ᠰᠢᠨ᠎ᠡ ᠡᠨᠧᠷᠭᠢ ᠶᠢᠨ ᠮᠠᠰᠢᠨ ᠲᠡᠷᠭᠡ ᠶᠢ ᠵᠤᠨ ᠤ ᠤᠯᠠᠷᠢᠯ ᠳᠤ ᠬᠡᠷᠡᠭᠯᠡᠬᠦ ᠲᠤᠬᠠᠢ ᠶᠡᠷᠦ ᠶᠢᠨ ᠮᠡᠳᠡᠯᠭᠡ
ᠨᠡᠶᠢᠲᠡᠯᠡᠭᠰᠡᠨ ᠴᠠᠭ᠄
2024/10/25
      ᠠᠭᠠᠭᠢᠮ᠎ᠠ ᠬᠠᠯᠠᠭᠤᠨ ᠵᠤᠨ ᠪᠣᠯᠬᠤ ᠳᠤ᠂ ᠦᠷᠭᠦᠯᠵᠢᠯᠡᠨ ᠥᠨᠳᠥᠷ ᠬᠠᠯᠠᠭᠤᠨ ᠦᠷᠬᠦᠯᠵᠢᠯᠡᠵᠦ᠂ ᠬᠤᠷ᠎ᠠ ᠪᠣᠷᠣᠭᠠᠨ ᠠᠷᠪᠢᠨ ᠣᠷᠣᠳᠠᠭ᠃ ᠵᠤᠨ ᠤ ᠤᠯᠠᠷᠢᠯ ᠤᠨ ᠠᠭᠤᠷ ᠠᠮᠢᠰᠬᠤᠯ ᠨᠢ ᠰᠢᠨ᠎ᠡ ᠡᠨᠧᠷᠭᠢ ᠶᠢᠨ ᠮᠠᠰᠢᠨ ᠲᠡᠷᠭᠡᠨ ᠳᠤ ᠶᠠᠮᠠᠷ ᠨᠥᠯᠥᠭᠡ ᠠᠪᠴᠢᠷᠠᠳᠠᠭ ᠪᠤᠢ ︖ ᠰᠢᠨ᠎ᠡ ᠡᠨᠧᠷᠭᠢ ᠶᠢᠨ ᠮᠠᠰᠢᠨ ᠲᠡᠷᠭᠡ ᠬᠡᠷᠡᠭᠯᠡᠬᠦ ᠳᠤ ᠶᠠᠭᠤ ᠶᠠᠭᠤ ᠶᠢ ᠠᠩᠬᠠᠷᠬᠤ ᠬᠡᠷᠡᠭᠲᠡᠢ ᠪᠣᠶ ︖       ︽ᠬᠠᠮᠤᠭ ᠤᠨ ᠴᠢᠬᠤᠯᠠ ᠨᠢ ᠴᠠᠬᠢᠯᠭᠠᠨ ᠴᠡᠨᠡᠭᠯᠡᠬᠦ ᠠᠮᠤᠷ ᠲᠦᠪᠰᠢᠨ ᠤ ᠠᠰᠠᠭᠤᠳᠠᠯ ᠪᠣᠯᠣᠨ᠎ᠠ︾ ᠭᠡᠵᠦ ᠳᠤᠮᠳᠠᠳᠤ ᠤᠯᠤᠰ ᠤᠨ ᠡᠯᠧᠺᠳ᠋ᠷᠣᠨ ᠮᠡᠳᠡᠭᠡ ᠵᠠᠩᠭᠢ ᠶᠢᠨ ᠠᠵᠤ ᠦᠢᠯᠡᠰ ᠤᠨ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠤᠨ ᠳ᠋ᠢᠶᠠᠨ ᡂᠢ ᠪᠣᠯᠣᠨ ᠰᠢᠨ᠎ᠡ ᠡᠨᠧᠷᠭᠢ ᠶᠢᠨ ᠡᠨᠧᠷᠭᠢ ᠬᠠᠳᠠᠭᠠᠯᠠᠬᠤ ᠠᠵᠤ ᠦᠢᠯᠡᠰ ᠤᠨ ᠰᠤᠳᠤᠯᠭᠠᠨ ᠤ ᠲᠠᠰᠤᠭ ᠤᠨ ᠡᠷᠬᠢᠯᠡᠭᠴᠢ ᠸᠠᠩ ᠰᠢ ᠬᠡᠯᠡᠭᠰᠡᠨ ᠢᠶᠠᠨ ᠵᠠᠯᠭᠠᠭᠠᠳ᠂ ᠠᠭᠠᠭᠢᠮ᠎ᠠ ᠬᠠᠯᠠᠭᠤᠨ ᠡᠳᠦᠷ ᠮᠠᠰᠢᠨ ᠲᠡᠷᠭᠡᠨ ᠳᠤ ᠴᠠᠬᠢᠯᠭᠠᠨ ᠴᠡᠨᠡᠭᠯᠡᠬᠦ ᠠᠴᠠ ᠠᠯᠢ ᠴᠢᠳᠠᠬᠤ ᠪᠠᠷ ᠵᠠᠶᠢᠯᠠᠰᠬᠢᠪᠡᠯ ᠵᠣᠬᠢᠨ᠎ᠠ᠂ ᠠᠭᠠᠭᠢᠮ᠎ᠠ ᠬᠠᠯᠠᠭᠤᠨ ᠡᠳᠦᠷ ᠨᠢ ᠳ᠋ᠢᠶᠠᠨ ᡂᠢ ᠶᠢ ᠬᠡᠲᠦ ᠬᠠᠯᠠᠭᠠᠵᠤ᠂ ᠳ᠋ᠢᠶᠠᠨ ᡂᠢ ᠶᠢᠨ ᠠᠮᠢ ᠨᠠᠰᠤ ᠶᠢ ᠠᠮᠠᠷᠬᠠᠨ ᠪᠣᠭᠤᠨᠢᠰᠬᠠᠬᠤ ᠶᠢᠨ ᠵᠡᠷᠭᠡ ᠪᠠᠷ ᠰᠠᠨᠠᠭᠠᠨ ᠳᠤ ᠦᠭᠡᠢ ᠬᠡᠷᠡᠭ ᠭᠠᠷᠴᠤ ᠮᠡᠳᠡᠨ᠎ᠡ᠃ ᠠᠶᠤᠩᠭᠠᠲᠤ ᠪᠣᠷᠣᠭᠠᠨ ᠣᠷᠣᠵᠤ ᠪᠠᠶᠢᠭ᠎ᠠ ᠪᠠᠶᠢᠳᠠᠯ ᠳᠣᠣᠷ᠎ᠠ᠂ ᠭᠠᠳᠠᠨ᠎ᠠ ᠮᠠᠰᠢᠨ ᠲᠡᠷᠭᠡᠨ ᠳᠤ ᠴᠠᠬᠢᠯᠭᠠᠨ ᠴᠡᠨᠡᠭᠯᠡᠵᠦ ᠪᠤᠯᠬᠤ ᠦᠭᠡᠢ ᠭᠡᠵᠦ ᠬᠡᠯᠡᠪᠡ᠃       ᠰᠢᠨ᠎ᠡ ᠡᠨᠧᠷᠭᠢ ᠶᠢᠨ ᠮᠠᠰᠢᠨ ᠲᠡᠷᠭᠡᠨ ᠤ ᠪᠦᠲᠦᠴᠡ ᠶᠢᠨ ᠣᠨᠴᠠᠭᠠᠶ ᠴᠢᠨᠠᠷ ᠠᠴᠠ ᠪᠣᠯᠵᠤ᠂ ᠵᠣᠨ ᠤ ᠤᠯᠠᠷᠢᠯ ᠳᠤ ᠴᠢᠳᠠᠬᠤ ᠶᠢᠨ ᠳᠣᠲᠣᠷ᠎ᠠ ᠨᠠᠷᠠ ᠬᠠᠯᠬᠠᠯᠠᠬᠤ ᠪᠤᠶᠤ ᠰᠠᠯᠬᠢ ᠰᠠᠶᠢᠨ ᠨᠡᠪᠲᠡᠷᠡᠬᠦ ᠭᠠᠵᠠᠷ ᠢ ᠰᠣᠩᠭᠤᠵᠤ ᠮᠠᠰᠢᠨ ᠲᠡᠷᠭᠡ ᠪᠠᠨ ᠵᠣᠭᠰᠣᠭᠠᠵᠤ᠂ ᠰᠢᠲᠠᠮ᠎ᠠ ᠨᠡᠷᠡᠨ ᠳᠤ ᠣᠷᠳᠣ ᠬᠤᠭᠤᠴᠠᠭ᠎ᠠ ᠪᠠᠷ ᠰᠢᠷᠠᠬᠤ ᠠᠴᠠ ᠵᠠᠶᠢᠯᠠᠰᠬᠢᠬᠦ ᠬᠡᠷᠡᠭᠲᠡᠢ᠂ ᠢᠩᠭᠢᠪᠡᠯ ᠳ᠋ᠢᠶᠠᠨ ᡂᠢ ᠵᠡᠷᠭᠡ ᠲᠥᠬᠦᠭᠡᠷᠦᠮᠵᠢ ᠶᠢᠨ ᠢᠯᠴᠢ ᠰᠠᠷᠨᠢᠭᠤᠯᠬᠤ ᠪᠠ ᠬᠠᠯᠠᠭᠤᠨ ᠢ ᠪᠠᠭᠤᠷᠠᠭᠤᠯᠬᠤ ᠳᠤ ᠨᠠᠩ ᠠᠰᠢᠭᠲᠠᠢ ᠪᠠᠶᠢᠳᠠᠭ᠃ ᠪᠠᠰᠠ ᠮᠠᠰᠢᠨ ᠲᠡᠷᠭᠡ ᠴᠢᠨᠢ ᠴᠠᠬᠢᠯᠭᠠᠨ ᠤ ᠬᠡᠮᠵᠢᠶ᠎ᠡ ︵ᠦᠯᠡᠳᠡᠭᠰᠡᠨ ᠴᠠᠬᠢᠯᠭᠠᠨ ᠤ ᠬᠡᠮᠵᠢᠶ᠎ᠡ ᠨᠢ 20 %᠎ ᠠᠴᠠ ᠪᠠᠭ᠎ᠠ︶᠎ ᠪᠠᠷ ᠪᠠᠭ᠎ᠠ ᠪᠠᠶᠢᠭ᠎ᠠ ᠪᠠᠶᠢᠳᠠᠯ ᠳᠣᠣᠷ᠎ᠠ ᠣᠷᠳᠣ ᠬᠤᠭᠤᠴᠠᠭ᠎ᠠ ᠪᠠᠷ ᠵᠣᠭᠰᠤᠭᠠᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠢ᠂ ᠳ᠋ᠢᠶᠠᠨ ᡂᠢ ᠶᠢᠨ ᠪᠦᠯᠦᠭ ᠨᠢ ᠣᠷᠳᠣ ᠬᠤᠭᠤᠴᠠᠭ᠎ᠠ ᠪᠠᠷ ᠥᠨᠳᠥᠷ ᠬᠠᠯᠠᠭᠤᠨ ᠤ ᠨᠥᠬᠦᠴᠡᠯ ᠳᠣᠣᠷ᠎ᠠ ᠪᠠᠶᠢᠭᠠᠳ ᠪᠠᠶᠢᠪᠠᠯ ᠨᠠᠩ ᠠᠮᠠᠷᠬᠠᠨ ᠥᠪᠡᠰᠦᠪᠡᠨ ᠴᠠᠬᠢᠯᠭᠠᠨ ᠨᠢ ᠰᠠᠷᠨᠢᠬᠤ ᠦᠵᠡᠭᠳᠡᠯ ᠭᠠᠷᠳᠠᠭ᠃ ᠲᠤᠰᠬᠠᠢ ᠮᠡᠷᠭᠡᠵᠢᠯᠲᠡᠨ ᠰᠠᠨᠠᠭᠤᠯᠬᠤ ᠳᠠᠭᠠᠨ᠂ ᠬᠡᠷᠪᠡ ᠵᠣᠨ ᠤ ᠤᠯᠠᠷᠢᠯ ᠳᠤ ᠣᠷᠳᠣ ᠬᠤᠭᠤᠴᠠᠭ᠎ᠠ ᠪᠠᠷ ᠲᠡᠷᠭᠡ ᠬᠡᠷᠡᠭᠯᠡᠬᠦ ᠦᠭᠡᠢ ᠪᠣᠯ᠂ 30% — 50%᠎ ᠶᠢᠨ ᠴᠠᠬᠢᠯᠭᠠᠨ ᠴᠡᠨᠡᠭ ᠲᠠᠢ ᠪᠠᠶᠢᠬᠤ ᠪᠠᠶᠢᠳᠠᠯ ᠳᠣᠣᠷ᠎ᠠ ᠬᠠᠳᠠᠭᠠᠯᠠᠵᠤ ᠲᠠᠯᠪᠢᠪᠠᠯ ᠵᠣᠬᠢᠨ᠎ᠠ ᠭᠡᠪᠡ᠃       ᠵᠣᠨ ᠤ ᠤᠯᠠᠷᠢᠯ ᠳᠤ ᠪᠣᠷᠣᠭᠠᠨ ᠠᠷᠪᠢᠨ ᠣᠷᠣᠳᠠᠭ ᠪᠣᠯᠬᠤᠷ ᠪᠣᠷᠣᠭᠠᠨ ᠤ ᠤᠰᠤᠨ ᠤ ᠳᠣᠲᠣᠷᠠᠬᠢ ᠪᠤᠳᠤᠯᠢᠶᠠᠨᠲᠠᠢ ᠪᠦᠷᠢᠯᠳᠦᠭᠦᠨ ᠨᠢ ᠴᠠᠬᠢᠯᠭᠠᠨ ᠮᠠᠰᠢᠨ᠂ ᠳ᠋ᠢᠶᠠᠨ ᡂᠢ ᠶᠢᠨ ᠬᠠᠯᠢᠰᠤᠯᠢᠭ ᠪᠡᠶ᠎ᠡ᠂ ᠮᠠᠰᠢᠨ ᠲᠡᠷᠭᠡᠨ ᠤ ᠪᠡᠶ᠎ᠡ ᠵᠡᠷᠭᠡ ᠲᠡᠮᠦᠷᠯᠢᠭ ᠲᠣᠨᠤᠭ ᠢ ᠵᠣᠬᠢᠬᠤ ᠬᠡᠮᠵᠢᠶ᠎ᠡ ᠪᠠᠷ ᠢᠳᠡᠭᠳᠡᠭᠦᠯᠬᠦ ᠪᠤᠶᠤ ᠤᠰᠤ ᠤᠷᠤᠰᠬᠠᠯ ᠭᠡᠲᠦᠯᠬᠦ ᠦᠶ᠎ᠡ ᠳᠤ ᠠᠮᠠᠷᠬᠠᠨ ᠬᠥᠨᠳᠡᠶᠢᠷᠡᠭᠦᠯᠬᠦ ᠰᠠᠭᠠᠳ ᠭᠠᠷᠴᠤ ᠮᠡᠳᠡᠨ᠎ᠡ᠂ ᠡᠶᠢᠮᠦ ᠠᠴᠠ ᠠᠯᠢ ᠴᠢᠳᠠᠬᠤ ᠪᠠᠷ ᠤᠰᠤ ᠤᠷᠤᠰᠬᠠᠯ ᠭᠡᠲᠦᠯᠬᠦ ᠠᠴᠠ ᠵᠠᠶᠢᠯᠠᠰᠬᠢᠬᠦ ᠬᠡᠷᠡᠭᠲᠡᠢ᠂ ᠬᠡᠷᠪᠡ ᠮᠠᠰᠢᠨ ᠲᠡᠷᠭᠡ ᠪᠠᠷ ᠢᠶᠠᠨ ᠤᠰᠤ ᠬᠤᠷᠠᠭᠰᠠᠨ ᠵᠠᠮ ᠢᠶᠠᠷ ᠥᠩᠭᠡᠷᠡᠬᠦ ᠳᠤ ᠭᠦᠷᠪᠡᠯ᠂ ᠤᠰᠤᠨ ᠤ ᠭᠦᠨ ᠢ ᠤᠷᠢᠳᠴᠢᠯᠠᠨ ᠮᠠᠭᠠᠳᠯᠠᠵᠤ᠂ ᠮᠠᠰᠢᠨ ᠲᠡᠷᠭᠡ ᠤᠰᠤᠨ ᠳᠤ ᠣᠷᠣᠭᠰᠠᠨ ᠤ ᠲᠠᠷᠠᠭ᠎ᠠ ᠴᠠᠬᠢᠯᠭᠠᠨ ᠭᠤᠭᠤᠵᠢᠬᠤ ᠠᠴᠠ ᠰᠡᠷᠭᠡᠶᠢᠯᠡᠬᠦ ᠬᠡᠷᠡᠭᠲᠡᠢ᠃ ᠡᠭᠦᠨ ᠠᠴᠠ ᠭᠠᠳᠠᠨ᠎ᠠ᠂ ᠰᠢᠨ᠎ᠡ ᠡᠨᠧᠷᠭᠢ ᠶᠢᠨ ᠮᠠᠰᠢᠨ ᠲᠡᠷᠭᠡ ᠴᠦ ᠪᠣᠶ ᠪᠦᠬᠦᠢ ᠮᠠᠰᠢᠨ ᠲᠡᠷᠭᠡᠨ ᠳᠤ ᠭᠠᠷᠳᠠᠭ ᠵᠣᠨ ᠤ ᠤᠯᠠᠷᠢᠯ ᠤᠨ ︽ᠥᠨᠳᠥᠷ ᠬᠠᠯᠠᠭᠤᠨ ᠤ ᠬᠡᠮ︾᠎ ᠢ ᠤᠷᠢᠳᠴᠢᠯᠠᠨ ᠰᠡᠷᠭᠡᠶᠢᠯᠡᠬᠦ ᠶᠢ ᠠᠩᠬᠠᠷᠬᠤ ᠬᠡᠷᠡᠭᠲᠡᠢ᠃ ᠵᠢᠱᠢᠶᠡᠯᠡᠪᠡᠯ ᠵᠣᠨ ᠤ ᠤᠯᠠᠷᠢᠯ ᠤᠨ ᠠᠭᠠᠭᠢᠮ᠎ᠠ ᠬᠠᠯᠠᠭᠤᠨ ᠡᠳᠦᠷ ᠳᠤᠭᠤᠶᠢᠯᠠᠪᠤᠷᠢ ᠶᠢᠨ ᠳᠠᠷᠤᠯᠲᠠ ᠠᠮᠠᠷᠬᠠᠨ ᠳᠡᠭᠡᠭᠰᠢᠯᠡᠵᠦ᠂ ᠬᠤᠯᠠ ᠵᠠᠮ ᠬᠥᠭᠡᠭᠡᠬᠦ ᠪᠤᠶᠤ ᠥᠨᠳᠥᠷ ᠬᠤᠷᠳᠤᠴᠠ ᠪᠠᠷ ᠠᠶᠠᠯᠠᠬᠤ ᠳᠤ ᠳᠤᠭᠤᠶᠢᠯᠠᠪᠤᠷᠢ ᠠᠮᠠᠷᠬᠠᠨ ᠬᠠᠭᠠᠷᠠᠳᠠᠭ᠂ ᠡᠶᠢᠮᠦ ᠠᠴᠠ ᠮᠠᠰᠢᠨ ᠲᠡᠷᠭᠡᠨ ᠤ ᠡᠵᠡᠨ ᠲᠡᠷᠭᠡᠨ ᠤ ᠪᠠᠨ ᠳᠤᠭᠤᠶᠢᠯᠠᠪᠤᠷᠢ ᠶᠢᠨ ᠳᠠᠷᠤᠯᠲᠠ ᠶᠢ ᠵᠣᠬᠢᠰᠲᠠᠢ ᠪᠠᠷ ᠪᠠᠭᠤᠷᠠᠭᠤᠯᠵᠤ ᠪᠣᠯᠣᠨ᠎ᠠ᠃ ᠮᠠᠰᠢᠨ ᠲᠡᠷᠭᠡ ᠠᠶᠠᠨᠳᠠᠭᠠᠨ ᠨᠣᠴᠣᠬᠤ ᠶᠢ ᠰᠡᠷᠭᠡᠶᠢᠯᠡᠬᠦ ᠶᠢᠨ ᠲᠥᠯᠥᠭᠡ᠂ ᠮᠠᠰᠢᠨ ᠲᠡᠷᠭᠡᠨ ᠳᠣᠲᠣᠷ᠎ᠠ ᠪᠠᠨ ᠨᠣᠴᠣᠭᠠᠭᠤᠷ᠂ ᠴᠠᠬᠢᠯᠭᠠᠨ ᠴᠡᠨᠡᠭᠯᠡᠬᠦᠷ᠂ ᠨᠡᠭᠦᠷᠡᠰᠦᠬᠦ᠋ᠴᠢᠯ ᠤᠨ ᠤᠮᠳᠠᠭᠠᠨ᠂ ᠦᠨᠦᠷᠲᠦ ᠤᠰᠤ ᠵᠡᠷᠭᠡ ᠪᠣᠳᠠᠰ ᠢ ᠪᠢᠲᠡᠭᠡᠢ ᠲᠠᠯᠪᠢᠭᠠᠷᠠᠢ᠃ 
ᠢᠷᠡᠯᠲᠡ᠄ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ