ᠰᠢ ᠶᠢᠨ ᠫᠢᠩ ᠳᠤᠮᠳᠠᠳᠤ ᠤᠯᠤᠰ ᠤᠨ ᠡᠬᠢ ᠪᠠᠶᠠᠯᠢᠭ ᠤᠨ ᠡᠷᠭᠢᠯᠲᠡ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢ ᠪᠠᠶᠢᠭᠤᠯᠬᠤ ᠲᠤᠬᠠᠢ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠪᠦᠭᠦ ᠤᠯᠤᠰ ᠤᠨ ᠴᠢᠨᠠᠷᠲᠠᠢ ᠴᠢᠳᠠᠮᠵᠢ ᠶᠢᠨ ᠴᠢᠨᠠᠷᠲᠠᠢ ᠡᠬᠢ ᠪᠠᠶᠠᠯᠢᠭ ᠢ ᠡᠭᠡᠭᠦᠯᠦᠨ ᠬᠤᠷᠢᠶᠠᠵᠤ ᠳᠠᠭᠢᠨ ᠠᠰᠢᠭᠯᠠᠬᠤ ᠲᠠᠪᠴᠠᠩ ᠢ ᠪᠠᠶᠢᠭᠤᠯᠵᠤ ᠤᠯᠤᠰ ᠠᠷᠠᠳ ᠤᠨ ᠠᠵᠤ ᠠᠬᠤᠢ ᠶᠢᠨ ᠡᠷᠭᠢᠯᠲᠡ ᠶᠢᠨ ᠶᠠᠰᠤ ᠴᠢᠨᠠᠷ ᠪᠠ ᠲᠦᠪᠰᠢᠨ ᠤ ᠦᠷᠭᠦᠯᠵᠢᠯᠡᠨ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/10/21
      ᠯᠢ ᠴᠢᠶᠠᠩ ᠴᠣᠬᠤᠯᠠᠪᠤᠷᠢ ᠥᠭᠴᠡᠢ    ᠰᠢᠨᠬᠤᠸᠠ ᠬᠤᠷᠢᠶ᠎ᠠ ᠶᠢᠨ ᠲᠢᠶᠠᠨᠵᠢᠨ ᠤ 10 ᠰᠠᠷ᠎ᠠ ᠶᠢᠨ 18᠎ ᠤ ᠴᠠᠭᠢᠯᠭᠠᠨ ᠮᠡᠳᠡᠭᠡ  ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠳᠤᠮᠳᠠᠳᠤ ᠤᠯᠤᠰ ᠤᠨ ᠡᠬᠢ ᠪᠠᠶᠠᠯᠢᠭ ᠤᠨ ᠡᠷᠭᠢᠯᠲᠡ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢ ᠪᠠᠶᠢᠭᠤᠯᠬᠤ ᠲᠤᠬᠠᠢ ᠴᠢᠬᠤᠯᠠ ᠵᠢᠭᠠᠪᠤᠷᠢ ᠥᠭᠴᠦ᠂ ᠳᠤᠮᠳᠠᠳᠤ ᠤᠯᠤᠰ ᠤᠨ ᠡᠬᠢ ᠪᠠᠶᠠᠯᠢᠭ ᠤᠨ ᠡᠷᠭᠢᠯᠲᠡ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ ᠠᠴᠠ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ ᠬᠥᠭᠵᠢᠯᠲᠡ ᠶᠢᠨ ᠠᠵᠤ ᠠᠬᠤᠢ ᠶᠢᠨ ᠰᠢᠰᠲ᠋ᠧᠮ ᠢ ᠪᠦᠷᠢᠨᠰᠢᠭᠦᠯᠬᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠠᠩᠬᠠᠷᠤᠯ ᠢᠶᠠᠨ ᠬᠠᠨᠳᠤᠭᠤᠯᠵᠤ ᠭᠠᠷᠭᠠᠭᠰᠠᠨ ᠴᠢᠬᠤᠯᠠ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠮᠥᠨ᠃ ᠳᠤᠮᠳᠠᠳᠤ ᠤᠯᠤᠰ ᠤᠨ ᠡᠬᠢ ᠪᠠᠶᠠᠯᠢᠭ ᠤᠨ ᠡᠷᠭᠢᠯᠲᠡ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠨᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠤᠨ᠂ ᠪᠦᠭᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠡᠷᠭᠢᠯᠳᠦᠭᠦᠯᠦᠨ ᠠᠰᠢᠭᠯᠠᠬᠤ᠂ ᠬᠠᠶᠠᠭᠳᠠᠮᠠᠯ ᠪᠣᠳᠠᠰ ᠢ ᠡᠷᠳᠡᠨᠢ ᠪᠤᠯᠭᠠᠬᠤ ᠶᠢ ᠪᠠᠷᠢᠮᠲᠠᠯᠠᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ᠂ ᠨᠡᠭᠡᠭᠡᠯᠲᠡ ᠬᠢᠵᠦ ᠬᠠᠮᠲᠤᠷᠠᠯᠴᠠᠬᠤ ᠶᠢ ᠪᠠᠷᠢᠮᠲᠠᠯᠠᠵᠤ᠂ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠬᠡᠯᠬᠢᠶ᠎ᠡ ᠶᠢ ᠰᠢᠯᠤᠭᠤᠳᠬᠠᠬᠤ ᠪᠠᠷ ᠬᠦᠴᠦᠯᠡᠨ ᠴᠢᠷᠮᠠᠶᠢᠵᠤ᠂ ᠪᠦᠭᠦ ᠤᠯᠤᠰ ᠤᠨ ᠴᠢᠨᠠᠷᠲᠠᠢ᠂ ᠴᠢᠳᠠᠮᠵᠢ ᠶᠢᠨ ᠴᠢᠨᠠᠷᠲᠠᠢ ᠡᠬᠢ ᠪᠠᠶᠠᠯᠢᠭ ᠢ ᠡᠭᠡᠭᠦᠯᠦᠨ ᠬᠤᠷᠢᠶᠠᠵᠤ ᠳᠠᠭᠢᠨ ᠠᠰᠢᠭᠯᠠᠬᠤ ᠲᠠᠪᠴᠠᠩ ᠢ ᠪᠠᠶᠢᠭᠤᠯᠤᠨ᠂ ᠤᠯᠤᠰ ᠠᠷᠠᠳ ᠤᠨ ᠠᠵᠤ ᠠᠬᠤᠢ ᠶᠢᠨ ᠡᠷᠭᠢᠯᠲᠡ ᠶᠢᠨ ᠶᠠᠰᠤ ᠴᠢᠨᠠᠷ ᠪᠠ ᠲᠦᠪᠰᠢᠨ ᠤ ᠦᠷᠭᠦᠯᠵᠢᠯᠡᠨ ᠳᠡᠭᠡᠭᠰᠢᠯᠡᠬᠦ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ ᠥᠭᠴᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠯᠤᠰ ᠤᠨ ᠪᠠᠶᠢᠯᠳᠤᠬᠤ ᠪᠣᠳᠣᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠬᠢ ᠪᠠᠶᠠᠯᠢᠭ ᠢ ᠡᠭᠡᠭᠦᠯᠦᠨ ᠬᠤᠷᠢᠶᠠᠵᠤ ᠲᠠᠭᠢᠨ ᠠᠰᠢᠭᠯᠠᠬᠤ ᠤᠯᠠᠨ ᠲᠡᠰ ᠳᠠᠪᠬᠤᠷᠭ᠎ᠠ ᠶᠢᠨ᠂ ᠪᠣᠰᠤᠭ᠎ᠠ ᠴᠣᠭᠴᠠᠲᠤ᠂ ᠥᠨᠳᠥᠷ ᠪᠦᠲᠦᠮᠵᠢᠲᠡᠢ ᠰᠢᠰᠲ᠋ᠧᠮ ᠢ ᠪᠠᠶᠢᠭᠤᠯᠵᠤ᠂ ᠰᠢᠨ᠎ᠡ ᠨᠢᠭᠡ ᠡᠭᠡᠯᠵᠢ ᠶᠢᠨ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠴᠢᠯᠡᠬᠦ ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠳᠡᠯᠡᠬᠡᠢ ᠶᠢᠨ ᠲᠡᠷᠢᠭᠦᠨ ᠤ ᠡᠬᠢ ᠪᠠᠶᠠᠯᠢᠭ ᠢ ᠡᠷᠭᠢᠯᠳᠦᠭᠦᠯᠦᠨ ᠲᠠᠭᠢᠨ ᠠᠰᠢᠭᠯᠠᠬᠤ ᠠᠵᠤ ᠦᠢᠯᠡᠰ ᠤᠨ ᠪᠦᠯᠦᠭᠯᠡᠯ ᠢ ᠪᠠᠶᠢᠭᠤᠯᠵᠤ᠂ ᠤᠯᠤᠰ ᠤᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃    ᠳᠤᠮᠳᠠᠳᠤ ᠤᠯᠤᠰ ᠤᠨ ᠡᠬᠢ ᠪᠠᠶᠠᠯᠢᠭ ᠤᠨ ᠡᠷᠭᠢᠯᠲᠡ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠪᠠᠶᠢᠭᠤᠯᠤᠭᠳᠠᠬᠤ ᠶᠡᠭᠡ ᠬᠤᠷᠠᠯ 18᠎ ᠤ ᠦᠳᠡ ᠶᠢᠨ ᠡᠮᠦᠨ᠎ᠡ ᠲᠢᠶᠠᠨᠵᠢᠨ ᠳᠤ ᠶᠠᠪᠤᠭᠳᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠵᠠᠩ ᠭᠦᠸᠧ ᠴᠢᠩ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠯᠢ ᠴᠢᠶᠠᠩ ᠤᠨ ᠴᠣᠬᠤᠯᠠᠪᠤᠷᠢ ᠶᠢ ᠤᠯᠠᠮᠵᠢᠯᠠᠭᠰᠠᠨ ᠪᠥᠭᠡᠳ ᠶᠠᠷᠢᠶ᠎ᠠ ᠲᠠᠯᠪᠢᠵᠠᠢ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠰᠠᠶᠢᠳ ᠯᠢ ᠴᠢᠶᠠᠩ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠬᠦ ᠶᠢ ᠪᠠᠷᠢᠮᠲᠠᠯᠠᠵᠤ᠂ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠨ᠂ ᠮᠡᠷᠭᠡᠵᠢᠯ ᠤᠨ ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠪᠠ ᠬᠤᠳᠠᠯᠳᠤᠭᠠᠨ ᠤ ᠵᠠᠭᠪᠤᠷ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠬᠡᠯᠬᠢᠶ᠎ᠡ ᠶᠢ ᠰᠢᠯᠤᠭᠤᠳᠬᠠᠬᠤ ᠪᠠᠷ ᠬᠦᠴᠦᠯᠡᠨ ᠴᠢᠷᠮᠠᠶᠢᠵᠤ᠂ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠲᠦᠪᠰᠢᠨ ᠢ ᠳᠡᠭᠡᠭᠰᠢᠯᠡᠭᠦᠯᠦᠨ᠂ ︽ᠤᠯᠤᠰ ᠤᠨ ᠠᠩᠭᠢ︾᠎ ᠶᠢᠨ ᠳᠠᠭᠠᠭᠤᠯᠤᠭᠴᠢ ᠶᠢᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠮᠠᠨ ᠤ ᠤᠯᠤᠰ ᠤᠨ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠢᠯᠡᠷᠬᠡᠶᠢᠯᠡᠪᠡ᠃    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠢᠶᠠᠨᠵᠢᠨ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠴᠧᠨ ᠮᠢᠨ ᠡᠯ ᠪᠠᠶᠢᠭᠤᠯᠤᠭᠳᠠᠬᠤ ᠶᠡᠭᠡ ᠬᠤᠷᠠᠯ ᠳᠤ ᠣᠷᠣᠯᠴᠠᠪᠠ᠃ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠲᠢᠶᠠᠨᠵᠢᠨ ᠬᠤᠳᠠ᠂ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ ᠠᠵᠤ ᠠᠬᠤᠶᠢᠯᠠᠯ᠂ ᠠᠵᠢᠯ ᠲᠦᠷᠦᠯ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠨᠥᠬᠦᠳ ᠶᠡᠭᠡ ᠬᠤᠷᠠᠯ ᠳᠤ ᠣᠷᠣᠯᠴᠠᠵᠠᠢ᠃     
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ