ᠰᠢ ᠶᠢᠨ ᠫᠢᠩ ᠠᠨᠾᠦ᠋ᠢ ᠳᠤ ᠰᠢᠨᠵᠢᠯᠡᠨ ᠪᠠᠶᠢᠴᠠᠭᠠᠵᠤ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/10/21
     17᠎ ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠶ ᠱᠦᠵᠢ ᠰᠢ ᠶᠢᠨ ᠫᠢᠩ ᠠᠨᠾᠦ᠋ᠢ ᠮᠤᠵᠢ ᠶᠢᠨ ᠠᠨᠴᠢᠩ ᠬᠤᠲᠠ᠂ ᠾᠧᠹᠸᠢ ᠬᠤᠲᠠ ᠳᠤ ᠬᠦᠷᠴᠦ ᠤᠷᠢᠳ ᠬᠤᠵᠢᠳ ᠲᠦᠩᠴᠧᠩ ᠬᠤᠲᠠ ᠶᠢᠨ ᠯᠢᠦ ᡂᠢ ᠭᠤᠳᠤᠮᠵᠢ ᠪᠣᠯᠤᠨ ᠾᠧᠹᠧᠢ ᠶᠢᠨ ᠪᠢᠨ ᠬᠤ᠋ ᠰᠢᠨᠵᠢᠯᠡᠬᠦ ᠤᠬᠠᠭᠠᠨ ᠤ ᠬᠤᠲᠠ ᠶᠢ ᠰᠢᠨᠵᠢᠯᠡᠨ ᠪᠠᠶᠢᠴᠠᠭᠠᠵᠤ ᠂ ᠲᠤᠬᠠᠶ ᠶᠢᠨ ᠭᠠᠵᠠᠷ ᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠤᠭᠰᠠᠨ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠭᠰᠠᠨ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠲᠣᠭᠲᠠᠴᠠ ᠶᠢᠨ ᠰᠢᠨ᠎ᠡ ᠡᠭᠦᠳᠦᠯᠲᠡ ᠶᠢ ᠠᠬᠢᠭᠤᠯᠤᠭᠰᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠᠨ ᠲᠦᠷᠭᠡᠳᠬᠡᠭᠰᠡᠨ ᠵᠡᠷᠭᠡ ᠪᠠᠶᠢᠳᠠᠯ ᠢ ᠣᠶᠢᠯᠠᠭᠠᠪᠠ᠃
     
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ