ᠬᠠᠪᠤᠷ ᠤᠨ ᠡᠬᠢ ᠪᠤᠯᠬᠤ ᠳᠤ᠂ ᠠᠭᠠᠷ ᠤᠨ ᠲᠤᠯᠠᠭᠠᠨ ᠤ ᠬᠤᠪᠢᠷᠠᠯᠳᠠ ᠨᠡᠯᠢᠶᠡᠳ ᠶᠡᠭᠡ ᠪᠠᠶᠢᠵᠦ᠂ ᠨᠤᠷᠤ ᠸᠢᠷᠦ᠋ᠰ ᠤᠨ ᠬᠠᠯᠳᠠᠪᠤᠷᠢᠯᠠᠯ ᠨᠢ ᠤᠷᠬᠢᠯ ᠤᠨ | ᠬᠤᠭᠤᠴᠠᠭᠠᠨ ᠳᠤ ᠤᠷᠤᠭᠰᠠᠨ ᠪᠠᠶᠢᠨ᠎ᠠ᠃ ᠨᠤᠷᠤ ᠸᠢᠷᠦ᠋ᠰ ᠤᠨ ᠬᠠᠯᠳᠠᠪᠤᠷᠢᠯᠠᠯ ᠢ ᠢᠯᠡᠷᠡᠯ ᠠᠴᠠ ᠨᠢ ᠬᠦᠩᠭᠡᠨ ᠪᠤᠶᠤ ᠬᠦᠨᠳᠦ ᠭᠡᠵᠦ ᠬᠤᠪᠢᠶᠠᠳᠠᠭ᠃ ᠡᠪᠡᠳᠴᠢᠨ ᠤ | ᠢᠯᠡᠷᠡᠯ ᠨᠢ ᠤᠯᠠᠩᠭᠢ ᠳᠠᠭᠠᠨ ᠪᠡᠭᠡᠯᠵᠢᠵᠦ ᠰᠠᠭᠤᠯᠭᠠᠨ᠎ᠠ᠂ ᠤᠨᠴᠠ ᠵᠠᠷᠢᠮ ᠬᠦᠨᠳᠦ ᠡᠪᠡᠳᠴᠢᠳᠡᠨ ᠨᠢ ᠪᠠᠰᠠ ᠬᠠᠯᠠᠭᠤᠷᠠᠬᠤ ᠪᠠᠶᠢᠳᠠᠯ ᠭᠠᠷᠳᠠᠭ᠃ ᠨᠤᠷᠤ ᠸᠢᠷᠦ᠋ᠰ | ᠬᠠᠯᠳᠠᠪᠤᠷᠢᠯᠠᠭᠳᠠᠭᠰᠠᠨ ᠤ ᠰᠡᠭᠦᠯᠡᠷ᠂ ᠲᠡᠵᠢᠭᠡᠯ ᠤᠨ ᠰᠢᠩᠭᠡᠨ ᠢ ᠭᠦᠢᠴᠡᠳ ᠶᠡᠭᠦᠯᠡᠵᠦ᠂ ᠤᠨᠳᠠᠵᠦ ᠠᠮᠠᠷᠠᠬᠤ ᠪᠠᠨ ᠠᠩᠬᠠᠷᠤᠨ᠂ ᠡᠪᠡᠳᠴᠢᠳᠡᠨ ᠳᠤ ᠰᠢᠬᠢᠷ | ᠲᠠᠪᠤᠰᠦ ᠲᠠᠢ ᠤᠰᠤ ᠤᠤᠭᠤᠯᠭᠠᠬᠤ ᠪᠤᠶᠤ ᠰᠢᠩᠭᠡᠨ ᠲᠠᠪᠤᠰᠦ ᠶᠡᠭᠦᠯᠡᠬᠦ ᠠᠷᠭ᠎ᠠ ᠶᠢ ᠬᠡᠷᠡᠭᠯᠡᠨ᠎ᠡ᠂ ᠬᠡᠷᠪᠡ ᠡᠪᠡᠳᠴᠢᠳᠡᠨ ᠤᠨᠴᠠᠭᠠᠶᠢᠯᠠᠨ ᠬᠡᠥᠬᠡᠳ ᠨᠠᠰᠤᠳᠠᠶᠢᠴᠤᠳ | ᠴᠢᠷᠠᠢ ᠨᠢ ᠪᠠᠯᠠᠷᠬᠠᠶᠢᠰᠢᠬᠤ᠂ ᠪᠦᠬᠦ ᠪᠡᠶ᠎ᠡ ᠨᠢ ᠬᠦᠴᠦ ᠦᠭᠡᠢ ᠪᠤᠯᠬᠤ᠂ ᠨᠢᠳᠦ ᠠᠮᠠ ᠨᠢ ᠬᠠᠳᠠᠬᠤ ᠵᠡᠷᠭᠡ ᠪᠠᠶᠢᠳᠠᠯ ᠢᠯᠡᠷᠡᠪᠡᠯ᠂ ᠴᠢᠰᠤᠨ ᠲᠠᠷᠤᠯᠳᠠ ᠨᠢ ᠲᠤᠤᠷ᠎ᠠ | ᠪᠤᠯᠤᠭᠰᠠᠨ ᠪᠠᠶᠢᠵᠦ ᠮᠡᠳᠡᠨ᠎ᠡ᠃ | ᠨᠤᠷᠤ ᠸᠢᠷᠦᠰ ᠪᠤᠯ ᠦᠪᠡᠷ ᠤᠨ ᠬᠢᠵᠠᠭᠠᠷᠳᠦ ᠴᠢᠨᠠᠷᠳᠡᠢ ᠡᠪᠡᠳᠴᠢᠨ ᠳᠤ ᠲᠤᠭᠠᠴᠠᠭᠳᠠᠨ᠎ᠠ᠂ ᠶᠡᠷᠦ ᠳᠡᠭᠡᠨ 3 — 5 ᠡᠳᠦᠷ ᠲᠤ ᠦᠪᠡᠷ ᠢᠶᠠᠨ | ᠡᠳᠡᠭᠡᠷᠡᠳᠡᠭ᠃ ᠡᠪᠡᠳᠴᠢᠨ ᠡᠭᠦᠳᠬᠦ ᠶᠠᠪᠤᠴᠠ ᠳᠤ ᠡᠪᠡᠳᠴᠢᠨ ᠳᠤᠨᠢ ᠲᠠᠭᠠᠷᠠᠭᠤᠯᠵᠦ ᠡᠮᠨᠡᠨ ᠵᠠᠰᠠᠪᠠᠯ ᠪᠤᠯᠴᠢᠬᠠᠨ᠎ᠠ᠂ ᠢᠳᠡᠭᠡᠨ ᠤᠮᠳᠠᠭᠠᠨ ᠤ ᠲᠠᠯ᠎ᠠ ᠪᠠᠷ ᠵᠦᠭᠡᠯᠡᠨ | ᠪᠤᠶᠤ ᠰᠢᠩᠭᠡᠨ ᠢᠳᠡᠭᠡᠨ ᠢᠳᠡᠬᠦ ᠶᠢ ᠠᠩᠬᠠᠷᠬᠤ ᠶᠢᠨ ᠬᠠᠮᠳᠦ ᠤᠯᠠᠨ ᠤᠳᠠᠭ᠎ᠠ ᠪᠠᠷ ᠪᠠᠭ᠎ᠠ ᠢᠳᠡᠨ᠎ᠡ᠃ ᠨᠤᠷᠤ ᠸᠢᠷᠦ᠋ᠰ ᠢ ᠰᠡᠷᠭᠡᠶᠢᠯᠡᠬᠦ ᠳᠤ ᠬᠤᠪᠢ ᠬᠦᠮᠦᠨ ᠡᠷᠡᠭᠦᠯ | ᠬᠠᠮᠠᠭᠠᠯᠠᠯ ᠢ ᠰᠠᠶᠢᠳᠤᠷ ᠬᠢᠵᠦ᠂ ᠢᠳᠡᠭᠡᠨ ᠤᠮᠳᠠᠭᠠᠨ ᠢᠶᠠᠨ ᠰᠠᠶᠢᠳᠤᠷ ᠠᠩᠬᠠᠷᠴᠦ᠂ ᠡᠪᠡᠳᠴᠢᠨ ᠠᠮᠠ ᠪᠠᠷ ᠤᠷᠤᠬᠤ ᠶᠢ ᠰᠡᠷᠭᠡᠶᠢᠯᠡᠬᠦ ᠬᠡᠷᠡᠭᠳᠡᠢ᠃ ᠡᠭᠦᠨ ᠠᠴᠠ | ᠭᠠᠳᠠᠨ᠎ᠠ᠂ ᠭᠠᠷ ᠤᠨ ᠡᠷᠡᠭᠦᠯ ᠬᠠᠮᠠᠭᠠᠯᠠᠯ ᠢ ᠰᠠᠶᠢᠳᠤᠷ ᠬᠢᠵᠦ ᠭᠠᠷ ᠢᠶᠠᠨ ᠦᠷᠭᠦᠯᠵᠢ ᠤᠬᠢᠶᠠᠵᠦ᠂ ᠤᠨᠴᠠᠭᠠᠶᠢᠯᠠᠨ ᠪᠡᠶ᠎ᠡ ᠵᠠᠰᠠᠭᠰᠠᠨ ᠤ ᠲᠠᠷᠠᠭ᠎ᠠ ᠭᠠᠷ ᠢᠶᠠᠨ ᠰᠠᠶᠢᠳᠤᠷ | ᠤᠬᠢᠶᠠᠬᠤ ᠬᠡᠷᠡᠭᠳᠡᠢ᠃ |