ᠰᠢᠷᠦᠭᠦᠨ ᠪᠣᠷᠣᠭᠠᠨ ᠣᠷᠣᠵᠤ ᠦᠶᠡᠷ ᠪᠠᠭᠤᠭᠰᠠᠨ ᠤ ᠲᠠᠷᠠᠭ᠎ᠠ ᠳᠣᠣᠷᠠᠬᠢ ᠵᠦᠢᠯ ᠢ ᠠᠩᠬᠠᠷᠬᠤ ᠬᠡᠷᠡᠭᠲᠡᠢ᠃ | ᠨᠢᠭᠡ᠂ ᠭᠠᠵᠠᠷ ᠰᠢᠨᠵᠢᠯᠡᠭᠡᠨ ᠤ ᠭᠠᠢ ᠭᠠᠮᠰᠢᠭ ᠢ ᠰᠡᠷᠭᠡᠶᠢᠯᠡᠬᠦ ᠬᠡᠷᠡᠭᠲᠡᠢ᠃ ᠰᠢᠪᠠᠷ ᠴᠢᠯᠠᠭᠤᠨ ᠤ ᠤᠷᠤᠰᠬᠠᠯ᠂ ᠭᠤᠯᠭᠤᠭ᠎ᠠ ᠪᠠᠯ ᠤᠨ ᠨᠤᠷᠠᠯᠲᠠ ᠵᠡᠷᠭᠡ ᠶᠢᠨ | ᠡᠭᠦᠰᠬᠦ ᠴᠠᠭ ᠨᠢ ᠣᠬᠤᠷ᠂ ᠭᠡᠨᠡᠳᠲᠡ ᠶᠢᠨ ᠴᠢᠨᠠᠷ ᠪᠠ ᠡᠪᠳᠡᠯᠭᠡ ᠶᠢᠨ ᠴᠢᠨᠠᠷ ᠢᠶᠠᠷ ᠴᠢᠩᠭ᠎ᠠ ᠪᠠᠶᠢᠳᠠᠭ᠃ | ᠬᠤᠶᠠᠷ᠂ ᠢᠳᠡᠭᠡᠨ ᠳᠤ ᠬᠤᠣᠷᠳᠠᠭᠳᠠᠬᠤ ᠠᠴᠠ ᠰᠡᠷᠭᠡᠶᠢᠯᠡᠬᠦ ᠬᠡᠷᠡᠭᠲᠡᠢ᠃ ᠦᠶᠡᠷ ᠤᠨ ᠳᠠᠷᠠᠭ᠎ᠠ᠂ ᠢᠳᠡᠭᠡᠨ ᠳᠤ ᠬᠤᠣᠷᠳᠠᠭᠳᠠᠬᠤ ᠨᠢ ᠤᠯᠠᠨ ᠨᠡᠶᠢᠲᠡ ᠶᠢᠨ | ᠠᠮᠤᠷ ᠲᠦᠪᠰᠢᠨ ᠢ ᠰᠦᠷᠳᠡᠭᠦᠯᠳᠡᠭ᠃ ᠢᠳᠡᠭᠡᠨ ᠤᠮᠳᠠᠭᠠᠨ ᠤ ᠠᠷᠢᠭᠤᠨ ᠴᠡᠪᠡᠷ ᠪᠣᠯᠣᠨ ᠠᠮᠤᠷ ᠲᠦᠪᠰᠢᠨ ᠢ ᠠᠩᠬᠠᠷᠴᠤ᠂ ᠢᠳᠡᠭᠡᠨ ᠠᠴᠠ ᠪᠣᠯᠤᠭᠰᠠᠨ | ᠡᠪᠡᠳᠴᠢᠨ ᠢ ᠰᠡᠷᠭᠡᠶᠢᠯᠡᠨ᠎ᠡ᠃ | ᠭᠤᠷᠪᠠ᠂ ᠦᠶᠡᠷ ᠤᠨ ᠳᠠᠷᠠᠭ᠎ᠠ ᠳᠡᠪᠲᠦᠵᠦ ᠥᠩᠭᠡᠷᠡᠭᠰᠡᠨ ᠭᠡᠷ ᠤᠨ ᠡᠳ᠋ᠯᠡᠯ ᠬᠡᠷᠡᠭᠰᠡᠯ ᠪᠤᠶᠤ ᠤᠮᠳᠠᠭᠠᠨ ᠤ ᠵᠦᠢᠯ ᠢᠯᠵᠠᠷᠠᠵᠤ ᠸᠠᠯᠠᠨ ᠡᠪᠡᠳᠴᠢᠨ ᠤ | ᠪᠡᠺᠲ᠋ᠧᠷᠢ ᠡᠭᠦᠰᠬᠡᠬᠦ ᠵᠡᠷᠭᠡ ᠠᠮᠤᠷ ᠲᠦᠪᠰᠢᠨ ᠤ ᠳᠠᠯᠳᠠ ᠬᠡᠮ ᠢ ᠣᠮᠲᠣᠭᠠᠶᠢᠯᠠᠵᠤ ᠪᠤᠯᠬᠤ ᠦᠭᠡᠢ᠃ | ᠳᠥᠷᠪᠡ᠂ ᠢᠯᠠᠭ᠎ᠠ ᠪᠠᠲᠠᠭᠠᠨ᠎ᠠ ᠶᠢᠨ ᠡᠪᠡᠳᠴᠢᠨ ᠬᠢᠵᠢᠭ ᠢ ᠰᠡᠷᠭᠡᠶᠢᠯᠡᠬᠦ ᠬᠡᠷᠡᠭᠲᠡᠢ᠃ ᠦᠶᠡᠷ ᠤᠨ ᠳᠠᠷᠠᠭ᠎ᠠ ᠢᠯᠠᠭ᠎ᠠ ᠪᠠᠲᠠᠭᠠᠨ᠎ᠠ ᠬᠤᠯᠤᠭᠠᠨ᠎ᠠ ᠵᠡᠷᠭᠡ ᠨᠢ | ᠶᠡᠭᠡ ᠬᠡᠮᠵᠢᠶ᠎ᠡ ᠪᠠᠷ ᠨᠡᠮᠡᠭᠳᠡᠵᠦ᠂ ᠤᠯᠠᠨ ᠵᠦᠢᠯ ᠤᠨ ᠡᠪᠡᠳᠴᠢᠨ ᠲᠠᠷᠬᠠᠭᠠᠳᠠᠭ᠃ | ᠲᠠᠪᠤ᠂ ᠲᠠᠷᠢᠮᠠᠯ ᠤᠨ ᠡᠪᠡᠳᠴᠢᠨ ᠢ ᠰᠡᠷᠭᠡᠶᠢᠯᠡᠬᠦ ᠬᠡᠷᠡᠭᠲᠡᠢ᠃ ᠦᠶᠡᠷ ᠤᠨ ᠳᠠᠷᠠᠭ᠎ᠠ᠂ ᠤᠷᠭᠤᠮᠠᠯ ᠤᠨ ᠬᠠᠲᠠᠩᠬᠢᠷᠠᠬᠤ ᠡᠪᠡᠳᠴᠢᠨ᠂ ᠴᠠᠭᠠᠨ ᠬᠥᠭᠡᠴᠦ ᠶᠢᠨ | ᠡᠪᠡᠳᠴᠢᠨ ᠵᠡᠷᠭᠡ ᠡᠬᠦᠰᠳᠡᠭ ᠪᠣᠯᠬᠤᠷ ᠦᠶᠡᠷ ᠤᠨ ᠳᠠᠷᠠᠭ᠎ᠠ ᠣᠷᠴᠢᠨ ᠲᠣᠭᠤᠷᠢᠨ ᠢᠶᠠᠨ ᠴᠠᠭ ᠲᠤᠬᠠᠢ ᠳᠤ ᠨᠢ ᠴᠡᠪᠡᠷᠯᠡᠬᠦ ᠬᠡᠷᠡᠭᠲᠡᠢ᠃ ᠵᠢᠷᠭᠤᠭ᠎ᠠ᠂ ᠭᠡᠷ ᠤᠨ | ᠲᠡᠵᠢᠭᠡᠪᠦᠷᠢ ᠶᠢᠨ ᠪᠣᠬᠢᠷᠳᠤᠯ ᠢ ᠰᠡᠷᠭᠡᠶᠢᠯᠡᠬᠦ ᠬᠡᠷᠡᠭᠲᠡᠢ᠃ ᠦᠶᠡᠷ ᠤᠨ ᠳᠠᠷᠠᠭ᠎ᠠ᠂ ᠠᠮᠢᠲᠠᠨ ᠤ ᠦᠬᠦᠳᠡᠯ ᠢ ᠴᠠᠭ ᠲᠤᠬᠠᠢ ᠳᠤ ᠨᠢ ᠪᠤᠯᠠᠬᠤ ᠪᠤᠶᠤ ᠰᠢᠲᠠᠭᠠᠵᠤ᠂ | ᠰᠠᠭᠤᠭ᠎ᠠ ᠭᠠᠵᠠᠷ ᠪᠠ ᠤᠰᠤᠨ ᠤ ᠡᠬᠢ ᠰᠤᠷᠪᠤᠯᠵᠢ ᠠᠴᠠ 50 ᠮᠧᠳ᠋ᠷ ᠤᠨ ᠬᠤᠯᠠ᠂ ᠬᠤᠶᠠᠷ ᠮᠧᠳ᠋ᠷ ᠣᠷᠴᠢᠮ ᠤᠨ ᠭᠦᠨ ᠨᠦᠬᠡ ᠮᠠᠯᠲᠠᠨ ᠪᠤᠯᠠᠵᠤ ᠳᠠᠷᠤᠨ᠎ᠠ᠃ | 2022 ᠣᠨ ᠤ ᠳᠡᠭᠡᠷ᠎ᠡ ᠬᠠᠭᠠᠰ ᠵᠢᠯ ᠳᠤ᠂ ᠪᠦᠬᠦ ᠤᠯᠤᠰ ᠲᠤ ᠨᠡᠶᠢᠲᠡ 18 ᠤᠳᠠᠭ᠎ᠠ ᠶᠢᠨ ᠣᠷᠣᠨ ᠪᠦᠰᠡ ᠶᠢᠨ ᠴᠢᠨᠠᠷᠲᠠᠢ ᠰᠢᠷᠦᠭᠦᠨ ᠪᠣᠷᠣᠭᠠᠨ | ᠣᠷᠣᠵᠤ᠂ ᠬᠤᠷ᠎ᠠ ᠲᠤᠨᠳᠠᠰᠤᠨ ᠤ ᠬᠡᠮᠵᠢᠶ᠎ᠡ 306 ᠮᠢᠯᠢᠮᠧᠳ᠋ᠷ ᠲᠤ ᠬᠦᠷᠴᠦ᠂ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 11% ᠪᠠᠷ ᠨᠡᠮᠡᠭᠳᠡᠵᠦ᠂ | ᠡᠮᠦᠨᠡᠲᠦ ᠣᠷᠣᠨ᠂ ᠬᠥᠬᠡᠮᠥ᠋ᠷᠡᠨ ᠤ ᠡᠮᠦᠨᠡᠲᠦ ᠣᠷᠣᠨ᠂ ᠪᠠᠷᠠᠭᠤᠨ ᠡᠮᠦᠨᠡᠲᠦ ᠣᠷᠣᠨ᠂ ᠵᠡᠭᠦᠨ ᠬᠤᠶᠢᠲᠤ ᠣᠷᠣᠨ ᠵᠡᠷᠭᠡ ᠭᠠᠵᠠᠷ ᠤᠨ ᠪᠣᠷᠣᠭᠠᠨ ᠤ ᠬᠡᠮᠵᠢᠶ᠎ᠡ ᠪᠠᠭ᠎ᠠ | ᠢᠯᠡᠭᠦᠦ ᠪᠠᠶᠢᠵᠤ᠂ ᠬᠠᠲᠤᠨ ᠭᠤᠣᠯ ᠬᠤᠸᠠᠶᠢᠾᠧ ᠭᠤᠣᠯ ᠤᠨ ᠪᠠᠷᠠᠭᠤᠨ ᠬᠡᠰᠡᠭ᠂ ᠤᠮᠠᠷᠠᠲᠤ ᠣᠷᠣᠨ ᠤ ᠪᠠᠷᠠᠭᠤᠨ ᠬᠡᠰᠡᠭ᠂ ᠪᠠᠷᠠᠭᠤᠨ ᠬᠤᠶᠢᠲᠤ ᠣᠷᠣᠨ ᠵᠡᠷᠭᠡ | ᠭᠠᠵᠠᠷ ᠤᠨ ᠪᠣᠷᠣᠭᠠᠨ ᠤ ᠬᠡᠮᠵᠢᠶ᠎ᠡ ᠨᠡᠯᠢᠶᠡᠳ ᠪᠠᠭ᠎ᠠ ᠪᠠᠶᠢᠪᠠ᠃ ᠡᠮᠦᠨᠡᠲᠦ ᠣᠷᠣᠨ ᠤ ᠦᠶᠡᠷ ᠠᠴᠠ ᠡᠮᠦᠨᠡᠬᠢ ᠬᠤᠭᠤᠴᠠᠭᠠᠨ ᠤ ᠪᠣᠷᠣᠭᠠᠨ ᠤ ᠬᠡᠮᠵᠢᠶ᠎ᠡ᠂ ᠨᠥᠯᠥᠭᠡᠯᠡᠬᠦ | ᠬᠡᠪᠴᠢᠶ᠎ᠡ ᠥᠷᠭᠡᠨ ᠪᠠᠶᠢᠵᠤ᠂ ᠦᠷᠬᠦᠯᠵᠢᠯᠡᠭᠰᠡᠨ ᠴᠠᠭ ᠨᠢ ᠤᠷᠲᠤ᠂ ᠭᠠᠮᠰᠢᠭ ᠤᠨ ᠬᠤᠬᠢᠷᠠᠯ ᠨᠢ ᠬᠦᠨᠳᠦ ᠪᠠᠶᠢᠪᠠ᠃ ᠪᠦᠬᠦ ᠤᠯᠤᠰ ᠲᠤ ᠨᠡᠶᠢᠲᠡ 21 ᠮᠤᠵᠢ ︵ | ᠣᠷᠣᠨ᠂ ᠬᠤᠲᠠ︶ ᠶᠢᠨ 426 ᠭᠤᠣᠯ ᠮᠥᠷᠡᠨ ᠳᠤ ᠰᠡᠷᠡᠮᠵᠢᠯᠡᠬᠦᠯᠦᠯ ᠤᠨ ᠬᠡᠮᠵᠢᠶ᠎ᠡ ᠶᠢ ᠳᠠᠪᠠᠭᠰᠠᠨ ᠦᠶᠡᠷ ᠪᠠᠭᠤᠵᠠᠢ᠃ ᠶᠡᠷᠦᠩᠬᠡᠢ ᠳᠤ ᠨᠢ ᠠᠪᠴᠤ ᠦᠵᠡᠪᠡᠯ᠂ | ᠳᠡᠭᠡᠷ᠎ᠡ ᠬᠠᠭᠠᠰ ᠵᠢᠯ ᠳᠤ᠂ ᠦᠶᠡᠷ ᠤᠰᠤᠳᠠᠯ ᠤᠨ ᠭᠠᠮᠰᠢᠭ ᠲᠤ 2046 ᠲᠦᠮᠡᠨ ᠬᠥᠮᠥᠨ ᠤᠳᠠᠭ᠎ᠠ ᠭᠠᠮᠰᠢᠭᠳᠠᠵᠤ᠂ ᠭᠠᠮᠰᠢᠭ ᠠᠴᠠ ᠪᠣᠯᠵᠤ 39 ᠬᠥᠮᠥᠨ | ᠠᠳᠡᠵᠦ ᠰᠤᠷᠠᠭ ᠳᠠᠰᠤᠷᠠᠵᠤ᠂ 1.6 ᠲᠦᠮᠡᠨ ᠲᠠᠰᠤᠯᠭ᠎ᠠ ᠭᠡᠷ ᠪᠠᠶᠢᠰᠢᠩ ᠨᠤᠷᠠᠵᠤ᠂ ᠠᠵᠤ ᠠᠬᠤᠢ ᠶᠢᠨ ᠰᠢᠭᠤᠳ ᠬᠤᠬᠢᠷᠠᠯ 628 ᠳ᠋ᠦᠩᠰᠢᠭᠤᠷ ᠲᠥᠭᠦᠷᠢᠭ ᠲᠤ | ᠬᠦᠷᠦᠭᠰᠡᠨ ᠪᠠᠶᠢᠨ᠎ᠠ᠃ |