ᠰᠢᠳᠦ ᠡᠪᠡᠳᠬᠦ ᠶᠢ ᠵᠤᠭᠰᠤᠭᠠᠬᠤ ᠲᠦᠭᠦᠮ ᠠᠷᠭ᠎ᠠ
ᠨᠡᠶᠢᠲᠡᠯᠡᠭᠰᠡᠨ ᠴᠠᠭ᠄
2023/9/29
      1᠂ ᠲᠦᠭᠦᠬᠡᠢ ᠭᠠ ᠶᠢ ᠨᠢᠮᠭᠡᠨ ᠬᠡᠷᠴᠢᠵᠤ ᠵᠦᠭᠡᠯᠡᠨ ᠭᠠᠯ ᠲᠡᠭᠡᠷ᠎ᠡ ᠪᠠᠭ᠎ᠠ ᠬᠠᠯᠠᠭᠠᠭᠠᠳ ᠡᠪᠡᠳᠴᠦ ᠪᠠᠢᠭ᠎ᠠ ᠰᠢᠳᠦ ᠪᠠᠷ ᠢᠶᠠᠨ ᠵᠠᠭᠤᠪᠠᠯ ᠴᠠᠭ ᠤᠨ ᠲᠠᠷᠠᠭ᠎ᠠ ᠡᠪᠡᠳᠬᠦ ᠨᠢ ᠨᠠᠮᠳᠠᠳᠠᠭ᠃       2᠂ ᠼᠤᠤ ᠶᠢ ᠪᠠᠭ᠎ᠠ ᠬᠠᠯᠠᠭᠤᠯᠤᠭᠠᠳ ᠪᠦᠯᠢᠶᠡᠨ ᠪᠣᠯᠣᠭᠰᠠᠨ ᠤ ᠲᠠᠷᠠᠭ᠎ᠠ ᠰᠢᠳᠦ ᠪᠠᠨ ᠵᠠᠶᠢᠯᠪᠠᠯ ᠡᠪᠡᠳᠬᠦ ᠨᠢ ᠨᠠᠮᠳᠠᠳᠠᠭ᠃       3᠂ ᠡᠪᠡᠳᠴᠦ ᠪᠠᠢᠭ᠎ᠠ ᠰᠢᠳᠦᠨ ᠳᠡᠭᠡᠨ ᠮᠦᠬᠦᠯᠢᠭᠲᠦ ᠲᠠᠪᠤᠰᠤ ᠶᠢ ᠵᠠᠭᠤᠪᠠᠯ᠂ ᠲᠡᠷᠡ ᠲᠤᠤᠷ᠎ᠠ ᠨᠢ ᠨᠡᠯᠢᠶᠡᠳ ᠡᠪᠡᠳᠦᠭᠰᠡᠨ ᠴᠦ ᠠᠭᠠᠵᠢᠮ ᠳᠠᠭᠠᠨ ᠬᠤᠤᠷ ᠢ ᠨᠢ ᠲᠠᠷᠤᠵᠤ ᠪᠠᠺᠲ᠋ᠧᠷᠢ ᠶᠢ ᠤᠰᠠᠳᠬᠠᠵᠤ ᠬᠠᠪᠤᠳᠠᠷ ᠢ ᠨᠠᠮᠳᠠᠭᠤᠯᠳᠠᠭ᠃       4᠂ ᠰᠢᠳᠦ ᠬᠤᠷᠤᠬᠠᠢᠳᠤᠭᠰᠠᠨ ᠠᠴᠠ ᠪᠤᠯᠵᠤ ᠡᠪᠡᠳᠴᠦ ᠪᠠᠢᠪᠠᠯ ᠲᠤᠯᠤᠭᠠᠢ ᠶᠢᠨ ᠤᠷᠤᠢ ᠶᠢᠨ ᠰᠤᠳᠠᠯ ᠪᠤᠶᠤ ᠬᠤᠶᠠᠷ ᠴᠠᠬᠢᠨ ᠤ ᠠᠷᠤ ᠳᠠᠬᠢ ᠰᠤᠳᠠᠯ ᠢ ᠬᠢᠮᠦᠰᠦ ᠪᠠᠷ ᠢᠶᠠᠨ 3 ᠮᠢᠨᠦ᠋ᠲ ᠲᠠᠷᠤᠨ᠎ᠠ᠃ ᠡᠨᠡ ᠮᠡᠳᠦ ᠪᠠᠷ ᠠᠷᠤ ᠠᠷᠤ ᠠᠴᠠ ᠨᠢ 3 ᠤᠳᠠᠭ᠎ᠠ ᠲᠠᠷᠤᠪᠠᠯ ᠡᠪᠡᠳᠬᠦ ᠨᠢ ᠨᠠᠮᠳᠠᠳᠠᠭ᠃       5᠂ ᠰᠢᠳᠦᠨ ᠤ ᠡᠪᠡᠳᠴᠢᠨ ᠳᠤ ᠭᠠᠭᠴᠠ ᠲᠤᠯᠤᠭᠠᠢ ᠰᠠᠷᠢᠮᠰᠠᠭ ᠢ ᠨᠢᠴᠠᠯᠵᠤ᠂ ᠶᠤᠤᠮᠠᠢ ᠶᠢᠨ ᠭᠤᠯᠢᠷ ᠲᠠᠢ ᠬᠠᠮᠳᠦ ᠰᠢᠩᠭᠡᠨ ᠵᠢᠭᠤᠷᠠᠭᠠᠳ ᠡᠪᠡᠳᠴᠦ ᠪᠠᠢᠭ᠎ᠠ ᠲᠠᠯ᠎ᠠ ᠶᠢᠨ ᠬᠠᠴᠠᠷ ᠲᠡᠭᠡᠷ᠎ᠡ ᠬᠡᠳᠦ ᠤᠳᠠᠭ᠎ᠠ ᠰᠢᠪᠡᠵᠤ ᠨᠠᠭᠠᠪᠠᠯ ᠰᠢᠳᠦ ᠡᠪᠡᠳᠬᠦ ᠨᠢ ᠲᠠᠷᠤᠢ ᠵᠤᠭᠰᠤᠴᠢᠬᠠᠳᠠᠭ᠂ ᠪᠠᠰᠠ ᠠᠷᠢᠬᠢ ᠬᠤᠯᠢᠭᠰᠠᠨ ᠴᠦ ᠪᠤᠯᠤᠨ᠎ᠠ᠃ 
ᠢᠷᠡᠯᠲᠡ᠄ ᠵᠡᠬᠦᠨᠭᠠᠷ ᠬᠤᠰᠢᠭᠤᠨ ᠤ ᠠᠷᠠᠳ ᠤᠨ ᠵᠠᠰᠠᠭ ᠤᠨ ᠤᠷᠳᠤᠨ