ᠡᠵᠡᠨ ᠬᠤᠷᠤᠭ᠎ᠠ ᠪᠠᠯᠭᠠᠰᠤ ᠤᠯᠠᠮᠵᠢᠯᠠᠯᠳᠤ ᠭᠠᠷ ᠤᠷᠠᠯᠠᠯ ᠤᠨ ᠦᠢᠯᠡᠰ ᠢ ᠬᠦᠭᠵᠢᠬᠦᠯᠵᠤ ᠪᠤᠢ
ᠨᠡᠶᠢᠲᠡᠯᠡᠭᠰᠡᠨ ᠴᠠᠭ᠄
2024/1/5
      ᠦᠢᠷ᠎ᠠ ᠶᠢᠨ ᠵᠢᠯ ᠳᠤ᠂ ᠤᠯᠡᠨ ᠳᠦᠮᠡᠨ ᠤ ᠤᠷᠤᠯᠭ᠎ᠠ ᠶᠢ ᠨᠡᠮᠡᠭᠳᠡᠭᠦᠯᠤᠨ᠂ ᠠᠮᠢᠳᠤᠷᠠᠯ ᠤᠨ ᠬᠢᠷᠢ ᠲᠦᠪᠰᠢᠨ ᠢ ᠨᠢ ᠳᠡᠭᠡᠭᠰᠢᠯᠡᠬᠦᠯᠬᠦ ᠡᠭᠦᠳᠡᠨ ᠠᠴᠠ ᠪᠤᠳᠤᠯᠬᠢᠯᠠᠵᠤ᠂ ᠡᠵᠡᠨ ᠬᠤᠷᠤᠭ᠎ᠠ ᠪᠠᠯᠭᠠᠰᠤ ᠤᠯᠠᠮᠵᠢᠯᠠᠯᠳᠤ ᠭᠠᠷ ᠤᠷᠠᠯᠠᠯ ᠤᠨ ᠦᠢᠯᠡᠰ ᠢ ᠤᠯᠠᠮ ᠨᠢᠭᠡ ᠠᠯᠬᠤᠮ ᠬᠦᠭᠵᠢᠭᠦᠯᠵᠤ ᠪᠠᠶᠢᠨ᠎ᠠ᠃       ᠡᠵᠡᠨ ᠬᠤᠷᠤᠭ᠎ᠠ ᠪᠠᠯᠭᠠᠰᠤᠨ ᠤ ᠪᠤᠯᠠᠭ ᠨᠡᠶᠢᠭᠡᠮ ᠲᠤᠭᠤᠷᠢᠭ ᠤᠨ ᠤᠷᠡᠨ ᠪᠦᠰᠡᠭᠦᠢ ᠲᠤᠯᠤᠭᠠᠢ ᠶᠢᠨ ᠵᠠᠰᠠᠯ ᠴᠢᠮᠡᠭᠯᠡᠯ ᠤᠨ ᠠᠵᠢᠯᠯᠠᠬᠤ ᠦᠷᠦᠭᠡ ᠪᠤᠯ ᠨᠡᠶᠢᠭᠡᠮ ᠲᠤᠭᠤᠷᠢᠭ ᠠᠴᠠ ᠪᠠᠶᠢᠭᠤᠯᠤᠬᠰᠡᠨ ᠭᠠᠷ ᠤᠷᠠᠯᠠᠯ ᠤᠨ ᠥᠷᠦᠭᠡ ᠪᠤᠯᠤᠨ᠎ᠠ᠃ ᠲᠤᠰ ᠠᠵᠢᠯᠯᠠᠬᠤ ᠦᠷᠦᠭᠡ ᠶᠢ 2022 ᠤᠨ ᠤ 3 ᠰᠠᠷ᠎ᠠ ᠳᠤ ᠡᠭᠦᠰᠭᠡᠨ ᠪᠠᠶᠢᠭᠤᠯᠵᠤ᠂  ᠬᠤᠷᠢᠭᠠᠳ ᠲᠡᠭᠰᠢ ᠲᠦᠷᠪᠡᠯᠵᠢᠨ ᠮᠧᠲᠷ ᠲᠠᠯᠠᠪᠠᠢ ᠲᠠᠢ᠂ 12 ᠭᠡᠰᠢᠭᠦᠨ ᠲᠠᠢ᠃  ᠭᠡᠰᠢᠭᠦᠳ ᠨᠢ  ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠢᠴᠢ ᠵᠡᠭᠦᠭᠡ ᠳᠠᠷᠤᠭᠤᠯᠭ᠎ᠠ ᠶᠢᠨ ᠭᠠᠷ ᠤᠷᠠᠯᠠᠯ ᠳᠤ ᠲᠤᠷ᠎ᠠ ᠪᠠᠭ᠋ᠠᠳᠠᠢ ᠬᠦᠮᠤᠰ ᠪᠤᠢ᠃ ᠲᠤᠰ ᠠᠵᠢᠯᠠᠬᠤ ᠦᠷᠦᠭᠡ ᠨᠢ ᠭᠤᠤᠯᠳᠠᠭᠤ ᠤᠷᠳᠤᠰ ᠬᠤᠳᠠ ᠶᠢᠨ ᠪᠤᠳᠠᠰ ᠎ ᠤᠨ ᠪᠤᠰᠤ ᠰᠤᠶᠤᠯ ᠤᠨ ᠦᠪ ᠪᠤᠯᠬᠤ ᠤᠷᠳᠤᠰ ᠲᠠᠷᠤᠭᠤᠯᠭ᠎ᠠ ᠶᠢ  ᠤᠷᠠᠯᠠᠨ ᠤᠶᠤᠬᠤ ᠪᠠᠷ ᠭᠤᠤᠯ ᠪᠤᠯᠭᠠᠵᠠᠢ᠃ ᠠᠵᠢᠯᠯᠠᠬᠤ ᠦᠷᠦᠭᠡ ᠶᠢᠨ ᠭᠡᠰᠢᠭᠦᠨ ᠪᠤᠯᠬᠤ ᠪᠤᠯᠠᠭ ᠭᠠᠴᠠᠭᠠᠨ ᠤ ᠮᠠᠯᠴᠢᠨ ᠲᠠᠨ᠎ᠠ ᠰᠤᠷᠪᠤᠯᠵᠢᠯᠠᠭ᠎ᠠ ᠬᠦᠯᠢᠶᠡᠵᠤ ᠬᠡᠯᠡᠬᠦ ᠳᠡᠭᠡᠨ᠄ ︽ᠪᠢ ᠵᠤᠨ ᠳᠠᠭᠠᠨ ᠵᠤᠭᠠᠴᠠᠯ ᠤᠨ ᠭᠠᠵᠠᠷ ᠰᠤᠯᠠ ᠠᠵᠢᠯ ᠬᠢᠵᠤ᠂ ᠡᠪᠤᠯ ᠎ ᠳᠡᠭᠡᠨ ᠵᠡᠬᠦᠬᠡ ᠲᠠᠷᠤᠭᠤᠯᠭ᠎ᠠ᠂ ᠬᠠᠳᠬᠤᠮᠠᠯ ᠤᠷᠠᠯᠠᠯ ᠬᠢᠳᠡᠭ᠃ ᠤᠷᠡᠨ ᠪᠦᠰᠡᠭᠦᠢ ᠲᠤᠯᠤᠭᠠᠢ ᠶᠢᠨ ᠵᠠᠰᠠᠯ ᠴᠢᠮᠡᠭᠯᠡᠯ ᠤᠨ ᠠᠵᠢᠯᠠᠬᠤ ᠦᠷᠦᠭᠡᠨ ᠳᠤ ᠦᠷᠭᠦᠯᠵᠢ  ᠢᠷᠡᠵᠤ ᠵᠡᠬᠦᠬᠡ ᠲᠠᠷᠤᠭᠤᠯᠭ᠎ᠠ ᠬᠢᠬᠦ  ᠤᠷ᠎ᠠ ᠮᠡᠷᠭᠡᠵᠢᠯ ᠢ ᠤᠯᠡᠨ ᠰᠤᠷᠴᠤ ᠠᠪᠤᠯ᠎ᠠ᠃  ᠰᠡᠭᠦᠯᠡᠷ  ᠦᠪᠡᠷ ᠤᠨ ᠪᠦᠳᠦᠬᠡᠯ ᠢᠶᠠᠨ ᠭᠠᠳᠠᠬᠰᠢ ᠪᠤᠷᠤᠯᠠᠭᠤᠯᠬᠤ ᠰᠠᠨᠠᠭ᠎ᠠ ᠎ ᠲᠠᠢ︾  ᠭᠡᠵᠤ ᠪᠠᠶᠢᠯ᠎ᠠ᠃
1.jpg
 
ᠢᠷᠡᠯᠲᠡ᠄ ᠤᠷᠳᠤᠰ ᠬᠤᠳᠠ ᠶᠢᠨ ᠬᠠᠮ ᠵᠠᠭᠤᠴᠢᠯᠠᠭᠤᠷ ᠤᠨ ᠲᠦᠪ