| | ᠰᠡᠳᠦᠪ ᠬᠠᠷᠢᠭᠤᠯᠪᠠᠯ ᠱᠠᠩᠨᠠᠯ ᠲᠠᠢ︕ | ᠲᠣᠰ ᠠᠵᠢᠯᠯᠠᠭ᠎ᠠ ᠶᠢ 9 ᠳ᠋ᠦ᠋ᠭᠡᠷ ᠰᠠᠷ᠎ᠠ ᠶᠢᠨ 21 ᠤ ᠡᠳᠦᠷ ︵ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠳᠦᠷ︶ ᠠᠴᠠ | ᠡᠬᠢᠯᠡᠭᠦᠯᠵᠦ᠂ ᠨᠢᠭᠡᠨᠲᠡ ᠬᠡᠳᠦᠨ ᠲᠦᠮᠡᠨ ᠰᠦᠯᠵᠢᠶᠡᠨ ᠤ ᠨᠠᠶᠢᠵᠠ ᠶᠢ ᠲᠠᠲᠠᠵᠤ ᠰᠦᠯᠵᠢᠶᠡᠨ ᠳᠡᠭᠡᠷ᠎ᠡ ᠰᠡᠳᠦᠪ ᠬᠠᠷᠢᠭᠤᠯᠤᠭᠤᠯᠤᠨ ᠱᠠᠩᠨᠠᠯ ᠰᠤᠭᠤᠯᠤᠭᠤᠯᠵᠤ᠂ | ᠨᠡᠶᠢᠲᠡ 100 ᠲᠥᠭᠦᠷᠢᠭ ᠤᠨ ᠥᠷᠲᠡᠭ ᠪᠥᠬᠦᠶ ᠭᠠᠷ ᠤᠲᠠᠰᠤᠨ ᠤ ᠰᠦᠢᠳᠬᠡᠯ᠂ 50 ᠲᠥᠭᠦᠷᠢᠭ ᠤᠨ ᠥᠷᠲᠡᠭ ᠪᠥᠬᠦᠶ ᠭᠠᠷ ᠤᠲᠠᠰᠤᠨ ᠤ ᠰᠦᠢᠳᠬᠡᠯ ᠪᠠ 5 | ᠲᠥᠭᠦᠷᠢᠭ᠂ 3 ᠲᠥᠭᠦᠷᠢᠭ᠂ 2 ᠲᠥᠭᠦᠷᠢᠭ ᠤᠨ ᠥᠷᠢᠰᠥᠯᠳᠦᠭᠡᠨ ᠤ ᠤᠯᠠᠭᠠᠨ ᠪᠠᠭᠯᠠᠭ᠎ᠠ ᠶᠢ ᠮᠢᠩᠭ᠎ᠠ ᠭᠠᠷᠤᠶ ᠬᠤᠪᠢ ᠲᠠᠷᠬᠠᠭᠠᠵᠤ᠂ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠠᠤᠯᠢ︾ ᠪᠠ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠴᠡᠷᠢᠭ ᠤᠨ ᠶᠠᠪᠤᠳᠠᠯ ᠤᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠶᠢ ᠬᠦᠴᠦᠲᠡᠶ ᠳᠥᠯᠭᠢᠨ ᠠᠬᠢᠭᠤᠯᠪᠠ᠃ | ᠳᠡᠭᠡᠷᠡᠬᠢ ᠮᠡᠷᠭᠡᠨ ᠴᠣᠬᠤᠷ ᠢ ᠰᠢᠷᠪᠢᠮᠡᠭᠴᠡ ᠰᠡᠳᠦᠪ ᠬᠠᠷᠢᠭᠤᠯᠬᠤ ᠪᠠᠷ ᠥᠷᠢᠰᠦᠯᠳᠦᠵᠦ ᠪᠣᠯᠣᠨ᠎ᠠ | ᠤᠷᠤᠯᠳᠤᠭᠠᠨ ᠳᠤ ᠤᠷᠤᠯᠴᠠᠬᠤ ᠲᠦᠷᠢᠮ | 1. ᠤᠷᠤᠯᠳᠤᠭᠠᠨ ᠳᠤ ᠣᠷᠣᠯᠴᠠᠭᠰᠠᠳ ᠰᠡᠳᠦᠪ ᠬᠠᠷᠢᠭᠤᠯᠬᠤ ᠪᠠᠷ ᠣᠷᠣᠯᠴᠠᠭᠰᠠᠨ ᠤ ᠳᠠᠷᠠᠭ᠎ᠠ᠂ ᠨᠡᠷ᠎ᠡ ᠣᠪᠣᠭ᠂ ᠭᠠᠷ ᠤᠲᠠᠰᠤᠨ ᠤ ᠨᠣᠮᠧᠷ ᠢᠶᠠᠨ ᠰᠢᠷᠪᠢᠵᠦ | ᠣᠷᠤᠭᠤᠯᠤᠮᠠᠭᠴᠠ ᠥᠷᠢᠰᠦᠯᠳᠦᠵᠦ ᠪᠣᠯᠣᠨ᠎ᠠ᠃ | 2. ᠰᠢᠰᠲ᠋ᠧᠮ ᠠᠴᠠ 10 ᠰᠡᠳᠦᠪ ᠢ ᠲᠠᠰᠢᠷᠠᠮ ᠢᠶᠠᠷ ᠰᠤᠭᠤᠴᠢᠨ ᠭᠠᠷᠭᠠᠨ ᠠᠰᠠᠭᠤᠵᠤ ᠬᠠᠷᠢᠭᠤᠯᠤᠭᠤᠯᠤᠨ᠂ 1 ᠰᠡᠳᠦᠪ ᠵᠥᠪ ᠬᠠᠷᠢᠭᠤᠯᠪᠠᠯ 10 ᠬᠤᠪᠢ | ᠲᠡᠮᠲᠡᠭᠯᠡᠵᠦ᠂ ᠪᠤᠷᠤᠭᠤ ᠬᠠᠷᠢᠭᠤᠯᠪᠠᠯ ᠬᠤᠪᠢ ᠬᠠᠰᠤᠬᠤ ᠦᠭᠡᠢ᠂ ᠰᠡᠳᠦᠪ ᠪᠦᠷᠢ ᠶᠢ ᠬᠠᠷᠢᠭᠤᠯᠤᠭᠰᠠᠨ ᠤ ᠳᠠᠷᠠᠭ᠎ᠠ ᠰᠢᠰᠲ᠋ᠧᠮ ᠠᠴᠠ ᠵᠥᠪ ᠡᠰᠡᠬᠦ ᠶᠢ ᠰᠢᠯᠭᠠᠨ᠎ᠠ᠂ | ᠰᠡᠳᠦᠪ ᠬᠠᠷᠢᠭᠤᠯᠬᠤ ᠳᠤ ᠴᠠᠭ ᠲᠡᠮᠳᠡᠭᠯᠡᠬᠦ ᠦᠭᠡᠢ᠃ | 3. ᠨᠢᠭᠡ ᠭᠠᠷ ᠤᠲᠠᠰᠤᠨ ᠤ ᠨᠣᠮᠧᠷ ᠡᠳᠦᠷ ᠪᠦᠷᠢ 5 ᠤᠳᠠᠭᠠᠨ ᠤ ᠰᠡᠳᠦᠪ ᠬᠠᠷᠢᠭᠤᠯᠬᠤ ᠵᠠᠪᠰᠢᠶᠠᠨ ᠲᠠᠢ ᠪᠠᠶᠢᠵᠤ᠂ ᠰᠢᠰᠲ᠋ᠧᠮ ᠠᠴᠠ ᠠᠶᠠᠨᠳᠠᠭᠠᠨ | ᠣᠯᠣᠭᠰᠠᠨ ᠬᠤᠪᠢ ᠶᠢ ᠲᠡᠮᠲᠡᠭᠯᠡᠵᠦ᠂ ᠤᠳᠠᠭ᠎ᠠ ᠪᠦᠷᠢ ᠶᠢᠨ ᠥᠷᠢᠰᠥᠯᠳᠦᠨ ᠬᠠᠷᠢᠭᠤᠯᠤᠭᠰᠠᠨ ᠬᠤᠪᠢ 80 ᠬᠤᠪᠢ ᠳᠤ ᠬᠦᠷᠪᠡᠯ 1 ᠤᠳᠠᠭᠠᠨ ᠤ ᠱᠠᠩᠨᠠᠯ | ᠰᠤᠭᠤᠯᠬᠤ ᠵᠠᠪᠰᠢᠶᠠᠨ ᠢ ᠣᠯᠭᠤᠨ᠎ᠠ᠃ ᠨᠠᠶᠢᠵᠠ ᠶᠢᠨ ᠲᠤᠭᠤᠷᠢᠭ ᠲᠤ ᠪᠠᠨ ᠳᠠᠮᠵᠢᠭᠤᠯᠪᠠᠯ ᠳᠠᠬᠢᠨ 1 ᠤᠳᠠᠭᠠᠨ ᠤ ᠱᠠᠩᠨᠠᠯ ᠰᠤᠭᠤᠯᠬᠤ ᠵᠠᠪᠰᠢᠶᠠᠨ ᠢ ᠣᠯᠭᠤᠨ᠎ᠠ᠃ | 4. ᠬᠤᠪᠢ ᠬᠥᠮᠦᠨ ᠤ ᠨᠡᠷᠡᠰ ᠤᠨ ᠵᠢᠭᠰᠠᠭᠠᠯᠲᠠ᠄ ᠰᠢᠰᠲ᠋ᠧᠮ ᠠᠴᠠ ᠡᠮᠦᠨ᠎ᠡ ᠵᠢᠭᠰᠠᠭᠠᠭᠳᠠᠭᠰᠠᠨ 100 ᠬᠥᠮᠦᠨ ᠤ ᠨᠡᠷᠡᠰ ᠤᠨ ᠵᠢᠭᠰᠠᠭᠠᠯᠲᠠ ᠶᠢ | ᠢᠯᠡᠷᠡᠭᠦᠯᠵᠦ᠂ ᠬᠡᠷᠪᠡ ᠬᠤᠪᠢ ᠨᠢ ᠠᠳᠠᠯᠢ ᠪᠣᠯ ᠰᠡᠳᠦᠪ ᠬᠠᠷᠢᠭᠤᠯᠬᠤ ᠳᠤ ᠬᠡᠷᠡᠭᠯᠡᠭᠰᠡᠨ ᠴᠠᠭ ᠢᠶᠠᠷ ᠨᠢ ᠵᠢᠭᠰᠠᠭᠠᠨ᠂ ᠰᠡᠳᠦᠪ ᠬᠠᠷᠢᠭᠤᠯᠬᠤ ᠳᠤ ᠬᠡᠷᠡᠭᠯᠡᠭᠰᠡᠨ ᠴᠠᠭ ᠨᠢ | ᠣᠬᠤᠷ ᠪᠠᠶᠢᠪᠠᠯ ᠲᠡᠷᠡ ᠬᠦᠮᠦᠨ ᠤ ᠨᠡᠷᠡᠰ ᠤᠨ ᠵᠢᠭᠰᠠᠭᠠᠯᠲᠠ ᠨᠢ ᠡᠮᠦᠨᠡᠭᠦᠷ ᠵᠢᠭᠰᠠᠭᠠᠭᠳᠠᠨ᠎ᠠ︔ ᠬᠡᠷᠪᠡ ᠣᠯᠣᠭᠰᠠᠨ ᠬᠤᠪᠢ ᠪᠠ ᠬᠡᠷᠡᠭᠯᠡᠭᠰᠡᠨ ᠴᠠᠭ ᠨᠢ ᠴᠥᠮ | ᠠᠳᠠᠯᠢ ᠪᠠᠶᠢᠪᠠᠯ᠂ ᠤᠷᠤᠯᠳᠤᠭᠠᠨ ᠳᠤ ᠣᠷᠣᠯᠴᠠᠭᠰᠠᠳ ᠤᠨ ᠴᠠᠭ ᠤᠨ ᠳᠠᠷᠠᠭᠠᠯᠠᠯ ᠢᠶᠠᠷ ᠨᠢ ᠵᠢᠭᠰᠠᠭᠠᠨ᠎ᠠ᠃ | ᠬᠦᠴᠦᠷᠬᠡᠭ ᠶᠡᠭᠡ ᠪᠠᠶᠢᠬᠤ ᠤᠯᠤᠰ ᠤᠨ ᠪᠠᠲᠤᠯᠠᠨ ᠬᠠᠮᠠᠭᠠᠯᠠᠯᠲᠠ ᠪᠣᠯ ᠦᠨᠳᠦᠰᠦᠲᠡᠨ ᠤ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠪᠠ ᠤᠯᠤᠰ ᠣᠷᠣᠨ ᠤ | ᠣᠷᠣᠰᠢᠨ ᠲᠣᠭᠲᠠᠨᠢᠵᠤ ᠬᠥᠭᠵᠢᠬᠦ ᠶᠢᠨ ᠴᠢᠬᠤᠯᠠ ᠪᠠᠲᠤᠯᠠᠭ᠎ᠠ ᠮᠥᠨ᠃ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠣᠯ ᠤᠯᠤᠰ ᠤᠨ | ᠪᠠᠲᠤᠯᠠᠨ ᠬᠠᠮᠠᠭᠠᠯᠠᠯᠲᠠ ᠪᠠ ᠠᠷᠠᠳ ᠤᠨ ᠬᠦᠴᠦᠷᠬᠡᠭ ᠶᠡᠭᠡ ᠴᠡᠷᠢᠭ ᠠᠩᠭᠢ ᠶᠢ ᠪᠠᠶᠢᠭᠤᠯᠬᠤ ᠶᠢᠨ ᠰᠠᠭᠤᠷᠢ ᠴᠢᠨᠠᠷᠲᠠᠶ ᠢᠨᠵᠧᠨᠧᠷᠢᠩ ᠪᠠᠶᠢᠵᠤ᠂ ᠦᠨᠳᠦᠰᠦᠲᠡᠨ ᠤ | ᠨᠢᠭᠲᠠᠷᠠᠯ ᠤᠨ ᠬᠦᠴᠦᠨ ᠢ ᠴᠢᠩᠭᠠᠷᠠᠭᠤᠯᠬᠤ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠡᠪ ᠴᠢᠨᠠᠷ ᠢ ᠳᠡᠭᠡᠭᠰᠢᠯᠡᠭᠦᠯᠬᠦ ᠶᠢᠨ ᠴᠢᠬᠤᠯᠠ ᠠᠷᠭ᠎ᠠ | ᠵᠠᠮ ᠪᠣᠯᠣᠨ᠎ᠠ᠃ ᠪᠢᠳᠡ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠢᠳᠡᠪᠬᠢᠲᠡᠢ ᠰᠤᠷᠤᠯᠴᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠠᠵᠢᠯᠯᠠᠭ᠎ᠠ ᠳᠤ ᠬᠠᠮᠲᠤ ᠪᠠᠷ ᠣᠷᠣᠯᠴᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠳᠦᠭᠡᠨ ᠪᠠᠶᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠮᠠᠭᠠᠯᠠᠬᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ | ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠶ᠎ᠠ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠤᠨ ᠮᠡᠳᠡᠯᠭᠡ ᠶᠢᠨ ᠰᠦᠯᠵᠢᠶᠡᠨ ᠳᠠᠬᠢ ᠱᠠᠩᠨᠠᠯᠲᠤ ᠦᠷᠢᠰᠦᠯᠳᠦᠭᠡᠨ ᠲᠠᠨ ᠤ ᠥᠷᠢᠰᠦᠯᠳᠦᠬᠦ ᠶᠢ | ᠬᠦᠯᠢᠶᠡᠵᠦ ᠪᠣᠢ | | | |