮᠠᠯ ᠤᠨ ᠬᠢᠮᠢ ᠶᠢᠨ ᠪᠣᠳᠠᠰ ᠨᠢ ᠶᠡᠭᠡ ᠲᠠᠷᠢᠬᠢᠨ ᠳᠤ ᠤᠴᠠᠷᠠᠭᠤᠯᠬᠤ ᠴᠢᠯᠥᠭᠡᠲᠦ ᠡᠰ ᠤᠨ ᠬᠤᠬᠢᠷᠠᠯ ᠢ ᠡᠰᠡᠷᠭᠦᠴᠡᠵᠦ᠂ ᠴᠡᠭᠡᠵᠢᠯᠡᠬᠦ ᠴᠢᠳᠠᠪᠤᠷᠢ ᠶᠢ ᠬᠠᠮᠠᠭᠠᠯᠠᠳᠠᠭ᠃
ᠢᠷᠡᠯᠲᠡ᠄ ᠵᠡᠬᠦᠨᠭᠠᠷ ᠬᠤᠰᠢᠭᠤᠨ ᠤ ᠠᠷᠠᠳ ᠤᠨ ᠵᠠᠰᠠᠭ ᠤᠨ ᠤᠷᠳᠤᠨ