ᠬᠥᠳᠡᠭᠡ ᠲᠣᠰᠬᠤᠨ ᠤ ᠴᠠᠬᠢᠯᠭᠠᠨ ᠲᠣᠣᠷ ᠤᠨ ᠥᠭᠡᠷᠡᠴᠢᠯᠡᠯᠲᠡ ᠪᠣᠯ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ | ᠵᠠᠩᠭᠢᠯᠠᠭ᠎ᠠ ᠶᠢᠨ ᠭᠤᠭᠴᠤᠭ᠎ᠠ ᠪᠣᠯᠬᠤ ᠪᠥᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢ ᠠᠬᠢᠭᠤᠯᠬᠤ ᠴᠢᠬᠤᠯᠠ ᠪᠠᠲᠤᠯᠠᠭ᠎ᠠ ᠪᠣᠯᠤᠨ᠎ᠠ᠃ | 2024 ᠣᠨ ᠳᠤ᠂ ᠡᠵᠡᠨ ᠬᠤᠷᠤᠭ᠎ᠠ ᠬᠤᠰᠢᠭᠤ ᠦᠷᠭᠦᠯᠵᠢᠯᠡᠨ ᠲᠣᠰᠬᠤᠨ ᠬᠤᠷᠰᠢᠶ᠎ᠠ ᠪᠠᠷ ᠨᠢᠭᠡᠴᠢ ᠪᠣᠯᠭᠠᠵᠤ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ | ᠣᠷᠣᠨ ᠳᠤ 10 ᠺᠢᠯᠤᠸᠤᠯᠲ ᠤᠨ ᠱᠤᠭᠤᠮ᠂ ᠬᠦᠴᠦᠳᠡᠯ ᠥᠭᠡᠷᠡᠴᠢᠯᠡᠭᠴᠢ᠂ 0 . 4 ᠺᠢᠯᠤᠸᠤᠯᠲ ᠤᠨ ᠱᠤᠭᠤᠮ ᠵᠢᠴᠢ ᠬᠡᠷᠡᠭᠯᠡᠭᠴᠢ ᠶᠢᠨ ᠦᠵᠦᠭᠦᠷ ᠴᠠᠬᠢᠯᠭᠠᠨ | ᠡᠨᠧᠷᠭᠢ ᠶᠢᠨ ᠬᠡᠮᠵᠢᠭᠦᠷ ᠢ ᠨᠢᠭᠡᠳᠦᠯᠲᠡᠶ ᠲᠥᠯᠥᠪᠵᠢᠭᠦᠯᠦᠨ ᠪᠥᠲᠥᠭᠡᠨ ᠪᠠᠶᠢᠭᠤᠯᠵᠤ᠂ ᠬᠥᠳᠡᠭᠡ ᠲᠣᠰᠬᠤᠨ ᠤ ᠲᠣᠭᠲᠠᠭᠤᠨ᠂ ᠨᠠᠶᠢᠳᠠᠪᠤᠷᠢᠲᠠᠶ᠂ ᠥᠨᠳᠥᠷ | ᠪᠦᠲᠦᠮᠵᠢᠲᠡᠶ ᠴᠠᠬᠢᠯᠭᠠᠨ ᠲᠤᠤᠷ ᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠲᠡᠶ ︽ᠴᠠᠬᠢᠯᠭᠠᠨ ᠬᠦᠴᠦᠨ ᠤ ᠬᠥᠳᠡᠯᠭᠡᠬᠦ | ᠡᠨᠧᠷᠭᠢ︾ ᠨᠡᠮᠡᠷᠢᠯᠡᠨ᠎ᠡ᠃ | ᠬᠠᠪᠤᠷ ᠤᠨ ᠡᠬᠢ ᠪᠠᠷ᠂ ᠬᠥᠳᠡᠭᠡ ᠲᠣᠰᠬᠤᠨ ᠤ ᠴᠠᠬᠢᠯᠭᠠᠨ ᠲᠤᠤᠷ ᠢ ᠪᠠᠬᠢᠵᠢᠭᠦᠯᠦᠨ ᠰᠠᠶᠢᠵᠢᠷᠠᠭᠤᠯᠬᠤ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ᠂ ᠥᠪᠥᠷ | ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠣᠷᠳᠣᠰ ᠤᠨ ᠡᠵᠡᠨ ᠬᠤᠷᠤᠭ᠎ᠠ ᠳᠠᠬᠢ ᠴᠠᠬᠢᠯᠭᠠᠨ ᠬᠠᠩᠭᠠᠬᠤ ᠺᠣᠮᠫᠠᠨᠢ ᠶᠢᠨ ᠴᠠᠬᠢᠯᠭᠠᠨ ᠬᠦᠴᠦᠨ ᠤ | ᠠᠵᠢᠯᠴᠢᠳ ᠶᠠᠭ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠨ ᠠᠳᠬᠤᠵᠤ᠂ ᠴᠠᠬᠢᠯᠭᠠᠨ ᠬᠦᠴᠦᠨ ᠤ ᠪᠡᠯᠡᠳᠬᠡᠮᠵᠢ ᠶᠢ ᠤᠭᠰᠠᠷᠠᠬᠤ᠂ ᠲᠠᠲᠠᠬᠤ᠂ ᠲᠣᠬᠢᠷᠠᠭᠤᠯᠤᠨ | ᠲᠤᠷᠰᠢᠬᠤ ᠠᠵᠢᠯ ᠢ ᠬᠢᠵᠦ᠂ ᠲᠥᠷᠥᠯ ᠵᠣᠶᠢᠯ ᠢ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠵᠤ ᠪᠠᠶᠢᠯ᠎ᠠ᠃ | ᠣᠶᠢᠯᠠᠭᠠᠭᠰᠠᠨ ᠢᠶᠠᠷ᠂ ᠬᠥᠳᠡᠭᠡ ᠲᠣᠰᠬᠤᠨ ᠤ ᠴᠠᠬᠢᠯᠭᠠᠨ ᠲᠤᠤᠷ ᠤᠨ ᠲᠥᠷᠥᠯ ᠵᠣᠶᠢᠯ ᠢ ᠬᠡᠷᠡᠭᠵᠢᠭᠦᠯᠬᠦ ᠪᠣᠯ ︽ᠬᠠᠶᠢᠷ᠎ᠠ ᠬᠠᠯᠠᠮᠵᠢ ᠶᠢᠨ | ᠢᠨᠵᠧᠨᠧᠷᠢᠩ︾ ᠤᠨ ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠪᠣᠳᠠᠲᠠᠶ ᠦᠢᠯᠡᠳᠦᠯᠭᠡ ᠶᠢᠨ ᠲᠥᠷᠥᠯ ᠵᠣᠶᠢᠯ ᠪᠣᠯᠤᠨ᠎ᠠ᠃ ᠶᠡᠷᠦᠩᠬᠡᠶ ᠪᠡᠯᠡ ᠣᠷᠣᠭᠤᠯᠤᠯᠲᠠ | ᠨᠢ 5700 ᠲᠦᠮᠡᠨ ᠲᠦᠭᠦᠷᠢᠭ ᠪᠠᠶᠢᠵᠤ᠂ ᠥᠨᠳᠥᠷ ᠪᠠ ᠲᠤᠤᠷ᠎ᠠ ᠬᠦᠴᠦᠳᠡᠯᠲᠦ ᠴᠠᠬᠢᠯᠭᠠᠨ ᠱᠤᠭᠤᠮ ᠢ ᠰᠢᠨ᠎ᠡ ᠪᠠᠷ ᠪᠣᠶᠤ ᠥᠭᠡᠷᠡᠴᠢᠯᠡᠨ ᠪᠠᠶᠢᠭᠤᠯᠬᠤ | ᠲᠦᠯᠦᠪᠯᠡᠭᠡ ᠨᠢ 170 ᠺᠢᠯᠤᠮᠧᠲᠷ ᠪᠠᠶᠢᠵᠣ᠂ ᠣᠳᠣ ᠨᠢᠭᠡᠨᠲᠡ ᠰᠢᠨ᠎ᠡ ᠪᠠᠷ15 ᠺᠢᠯᠤᠮᠧᠲᠷ ᠱᠤᠭᠤᠮ ᠲᠠᠳᠠᠵᠤ᠂ 3 ᠬᠦᠴᠦᠳᠡᠯ ᠥᠭᠡᠷᠡᠴᠢᠯᠡᠭᠴᠢ ᠤᠷᠤᠭᠤᠯᠵᠠᠢ᠂ | ᠵᠢᠱᠢᠯᠲᠡ ᠪᠠᠷ 12 ᠳ᠋ᠤᠭᠠᠷ ᠰᠠᠷ᠎ᠠ ᠶᠢᠨ ᠳᠤᠮᠳᠠᠴᠢ ᠪᠠᠷ ᠡᠭᠦᠷᠭᠡ ᠪᠠᠨ ᠪᠡᠶᠡᠯᠡᠭᠦᠯᠬᠦ ᠪᠣᠯᠤᠨ᠎ᠠ᠃ | ᠡᠭᠦᠨ ᠤ ᠬᠠᠮᠲᠤ᠂ ᠬᠤᠨᠢᠴᠢᠡᠭᠤᠤᠯ ᠪᠠᠯᠭᠠᠰᠤᠨ ᠤ ᠵᠣᠨ ᠤ ᠤᠯᠠᠷᠢᠯ ᠤᠨ ᠲᠠᠷᠢᠶᠠᠯᠠᠩ ᠤᠨ ᠤᠰᠤᠯᠠᠯᠲᠠ ᠶᠢᠨ ᠳᠠᠭᠠᠭᠠᠴᠠ ᠲᠦᠷᠭᠡᠨ ᠨᠡᠮᠡᠭᠳᠡᠬᠦ ᠠᠰᠠᠭᠤᠳᠠᠯ ᠢ | ᠪᠦᠲᠦᠮᠵᠢᠲᠡᠶ ᠨᠠᠮᠳᠠᠭᠤᠯᠬᠤ ᠶᠢᠨ ᠲᠥᠯᠥᠭᠡ᠂ ᠴᠠᠬᠢᠯᠭᠠᠨ ᠬᠠᠩᠭᠠᠬᠤ ᠺᠣᠮᠫᠠᠨᠢ ᠲᠤᠤᠷ ᠲᠣᠬᠢᠷᠠᠭᠤᠯᠬᠤ ᠪᠠᠴᠢᠮ ᠪᠠᠶᠢᠳᠠᠯ ᠢ ᠠᠷᠭᠠᠴᠠᠬᠤ ᠢᠨᠵᠧᠨᠧᠷᠢᠩ ᠢ ᠢᠳᠡᠪᠬᠢᠲᠡᠶ | ᠲᠡᠮᠡᠴᠡᠨ ᠣᠯᠵᠤ᠂ 360 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠦᠦᠰᠢᠨ ᠬᠤᠰᠢᠭᠤᠨ ᠤ ᠬᠤᠯᠪᠤᠭᠠᠯᠵᠢ ᠬᠦᠴᠦᠳᠡᠯ ᠥᠭᠡᠷᠡᠴᠢᠯᠡᠬᠦ ᠥᠷᠲᠡᠭᠡ ᠠᠴᠠ | ᠬᠤᠶᠠᠷ ᠵᠤᠷᠪᠤᠰ 10 ᠺᠢᠯᠤᠸᠤᠯᠲ ᠤᠨ ᠴᠠᠬᠢᠯᠭᠠᠨ ᠱᠤᠭᠤᠮ ᠲᠠᠳᠠᠵᠤ᠂ ᠬᠤᠨᠢᠴᠢᠡᠭᠤᠤᠯ ᠣᠷᠣᠨ ᠤ ᠬᠡᠲᠦ ᠳᠠᠭᠠᠭᠠᠴᠠ ᠶᠢᠨ ᠱᠤᠭᠤᠮ ᠢ ᠥᠭᠡᠷᠡᠴᠢᠯᠡᠨ ᠵᠠᠰᠠᠵᠤ᠂ | ᠵᠣᠨ ᠤ ᠤᠯᠠᠷᠢᠯ ᠤᠨ ᠴᠠᠬᠢᠯᠭᠠᠨ ᠬᠡᠷᠡᠭᠯᠡᠬᠦ ᠳᠠᠷᠤᠯᠲᠠ ᠶᠢ ᠨᠠᠮᠳᠠᠭᠤᠯᠬᠤ ᠪᠠᠷ ᠪᠠᠶᠢᠨ᠎ᠠ ᠂ ᠣᠳᠣᠬᠠᠨ ᠳᠤ᠂ ᠲᠣᠰ ᠲᠥᠷᠥᠯ ᠵᠣᠶᠢᠯ ᠢ ᠨᠢᠭᠡᠨᠲᠡ 80 % ᠪᠠᠷ | ᠳᠠᠭᠤᠰᠬᠠᠵᠤ᠂ ᠵᠢᠱᠢᠯᠲᠡ ᠪᠠᠷ 4 ᠳ᠋ᠤᠭᠡᠷ ᠰᠠᠷ᠎ᠠ ᠶᠢᠨ ᠡᠬᠢ ᠪᠠᠷ ᠰᠢᠯᠭᠠᠨ ᠬᠤᠷᠢᠶᠠᠵᠤ ᠴᠠᠬᠢᠯᠭᠠᠨ ᠬᠦᠷᠭᠡᠬᠦ ᠠᠵᠢᠯ ᠢ ᠳᠠᠭᠤᠰᠬᠠᠬᠤ ᠪᠣᠯᠤᠨ᠎ᠠ᠃ | |