ᠮᠠᠨ ᠤ ᠣᠷᠣᠨ ᠵᠡᠭᠦᠨᠰᠢ ᠪᠠᠷᠠᠭᠤᠨᠰᠢ ᠪᠠᠨ ᠰᠤᠨᠵᠤ᠂ ᠤᠮᠠᠷᠠᠲᠤ ᠶᠢᠨ ᠭᠤᠷᠪᠠᠨ ᠣᠷᠣᠨ ᠢ ᠰᠤᠨᠳᠠᠯᠠᠵᠤ᠂ ᠳᠣᠲᠣᠭᠠᠳᠤ ᠳᠤ ᠪᠠᠨ ᠬᠠᠷᠠᠮᠥ᠋ᠷᠡᠨ᠂ ᠭᠢᠷᠢᠨ᠂ | ᠯᠢᠶᠣᠤᠨᠢᠩ᠂ ᠾᠧᠪᠸᠢ᠂ ᠱᠠᠨ ᠰᠢ᠂ ᠱᠠᠨᠰᠢ᠂ ᠨᠢᠩᠰᠢᠶᠠ᠂ ᠭᠠᠨᠰᠤ ᠵᠡᠷᠭᠡ 8 ᠮᠤᠵᠢ ᠣᠷᠣᠨ ᠲᠠᠢ ᠬᠥᠷᠰᠢᠯᠡᠵᠦ᠂ ᠭᠠᠳᠠᠭᠰᠢ ᠪᠠᠨ ᠣᠷᠣᠰ᠂ ᠮᠣᠩᠭᠤᠯ ᠤᠯᠤᠰ ᠯᠤᠭ᠎ᠠ | ᠬᠢᠯᠢ ᠨᠡᠶᠢᠯᠡᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠳᠣᠭᠢᠷᠬᠠᠰᠠᠨ᠂ ᠪᠣᠰᠤᠭ᠎ᠠ ᠴᠣᠭᠴᠠ ᠪᠠᠷ ᠬᠤᠯᠪᠣᠯᠳᠤᠭᠰᠠᠨ ᠶᠡᠷᠦᠩᠬᠡᠶᠢᠯᠡᠭᠰᠡᠨ ᠵᠠᠮ | ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠲᠣᠣᠷ ᠢ ᠪᠥᠲᠥᠭᠡᠨ ᠪᠠᠶᠢᠭᠤᠯᠬᠤ ᠪᠣᠯ ᠦᠷᠭᠦᠯᠵᠢᠯᠡᠬᠦᠶᠢᠴᠡ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠪᠣᠯᠤᠨ᠎ᠠ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠪᠥᠬᠦ ᠣᠷᠣᠨ ᠳᠤ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠤᠨ ᠶᠡᠷᠦᠩᠬᠡᠶ ᠣᠷᠳᠣ | 23.42 ᠲᠦᠮᠡᠨ ᠺᠢᠯᠣᠮᠧᠲᠷ ᠲᠤ ᠬᠦᠷᠴᠦ᠂ ᠰᠦᠯᠵᠢᠶᠡᠨ ᠤ ᠬᠡᠪᠴᠢᠶ᠎ᠡ ᠪᠠ ᠶᠠᠰᠤ ᠴᠢᠨᠠᠷ ᠲᠤ ᠲᠡᠦᠬᠡᠲᠦ ᠴᠢᠨᠠᠷᠲᠠᠶ ᠳᠠᠪᠠᠯᠲᠠ ᠶᠢ ᠪᠡᠶᠡᠯᠡᠭᠦᠯᠵᠦ᠂ ᠠᠵᠤ ᠠᠬᠤᠶ | ᠨᠡᠶᠢᠭᠡᠮ ᠤᠨ ᠬᠥᠭᠵᠢᠯᠲᠡ ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠢᠯᠡᠳᠲᠡ ᠴᠢᠩᠭᠠᠷᠠᠪᠠ᠃ | ᠨᠢᠭᠡ ᠳᠤ᠂ ᠵᠠᠰᠠᠮᠠᠯ ᠵᠠᠮ ᠤᠨ ᠲᠣᠣᠷ ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠵᠦ᠂ ᠨᠡᠪᠲᠡᠷᠡᠬᠦ ᠴᠢᠳᠠᠪᠤᠷᠢ ᠶᠡᠭᠡ ᠬᠡᠮᠵᠢᠶ᠎ᠡ ᠪᠠᠷ ᠳᠡᠭᠡᠭᠰᠢᠯᠡᠪᠡ᠃ ᠰᠢᠨ᠎ᠡ | ᠳᠤᠮᠳᠠᠳᠤ ᠤᠯᠤᠰ ᠪᠠᠶᠢᠭᠤᠯᠤᠭᠳᠠᠬᠤ ᠦᠶ᠎ᠡ ᠳᠤ᠂ ᠪᠦᠬᠦ ᠣᠷᠣᠨ ᠳᠤ ᠮᠠᠰᠢᠨ ᠲᠡᠷᠭᠡ ᠨᠡᠪᠲᠡᠷᠡᠬᠦ ᠵᠠᠰᠠᠮᠠᠯ ᠵᠠᠮ 2394 ᠺᠢᠯᠣᠮᠧᠲᠷ ᠯᠡ ᠪᠠᠶᠢᠵᠤ᠂ ᠪᠦᠬᠦᠨ ᠢᠶᠠᠷ ᠢᠶᠠᠨ | ᠰᠢᠷᠣᠶ ᠶᠢᠨ ᠵᠠᠮ ᠪᠠ ᠬᠠᠶᠢᠷ ᠴᠢᠯᠠᠭᠤ ᠳᠡᠪᠢᠰᠦᠭᠰᠡᠨ ᠳᠥᠭᠦᠮ ᠵᠠᠮ ᠪᠠᠶᠢᠵᠤ᠂ ᠮᠠᠰᠢᠨ ᠲᠡᠷᠭᠡ ᠴᠦ 114 ᠯᠡ ᠪᠠᠶᠢᠪᠠ᠃ ᠴᠥᠬᠦᠷᠡᠰᠢ ᠦᠭᠡᠢ ᠴᠢᠷᠮᠠᠶᠢᠯᠭ᠎ᠠ ᠪᠠᠷ | ᠳᠠᠮᠵᠢᠭᠤᠯᠤᠨ᠂ 1962 ᠣᠨ ᠳᠤ᠂ ᠪᠦᠬᠦ ᠣᠷᠣᠨ ᠤ ᠪᠦᠬᠦᠶᠢᠯᠡ ᠬᠤᠰᠢᠭᠤ ᠰᠢᠶᠠᠨ ᠲᠣᠭᠤᠷᠢᠭ ᠲᠤ ᠮᠠᠰᠢᠨ ᠲᠡᠷᠭᠡ ᠨᠡᠪᠲᠡᠷᠡᠵᠦ᠂ ᠬᠠᠭᠠᠰ ᠠᠴᠠ ᠳᠡᠭᠡᠭᠰᠢᠬᠢ ᠰᠤᠮᠤ | ᠰᠢᠶᠠᠩ ᠪᠠᠯᠭᠠᠰᠤᠨ ᠳᠤ ᠡᠭᠡᠯᠵᠢ ᠶᠢᠨ ᠮᠠᠰᠢᠨ ᠲᠡᠷᠭᠡ ᠨᠡᠪᠲᠡᠷᠡᠪᠡ᠃ 1978 ᠣᠨ ᠳᠤ᠂ ᠪᠥᠬᠦ ᠣᠷᠣᠨ ᠳᠤ ᠲᠥᠪ ᠪᠣᠯᠬᠤ ᠬᠥᠬᠡᠬᠤᠲᠠ ᠠᠴᠠ ᠡᠯ᠎ᠡ ᠠᠶᠢᠮᠠᠭ ᠬᠤᠲᠠ᠂ | ᠬᠤᠰᠢᠭᠤ ᠰᠢᠶᠠᠨ᠂ ᠰᠢᠶᠠᠩ ᠪᠠᠯᠭᠠᠰᠤ ᠳᠤ ᠬᠦᠷᠬᠦ ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠭᠰᠡᠨ ᠵᠠᠰᠠᠮᠠᠯ ᠵᠠᠮ ᠤᠨ ᠲᠡᠭᠡᠭᠡᠪᠦᠷᠢ ᠶᠢᠨ ᠲᠣᠣᠷ ᠪᠦᠷᠢᠯᠳᠦᠪᠡ᠃ | 1993 ᠣᠨ ᠳᠤ᠂ ᠮᠠᠨ ᠤ ᠣᠷᠣᠨ ᠬᠥᠬᠡᠬᠤᠲᠠ ᠠᠴᠠ ᠪᠤᠭᠤᠲᠤ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ︵ᠲᠠᠯ᠎ᠠ ᠬᠠᠭᠠᠰ︶ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠵᠤ᠂ ᠪᠦᠬᠦ ᠣᠷᠣᠨ ᠳᠤ ᠳᠡᠭᠡᠳᠦ ᠬᠤᠷᠳᠤ ᠶᠢᠨ ᠵᠠᠰᠠᠮᠠᠯ ᠵᠠᠮ ᠦᠭᠡᠢ ᠪᠠᠶᠢᠭᠰᠠᠨ ᠠᠴᠠ ᠳᠡᠭᠡᠳᠦ ᠬᠤᠷᠳᠤ ᠶᠢᠨ ᠵᠠᠰᠠᠮᠠᠯ ᠵᠠᠮ ᠲᠠᠢ ᠪᠣᠯᠪᠠ᠃ | 2023 ᠣᠨ ᠳᠤ᠂ ᠤᠯᠤᠰ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠭᠤᠣᠯ ᠱᠤᠭᠤᠮ ᠳᠠᠬᠢ ᠥᠪᠥᠷ ᠮᠣᠩᠭᠤᠯ ᠤᠨ ᠬᠡᠰᠡᠭ ᠢ ᠪᠦᠬᠦᠨ ᠢᠶᠠᠷ ᠨᠢ ᠨᠡᠪᠲᠡᠷᠡᠭᠦᠯᠪᠡ᠃ | 2023 ᠣᠨ ᠤ ᠡᠴᠦᠰ ᠪᠣᠯᠬᠤ ᠳᠤ᠂ ᠮᠠᠨ ᠤ ᠣᠷᠣᠨ ᠤ ᠮᠠᠰᠢᠨ ᠲᠡᠷᠭᠡ ᠨᠡᠪᠲᠡᠷᠡᠭᠰᠡᠨ ᠵᠠᠰᠠᠮᠠᠯ ᠵᠠᠮ ᠤᠨ ᠤᠷᠲᠤ 21.94 ᠲᠦᠮᠡᠨ ᠺᠢᠯᠣᠮᠧᠲᠷ ᠪᠣᠯᠵᠤ᠂ ᠪᠥᠬᠦ | ᠤᠯᠤᠰ ᠤᠨ 11 ᠳ᠋ᠦ᠋ᠭᠡᠷ ᠲᠤ ᠪᠠᠶᠢᠷᠢᠯᠠᠵᠤ᠂ ᠵᠠᠰᠠᠮᠠᠯ ᠵᠠᠮ ᠤᠨ ᠲᠣᠣᠷ ᠤᠨ ᠨᠢᠭᠲᠠᠴᠠ 18.55 ᠺᠢᠯᠣᠮᠧᠲᠷ / ᠵᠠᠭᠤᠨ ᠺᠦᠸᠠᠳ᠋ ᠺᠢᠯᠣᠮᠧᠲᠷ ᠪᠣᠯᠪᠠ᠃ ᠡᠭᠦᠨ ᠳᠤ᠂ | ᠳᠡᠭᠡᠳᠦ ᠬᠤᠷᠳᠤ ᠶᠢᠨ ᠵᠠᠰᠠᠮᠠᠯ ᠵᠠᠮ 7863 ᠺᠢᠯᠣᠮᠧᠲᠷ ᠪᠠᠶᠢᠵᠤ᠂ 12 ᠠᠶᠢᠮᠠᠭ ᠬᠤᠲᠠ ᠶᠢᠨ ᠵᠠᠰᠠᠭ ᠵᠠᠬᠢᠷᠭᠠᠨ ᠤ ᠲᠥᠪ ᠲᠤ ᠴᠥᠮ ᠳᠡᠭᠡᠳᠦ ᠬᠤᠷᠳᠤ ᠶᠢᠨ | ᠵᠠᠰᠠᠮᠠᠯ ᠵᠠᠮ ᠨᠡᠪᠲᠡᠷᠡᠵᠦ᠂ 103 ᠬᠤᠰᠢᠭᠤ ᠰᠢᠶᠠᠨ ︵ᠬᠤᠲᠠ᠂ ᠲᠣᠭᠤᠷᠢᠭ︶ ᠤ 79 ᠨᠢ ᠳᠡᠭᠡᠳᠦ ᠬᠤᠷᠳᠤ ᠶᠢᠨ ᠵᠠᠰᠠᠮᠠᠯ ᠵᠠᠮ ᠨᠡᠪᠲᠡᠷᠡᠵᠦ᠂ 24 ᠨᠢ ᠨᠢᠭᠡᠳᠦᠭᠡᠷ | ᠳᠡᠰ ᠤᠨ ᠵᠠᠰᠠᠮᠠᠯ ᠵᠠᠮ ᠨᠡᠪᠲᠡᠷᠡᠵᠦ᠂ ᠣᠷᠣᠨ ᠠᠴᠠ ᠭᠠᠷᠬᠤ ᠳᠡᠭᠡᠳᠦ ᠬᠤᠷᠳᠤ ᠶᠢᠨ ᠪᠠ ᠨᠢᠭᠡᠳᠦᠭᠡᠷ ᠳᠡᠰ ᠤᠨ ᠵᠠᠮ 47 ᠵᠣᠷᠪᠣᠰ᠂ ᠵᠠᠰᠠᠮᠠᠯ ᠵᠠᠮ ᠤᠨ 12 | ᠬᠢᠯᠢ ᠶᠢᠨ ᠪᠣᠭᠤᠮᠲᠠ ᠳᠤ ᠴᠥᠮ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠵᠠᠰᠠᠮᠠᠯ ᠵᠠᠮ ᠢ ᠨᠡᠪᠲᠡᠷᠡᠭᠦᠯᠪᠡ︔ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ | ᠵᠠᠮ 17.7 ᠲᠦᠮᠡᠨ ᠺᠢᠯᠣᠮᠧᠲᠷ᠂ ᠪᠦᠬᠦᠶᠢᠯᠡ ᠰᠤᠮᠤ ᠰᠢᠶᠠᠩ ᠪᠠᠯᠭᠠᠰᠤ ᠪᠣᠯᠣᠨ ᠪᠠᠶᠢᠭᠤᠯᠤᠮᠵᠢᠲᠤ ᠲᠣᠰᠬᠤᠨ ᠳᠤ ᠳᠡᠪᠢᠰᠴᠦ ᠬᠠᠲᠠᠭᠤᠷᠠᠭᠤᠯᠤᠭᠰᠠᠨ ᠵᠠᠮ | ᠨᠡᠪᠲᠡᠷᠡᠭᠦᠯᠵᠦ᠂ ᠬᠤᠰᠢᠭᠤ ᠰᠢᠶᠠᠨ ᠤ ᠱᠠᠲᠤᠨ ᠤ ᠵᠠᠰᠠᠮᠠᠯ ᠵᠠᠮ ᠢᠶᠠᠷ ᠰᠤᠳᠠᠰᠤ ᠪᠣᠯᠭᠠᠨ᠂ ᠰᠤᠮᠤ ᠰᠢᠶᠠᠩ ᠤᠨ ᠲᠠᠰ ᠤᠨ ᠵᠠᠰᠠᠮᠠᠯ ᠵᠠᠮ ᠢᠶᠠᠷ ᠤᠷᠲᠤᠳᠬᠠᠯ ᠪᠣᠯᠭᠠᠨ᠂ | ᠲᠣᠰᠬᠤᠨ ᠤ ᠲᠠᠰ ᠤᠨ ᠵᠠᠰᠠᠮᠠᠯ ᠵᠠᠮ ᠢᠶᠠᠷ ᠨᠥᠬᠦᠪᠦᠷᠢᠯᠡᠯ ᠪᠣᠯᠭᠠᠨ᠂ ᠰᠤᠮᠤ ᠰᠢᠶᠠᠩ ᠭᠠᠴᠠᠭ᠎ᠠ ᠲᠣᠰᠬᠤᠨ ᠳᠤ ᠨᠡᠪᠲᠡᠷᠡᠭᠰᠡᠨ ᠬᠥᠳᠡᠭᠡ ᠲᠣᠰᠬᠤᠨ ᠤ ᠵᠠᠰᠠᠮᠠᠯ | ᠵᠠᠮ ᠤᠨ ᠲᠣᠣᠷ ᠢ ᠦᠨᠳᠦᠰᠦᠨ ᠳᠤ ᠪᠠᠨ ᠪᠦᠷᠢᠯᠳᠦᠭᠦᠯᠪᠡ᠃ | ᠬᠤᠶᠠᠷ ᠲᠤ᠂ ᠲᠡᠮᠦᠷ ᠵᠠᠮ ᠤᠨ ᠲᠣᠣᠷ ᠬᠥᠨᠳᠡᠯᠡᠨ ᠭᠤᠯᠳᠤ ᠪᠠᠷ ᠰᠦᠯᠵᠢᠨ ᠰᠤᠨᠳᠠᠯᠠᠵᠤ᠂ ᠭᠠᠵᠠᠷ ᠣᠷᠣᠨ ᠤ ᠬᠥᠭᠵᠢᠯᠲᠡ ᠶᠢᠨ ᠯᠠᠪᠳᠠᠭᠤᠨ ᠢᠶᠠᠷ | ᠤᠷᠤᠭᠰᠢᠯᠠᠬᠤ ᠳᠤ ᠬᠦᠴᠦᠨ ᠨᠡᠮᠡᠷᠢᠯᠡᠪᠡ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠬᠤ ᠦᠶ᠎ᠡ ᠳᠤ᠂ ᠪᠦᠬᠦ ᠣᠷᠣᠨ ᠳᠤ ᠵᠥᠪᠬᠡᠨ 1574 ᠺᠢᠯᠣᠮᠧᠲᠷ ᠤᠨ ᠲᠡᠮᠦᠷ | ᠵᠠᠮ ᠪᠠᠶᠢᠭᠰᠠᠨ ᠮᠥᠷᠲᠡᠭᠡᠨ ᠵᠠᠮ ᠤᠨ ᠪᠠᠶᠢᠳᠠᠯ ᠪᠣᠯᠤᠨ ᠡᠵᠡᠩᠨᠡᠨ ᠲᠡᠭᠡᠭᠡᠪᠦᠷᠢᠯᠡᠬᠦ ᠪᠡᠯᠡᠳᠬᠡᠮᠵᠢ ᠨᠢ ᠠᠨᠠᠶ᠂ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠨᠢ ᠵᠥᠪᠬᠡᠨ 0.2 | ᠲᠦᠮᠡᠨ ᠲᠣᠨ ᠪᠠᠶᠢᠪᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠮᠠᠨ ᠤ ᠣᠷᠣᠨ ᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠤᠷᠢᠳ | ᠡᠮᠦᠨ᠎ᠡ ᠪᠠᠶᠢᠭ᠎ᠠ ᠦᠭᠡᠢ ᠬᠥᠭᠵᠢᠯᠲᠡ ᠲᠠᠢ ᠪᠣᠯᠪᠠ᠃ 1955 – 1958 ᠣᠨ ᠪᠣᠯ ᠮᠠᠨ ᠤ ᠣᠷᠣᠨ ᠤ ᠲᠡᠮᠦᠷ ᠵᠠᠮ ᠤᠨ ᠪᠦᠳᠦᠭᠡᠨ ᠪᠠᠶᠢᠭᠤᠯᠣᠯᠳᠠ ᠶᠢᠨ | ᠠᠩᠬᠠᠳᠠᠭᠴᠢ ᠤᠷᠬᠢᠯ ᠬᠤᠭᠤᠴᠠᠭ᠎ᠠ ᠪᠠᠶᠢᠵᠤ᠂ ᠣᠯᠠᠨ ᠤᠯᠤᠰ ᠯᠤᠭ᠎ᠠ ᠶᠢᠨ ᠬᠤᠯᠪᠣᠭᠠᠯᠠᠨ ᠲᠡᠭᠡᠭᠡᠪᠦᠷᠢᠯᠡᠬᠦ ᠭᠤᠣᠯ ᠱᠣᠭᠤᠮ ᠪᠣᠯᠬᠤ ᠵᠢᠨᠢᠩ ᠠᠴᠠ ᠡᠷᠢᠶᠡᠨ ᠬᠤᠳᠠ | ᠬᠦᠷᠬᠦ ᠱᠤᠭᠤᠮ᠂ ᠦᠪᠦᠷ ᠮᠣᠩᠭᠤᠯ᠂ ᠨᠢᠩᠰᠢᠶᠠ᠂ ᠭᠠᠨᠰᠤ ᠭᠤᠷᠪᠠᠨ ᠮᠤᠵᠢ ᠣᠷᠣᠨ ᠢ ᠰᠤᠨᠳᠠᠯᠠᠭᠰᠠᠨ ᠪᠤᠭᠤᠲᠤ ᠠᠴᠠ ᠯᠠᠨᠵᠸᠤ ᠬᠦᠷᠬᠦ ᠲᠡᠮᠦᠷ ᠵᠠᠮ᠂ ᠪᠤᠭᠤᠲᠤ ᠠᠴᠠ | ᠪᠠᠶᠠᠨ᠋ᠣ᠋ᠪᠣᠭ᠎ᠠ ᠬᠦᠷᠬᠦ᠂ ᠪᠤᠭᠤᠲᠤ ᠠᠴᠠ ᠰᠢᠭᠤᠶᠢᠲᠤ ᠬᠦᠷᠬᠦ᠂ ᠪᠤᠭᠤᠲᠤ ᠶᠢᠨ ᠲᠣᠭᠤᠷᠢᠯ ᠵᠠᠮ ᠵᠡᠷᠭᠡ ᠣᠯᠣᠰ ᠤᠨ ᠦᠮᠴᠢᠯᠡᠯᠳᠦ ᠲᠡᠮᠦᠷ ᠵᠠᠮ ᠤᠨ 3 ᠵᠤᠷᠪᠤᠰ | ᠰᠠᠯᠪᠣᠷᠢ ᠱᠣᠭᠤᠮ ᠢ ᠤᠷᠢᠳ ᠬᠤᠵᠢᠳ ᠪᠠᠶᠢᠭᠤᠯᠤᠭᠰᠠᠨ ᠪᠥᠭᠡᠳ ᠶᠡᠭᠡ ᠬᠢᠩᠭᠠᠨ ᠳᠠᠪᠠᠭ᠎ᠠ ᠶᠢᠨ ᠪᠠᠯᠠᠷ ᠣᠢ ᠳᠤ ᠨᠡᠪᠲᠡᠷᠡᠬᠦ ᠶᠠᠭᠰᠢ ᠠᠴᠠ ᠯᠢᠨᠬᠠᠢ ᠬᠦᠷᠬᠦ᠂ ᠶᠡᠭᠡ | ᠲᠣᠯᠢ ᠠᠴᠠ ᠵᠠᠭᠳᠠᠴᠢ ᠬᠦᠷᠬᠦ᠂ ᠬᠤᠯᠪᠣᠭ᠎ᠠ ᠣᠢ ᠠᠴᠠ ᠯᠧᠩ ᠪᠦ᠋ ᠯᠦ ᠬᠦᠷᠬᠦ᠂ ᠭᠡᠭᠡᠨ ᠭᠤᠣᠯ ᠠᠴᠠ ᠰᠠᠮᠠ ᠵᠢᠶᠧ ᠬᠦᠷᠬᠦ ᠱᠣᠭᠤᠮ ᠵᠡᠷᠭᠡ ᠲᠡᠮᠦᠷ ᠵᠠᠮ ᠢ ᠤᠷᠢᠳ | ᠬᠤᠵᠢᠳ ᠨᠡᠭᠡᠭᠡᠪᠡ᠃ 1981 ᠣᠨ ᠳᠤ᠂ ᠪᠡᠭᠡᠵᠢᠩ ᠠᠴᠠ ᠲᠦᠩᠯᠢᠶᠣᠤ ᠬᠦᠷᠬᠦ ᠲᠡᠮᠦᠷ ᠵᠠᠮ ᠪᠦᠬᠦ ᠱᠤᠭᠤᠮ ᠢᠶᠠᠷ ᠢᠶᠠᠨ ᠲᠡᠷᠭᠡ ᠨᠡᠪᠲᠡᠷᠡᠪᠡ᠂ ᠡᠨᠡ ᠨᠢ ᠥᠪᠥᠷ | ᠮᠣᠩᠭᠤᠯ ᠤᠨ ᠵᠡᠭᠦᠨ ᠡᠮᠦᠨᠡᠲᠦ ᠬᠡᠰᠡᠭ ᠤᠨ ᠭᠠᠵᠠᠷ ᠣᠷᠣᠨ ᠤ ᠭᠤᠣᠯ ᠪᠣᠯᠬᠤ ᠭᠤᠯᠳᠤ ᠴᠢᠭᠯᠡᠯᠲᠦ ᠲᠡᠭᠡᠭᠡᠪᠦᠷᠢ ᠶᠢᠨ ᠭᠤᠣᠯ ᠱᠤᠭᠤᠮ ᠪᠣᠯᠣᠨ᠎ᠠ︔ ᠲᠤᠰ ᠵᠢᠯ ᠳᠤ᠂ | ᠬᠥᠬᠡᠬᠤᠲᠠ ᠠᠴᠠ ᠬᠠᠶᠢᠯᠠᠷ ᠲᠤ ᠰᠢᠭᠤᠳ ᠬᠦᠷᠬᠦ ᠲᠦᠷᠭᠡᠨ ᠤ ᠭᠠᠯᠲᠤ ᠲᠡᠷᠭᠡ ᠶᠢ ᠨᠡᠮᠡᠵᠦ᠂ ᠤᠯᠠᠭᠠᠨᠬᠠᠳᠠ᠂ ᠲᠦᠩᠯᠢᠶᠣᠤ ᠵᠡᠷᠭᠡ ᠭᠠᠵᠠᠷ ᠢᠶᠠᠷ ᠳᠠᠮᠵᠢᠬᠤ ᠪᠣᠯᠵᠤ᠂ | ᠪᠦᠬᠦ ᠵᠠᠮ ᠤᠨ ᠤᠷᠲᠤ ᠨᠢ 2475 ᠺᠢᠯᠣᠮᠧᠲᠷ ᠪᠠᠶᠢᠵᠤ᠂ 50 ᠭᠠᠷᠤᠢ ᠴᠠᠭ ᠠᠶᠠᠯᠠᠳᠠᠭ ᠪᠠᠶᠢᠪᠠ᠃ 2017 ᠣᠨ ᠳᠤ᠂ ᠮᠠᠨ ᠤ ᠣᠷᠣᠨ ᠤ ᠠᠩᠬᠠᠳᠠᠭᠴᠢ ᠳᠡᠭᠡᠳᠦ | ᠬᠤᠷᠳᠤ ᠶᠢᠨ ᠲᠡᠮᠦᠷ ᠵᠠᠮ ᠪᠣᠯᠬᠤ ᠴᠢᠭᠤᠯᠤᠯᠲᠤ ᠬᠠᠭᠠᠯᠭ᠎ᠠ ᠠᠴᠠ ᠬᠥᠬᠡᠬᠤᠲᠠ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠤᠨ ᠤᠯᠠᠭᠠᠨᠴᠠᠪ ᠠᠴᠠ ᠬᠥᠬᠡᠬᠤᠲᠠ ᠶᠢᠨ | ᠵᠡᠭᠦᠨ ᠬᠡᠰᠡᠭ ᠬᠦᠷᠬᠦ ᠲᠡᠮᠦᠷ ᠵᠠᠮ ᠨᠢ ᠵᠢᠩᠬᠢᠨᠢ ᠪᠠᠷ ᠲᠡᠷᠭᠡ ᠨᠡᠪᠲᠡᠷᠡᠪᠡ᠃ 2023 ᠣᠨ ᠪᠣᠯᠬᠤ ᠳᠤ᠂ ᠲᠡᠮᠦᠷ ᠵᠠᠮ ᠤᠨ ᠡᠵᠡᠩᠨᠡᠯᠲᠡ ᠶᠢᠨ ᠣᠷᠳᠣ ᠨᠢ 1.49 | ᠲᠦᠮᠡᠨ ᠺᠢᠯᠣᠮᠧᠲᠷ ᠲᠤ ᠬᠦᠷᠴᠦ᠂ ᠪᠥᠬᠦ ᠤᠯᠤᠰ ᠲᠤ ᠨᠢᠭᠡᠳᠦᠭᠡᠷ ᠲᠤ ᠵᠢᠭᠰᠠᠭᠠᠭᠳᠠᠪᠠ᠂ ᠡᠭᠦᠨ ᠳᠤ ᠳᠡᠭᠡᠳᠦ ᠬᠤᠷᠳᠤ ᠶᠢᠨ ᠲᠡᠮᠦᠷ ᠵᠠᠮ ᠤᠨ ᠣᠷᠳᠣ 548 | ᠺᠢᠯᠣᠮᠧᠲᠷ ᠪᠠᠶᠢᠯ᠎ᠠ᠃ ᠬᠥᠬᠡᠬᠤᠲᠠ᠂ ᠤᠯᠠᠭᠠᠨᠴᠠᠪ ᠬᠤᠲᠠ᠂ ᠲᠦᠩᠯᠢᠶᠣᠤ ᠬᠤᠲᠠ᠂ ᠤᠯᠠᠭᠠᠨᠬᠠᠳᠠ ᠬᠤᠲᠠ ᠠᠴᠠ ᠪᠡᠭᠡᠵᠢᠩ ᠳᠤ ᠣᠷᠣᠬᠤ ᠳᠡᠭᠡᠳᠦ ᠬᠤᠷᠳᠤ ᠶᠢᠨ | ᠲᠡᠮᠦᠷ ᠵᠠᠮ ᠨᠡᠪᠲᠡᠷᠡᠬᠦ ᠶᠢ ᠪᠡᠶᠡᠯᠡᠭᠦᠯᠵᠦ᠂ ᠬᠥᠬᠡᠬᠤᠲᠠ ᠨᠢᠭᠡᠨᠲᠡ ᠪᠡᠭᠡᠵᠢᠩ ᠲᠢᠶᠠᠨᠵᠢᠨ ᠾᠧᠪᠧᠶ ᠬᠤᠭᠤᠷᠣᠨᠳᠤ ᠪᠠᠨ 2 ᠴᠠᠭ ᠤᠨ ᠳᠣᠲᠣᠷ᠎ᠠ ᠬᠦᠷᠴᠦ ᠣᠴᠢᠬᠤ | ᠬᠤᠲᠠ ᠶᠢᠨ ᠲᠣᠭᠤᠷᠢᠭ ᠲᠤ ᠪᠠᠭᠲᠠᠭᠳᠠᠨ ᠠᠭᠤᠰᠤᠯᠴᠠᠪᠠ᠃ | ᠭᠤᠷᠪᠠ ᠳᠤ᠂ ᠠᠷᠠᠳ ᠤᠨ ᠠᠭᠠᠷ ᠤᠨ ᠲᠡᠭᠡᠭᠡᠪᠦᠷᠢ ᠶᠢᠨ ᠳᠦᠷᠰᠦ ᠪᠠᠶᠢᠳᠠᠯ ᠰᠢᠨᠡᠳᠴᠦ᠂ ᠠᠭᠠᠷ ᠠᠶᠠᠯᠠᠯ ᠤᠨ ᠱᠤᠭᠤᠮ ᠤᠨ ᠲᠣᠣᠷ ᠪᠠ ᠨᠢᠰᠬᠡᠯ ᠤᠨ | ᠪᠠᠭᠤᠳᠠᠯ ᠤᠨ ᠬᠡᠪᠴᠢᠶ᠎ᠡ ᠲᠠᠰᠤᠷᠠᠯᠲᠠ ᠦᠭᠡᠢ ᠥᠷᠭᠡᠵᠢᠪᠡ᠃ 1959 ᠣᠨ ᠳᠤ᠂ ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ | ᠬᠠᠮᠢᠶᠠᠷᠤᠯᠲᠠ ᠶᠢᠨ ᠲᠣᠪᠴᠢᠶ᠎ᠠ ᠪᠠᠶᠢᠭᠤᠯᠤᠭᠳᠠᠬᠤ ᠶᠢ ᠳᠠᠭᠠᠯᠳᠤᠨ᠂ ᠮᠠᠨ ᠤ ᠣᠷᠣᠨ ᠤ ᠠᠷᠠᠳ ᠤᠨ ᠠᠭᠠᠷ ᠤᠨ ᠲᠡᠭᠡᠭᠡᠪᠦᠷᠢ ᠶᠢᠨ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠲᠦᠷᠭᠡᠨ ᠬᠥᠭᠵᠢᠵᠦ᠂ ᠬᠥᠬᠡᠬᠤᠲᠠ᠂ ᠰᠢᠯᠢ ᠶᠢᠨ ᠬᠤᠲᠠ᠂ ᠲᠦᠩᠯᠢᠶᠣᠣ ᠵᠡᠷᠭᠡ ᠨᠢᠰᠬᠡᠯ ᠤᠨ ᠪᠠᠭᠤᠳᠠᠯ ᠢ ᠰᠢᠨ᠎ᠡ ᠪᠠᠷ ᠪᠠᠶᠢᠭᠤᠯᠵᠤ᠂ | ᠤᠯᠠᠭᠠᠨᠬᠠᠳᠠ ᠶᠢᠨ ᠨᠢᠰᠬᠡᠯ ᠤᠨ ᠪᠠᠭᠤᠳᠠᠯ ᠢ ᠰᠡᠯᠪᠢᠨ ᠵᠠᠰᠠᠵᠤ᠂ ᠨᠢᠭᠡᠬᠡᠨ ᠵᠢᠯ ᠪᠡᠯᠡᠳᠬᠡᠨ ᠪᠠᠶᠢᠭᠤᠯᠤᠭᠠᠳ᠂ ᠪᠥᠬᠦ ᠣᠷᠣᠨ ᠤ 6 ᠠᠶᠢᠮᠠᠭ ᠬᠤᠲᠠ ᠶᠢᠨ ᠬᠢᠨ | ᠨᠢᠰᠬᠡᠯ ᠢᠶᠠᠷ ᠬᠥᠬᠡᠬᠤᠲᠠ ᠪᠠ ᠪᠡᠭᠡᠵᠢᠩ ᠳᠤ ᠬᠦᠷᠴᠦ ᠳᠡᠶᠢᠯᠬᠦ ᠪᠣᠯᠪᠠ᠃ 2016 ᠣᠨ ᠳᠤ᠂ ᠤᠯᠠᠭᠠᠨᠴᠠᠪ ᠤᠨ ᠵᠢᠨᠢᠩ ᠨᠢᠰᠬᠡᠯ ᠤᠨ ᠪᠠᠭᠤᠳᠠᠯ ᠪᠠᠶᠢᠭᠤᠯᠤᠭᠳᠠᠨ | ᠠᠭᠠᠷ ᠤᠨ ᠠᠶᠠᠯᠠᠯ ᠨᠡᠪᠲᠡᠷᠡᠵᠦ᠂ ᠪᠦᠬᠦ ᠣᠷᠣᠨ ᠤ 12 ᠠᠶᠢᠮᠠᠭ ᠬᠤᠳᠠ ᠳᠤ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠲᠠᠢ ᠪᠣᠯᠬᠤ ᠶᠢ | ᠪᠡᠶᠡᠯᠡᠭᠦᠯᠵᠡᠢ᠃ 2024 ᠣᠨ ᠳᠤ᠂ ᠬᠤᠸᠠᠰᠢᠶᠠ ᠠᠭᠠᠷ ᠠᠶᠠᠯᠠᠯ ᠤᠨ ᠺᠣᠮᠫᠠᠨᠢ ᠶᠢᠨ CRJ900 ᠨᠢᠰᠬᠡᠯ ᠠᠯᠠᠱᠠ ᠵᠡᠭᠦᠨ ᠬᠤᠰᠢᠭᠤᠨ ᠤ ᠨᠢᠰᠬᠡᠯ ᠤᠨ | ᠪᠠᠭᠤᠳᠠᠯ ᠠᠴᠠ ᠨᠢᠰᠴᠦ᠂ ᠬᠠᠮᠤᠭ ᠤᠨ ᠵᠡᠭᠦᠨ ᠬᠡᠰᠡᠭ ᠲᠠᠬᠢ ᠬᠥᠯᠥᠨ ᠪᠤᠶᠢᠷ ᠬᠤᠲᠠ ᠳᠤ ᠪᠠᠭᠤᠭᠰᠠᠨ ᠨᠢ ᠤᠯᠤᠰ ᠤᠨ ᠳᠣᠲᠣᠭᠠᠳᠤᠬᠢ ᠠᠶᠠᠯᠠᠯ ᠤᠨ ᠵᠠᠢ ᠪᠠᠷ | ᠬᠠᠮᠤᠭ ᠤᠨ ᠤᠷᠲᠤ ᠪᠣᠯᠬᠤ ᠰᠠᠯᠪᠤᠷᠢ ᠱᠤᠭᠤᠮ ᠳᠠᠬᠢ ᠨᠢᠰᠭᠡᠯ ᠤᠨ ᠪᠠᠭᠤᠳᠠᠯ ᠤᠨ ᠬᠤᠭᠤᠷᠤᠨᠳᠤᠬᠢ ᠠᠩᠬᠠᠳᠠᠭᠴᠢ ᠠᠶᠠᠯᠠᠯ ᠪᠣᠯᠪᠠ᠃ ᠣᠳᠣᠬᠠᠨ ᠳᠤ᠂ ᠮᠠᠨ ᠤ | ᠣᠷᠣᠨ ᠳᠤ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ 49 ᠪᠠᠶᠢᠵᠤ᠂ ᠪᠦᠬᠦ ᠤᠯᠤᠰ ᠲᠤ 3 ᠳ᠋ᠤᠭᠠᠷ ᠲᠤ ᠪᠠᠶᠢᠷᠢᠯᠠᠵᠤ ᠪᠣᠢ᠂ ᠡᠭᠦᠨ ᠳᠤ ᠲᠡᠭᠡᠭᠡᠪᠦᠷᠢ ᠶᠢᠨ | ᠨᠢᠰᠬᠡᠯ ᠤᠨ ᠪᠠᠭᠤᠳᠠᠯ 20 ᠪᠠᠶᠢᠵᠤ᠂ ︽ᠰᠠᠯᠪᠤᠷᠢ ᠱᠤᠭᠤᠮ ᠤᠨ ᠰᠢᠭᠤᠳ ᠨᠡᠪᠲᠡᠷᠡᠯ︾ ᠤᠨ ᠠᠶᠠᠯᠠᠯ ᠤᠨ ᠱᠤᠭᠤᠮ ᠢ 55 ᠵᠣᠷᠪᠤᠰ ᠨᠠᠪᠲᠠᠷᠡᠭᠦᠯᠵᠦ᠂ ᠣᠷᠣᠨ ᠤ | ᠳᠣᠲᠣᠷᠠᠬᠢ ᠠᠶᠢᠮᠠᠭ ᠬᠤᠲᠠ ᠶᠢ ᠨᠡᠶᠢᠳᠡᠮ ᠬᠠᠮᠤᠷᠬᠤ ᠶᠢ ᠪᠡᠶᠡᠯᠡᠭᠦᠯᠪᠡ᠃ | ᠳᠥᠷᠪᠡ ᠳᠤ᠂ ᠵᠠᠮ ᠲᠡᠭᠡᠭᠡᠪᠦᠷᠢ ᠶᠢ ᠠᠭᠤᠰᠤᠯᠴᠠᠭᠤᠯᠤᠨ ᠬᠥᠭᠵᠢᠭᠦᠯᠵᠦ᠂ ᠵᠠᠮ ᠬᠠᠷᠢᠯᠴᠠᠭᠠᠨ ᠤ ᠲᠡᠭᠡᠭᠡᠪᠦᠷᠢᠯᠡᠬᠦ ᠬᠡᠮᠵᠢᠶ᠎ᠡ ᠶᠡᠭᠡ ᠪᠠᠷ ᠨᠡᠮᠡᠭᠳᠡᠪᠡ᠃ ᠰᠢᠨ᠎ᠡ | ᠳᠤᠮᠳᠠᠳᠤ ᠤᠯᠤᠰ ᠪᠠᠶᠢᠭᠤᠯᠤᠭᠳᠠᠬᠤ ᠦᠶ᠎ᠡ ᠳᠤ᠂ ᠮᠠᠨ ᠤ ᠣᠷᠣᠨ ᠦᠬᠡᠷ ᠲᠡᠷᠭᠡ᠂ ᠮᠣᠷᠢᠨ ᠲᠡᠷᠭᠡ᠂ ᠲᠡᠮᠡᠭᠡᠨ ᠵᠢᠩ᠂ ᠡᠯᠵᠢᠭᠡᠨ ᠠᠴᠢᠶ᠎ᠠ ᠵᠡᠷᠭᠡ ᠪᠠᠷ ᠭᠤᠣᠯ ᠪᠣᠯᠬᠤ | ᠲᠡᠭᠡᠭᠡᠪᠦᠷᠢ ᠶᠢᠨ ᠪᠠᠭᠠᠵᠢ ᠪᠣᠯᠭᠠᠵᠤ ᠪᠠᠶᠢᠪᠠ᠃ ᠵᠢᠷᠠᠭᠠᠳ ᠣᠨ ᠤ ᠡᠬᠢᠨ ᠪᠣᠯᠬᠤ ᠳᠤ᠂ ᠭᠤᠣᠯ ᠪᠣᠯᠬᠤ ᠵᠠᠰᠠᠮᠠᠯ ᠵᠠᠮ ᠤᠨ ᠲᠡᠭᠡᠭᠡᠪᠦᠷᠢ ᠶᠢᠨ ᠱᠤᠭᠤᠮ ᠪᠠ ᠭᠤᠣᠯ | ᠪᠣᠯᠬᠤ ᠡᠳ᠋ ᠪᠠᠷᠠᠭᠠᠨ ᠤ ᠲᠡᠭᠡᠭᠡᠪᠦᠷᠢ ᠶᠢᠨ ᠲᠠᠯ᠎ᠠ ᠪᠠᠷ ᠮᠠᠰᠢᠨ ᠲᠡᠷᠭᠡ ᠨᠢ ᠬᠦᠯᠦᠰᠢᠨ ᠲᠡᠷᠭᠡ ᠶᠢ ᠣᠷᠣᠯᠠᠪᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠦᠷᠭᠦᠯᠵᠢᠯᠡᠨ ᠲᠦᠷᠭᠡᠳᠬᠦ᠂ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠤᠨ | ᠲᠠᠰᠤᠷᠠᠯᠲᠠ ᠦᠭᠡᠢ ᠲᠡᠭᠦᠯᠳᠡᠷᠵᠢᠬᠦ ᠶᠢ ᠳᠠᠭᠠᠯᠳᠤᠨ᠂ ᠮᠠᠨ ᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠪᠣᠭᠤᠮᠢ ᠶᠢᠨ ᠬᠢᠵᠠᠭᠠᠷᠯᠠᠯ ᠲᠠᠢ | ᠪᠠᠶᠢᠭᠰᠠᠨ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠨᠳᠦᠰᠦᠨ ᠳᠤ ᠪᠠᠨ ᠵᠣᠬᠢᠴᠠᠬᠤ ᠪᠣᠯᠣᠭᠰᠠᠨ ᠬᠤᠪᠢᠷᠠᠯᠲᠠ ᠶᠢ ᠪᠡᠶᠡᠯᠡᠭᠦᠯᠵᠡᠢ᠃ ᠪᠠᠷᠠᠭᠠᠨ ᠤ | ᠲᠡᠭᠡᠭᠡᠪᠦᠷᠢ ᠶᠢᠨ ᠲᠠᠯ᠎ᠠ ᠪᠠᠷ᠂ 2024 ᠣᠨ ᠤ 1 – 8 ᠳ᠋ᠤᠭᠠᠷ ᠰᠠᠷ᠎ᠠ ᠳᠤ᠂ ᠶᠡᠷᠦᠩᠬᠡᠶᠢᠯᠡᠭᠰᠡᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 16.4 ᠳ᠋ᠦᠩᠰᠢᠭᠤᠷ | ᠲᠣᠨ᠂ ᠪᠠᠷᠠᠭᠠᠨ ᠤ ᠡᠷᠭᠢᠯᠲᠡ ᠶᠢᠨ ᠬᠡᠮᠵᠢᠶ᠎ᠡ 3679.1 ᠳ᠋ᠦᠩᠰᠢᠭᠤᠷ ᠲᠣᠨ ᠺᠢᠯᠣᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.1% ᠪᠠ 2. | 1% ᠪᠠᠷ ᠨᠡᠮᠡᠭᠳᠡᠨ᠂ ᠪᠥᠬᠦ ᠤᠯᠤᠰ ᠤᠨ ᠬᠢ ᠠᠴᠠ 2.9 ᠪᠠ 0.8 ᠵᠠᠭᠤᠨ ᠤ ᠴᠡᠭ ᠢᠶᠠᠷ ᠥᠨᠳᠥᠷ ᠪᠣᠯᠪᠠ︔ ᠬᠢᠯᠢ ᠶᠢᠨ ᠪᠣᠭᠤᠮᠲᠠ ᠶᠢᠨ ᠬᠢᠯᠢ ᠪᠠᠷ ᠣᠷᠣᠭᠤᠯᠵᠤ | ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 8247.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.3% ᠪᠠᠷ ᠨᠡᠮᠡᠭᠳᠡᠪᠡ᠃ | ᠠᠶᠠᠨᠴᠢᠳ ᠤᠨ ᠵᠥᠭᠡᠭᠡᠪᠦᠷᠢ ᠶᠢᠨ ᠲᠠᠯ᠎ᠠ ᠪᠠᠷ᠂ 2024 ᠣᠨ ᠤ 1 – 8 ᠳ᠋ᠤᠭᠠᠷ ᠰᠠᠷ᠎ᠠ ᠳᠤ᠂ ᠶᠡᠷᠦᠩᠬᠡᠶᠢᠯᠡᠭᠰᠡᠨ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ | 6906.5 ᠲᠦᠮᠡᠨ ᠬᠥᠮᠥᠨ ᠤᠳᠠᠭ᠎ᠠ᠂ ᠠᠶᠠᠨᠴᠢᠳ ᠤᠨ ᠡᠷᠭᠢᠯᠲᠡ ᠶᠢᠨ ᠬᠡᠮᠵᠢᠶ᠎ᠡ 161.7 ᠳ᠋ᠦᠩᠰᠢᠭᠤᠷ ᠬᠥᠮᠥᠨ ᠺᠢᠯᠣᠮᠧᠲᠷ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ ᠲᠣᠰ ᠲᠣᠰ 16.7% ᠪᠠ 9% ᠪᠠᠷ ᠨᠡᠮᠡᠭᠳᠡᠨ᠂ ᠲᠣᠰ ᠲᠣᠰ ᠪᠥᠬᠦ ᠤᠯᠤᠰ ᠤᠨ ᠬᠢ ᠠᠴᠠ 4.9 ᠵᠠᠭᠤᠨ ᠤ ᠴᠡᠭ ᠢᠶᠠᠷ ᠥᠨᠳᠥᠷ | ᠪᠠ 1.4 ᠵᠠᠭᠤᠨ ᠤ ᠴᠡᠭ ᠢᠶᠠᠷ ᠳᠣᠣᠷ᠎ᠠ ᠪᠣᠯᠪᠠ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠨᠢ ︽ᠪᠠᠶᠢᠬᠤ ᠡᠰᠡᠬᠦ︾ ᠠᠴᠠ ᠪᠠᠨ | ︽ᠬᠦᠷᠦᠯᠴᠡᠬᠦ ᠡᠰᠡᠬᠦ︾ ᠪᠣᠯᠵᠤ᠂ ᠳᠠᠬᠢᠭᠠᠳ ︽ᠰᠠᠶᠢᠨ ᠡᠰᠡᠬᠦ︾ ᠪᠣᠯᠤᠭᠰᠠᠨ ᠯᠤᠲᠤ ᠶᠡᠭᠡ ᠬᠤᠪᠢᠷᠠᠯᠲᠠ ᠶᠢ ᠥᠩᠭᠡᠷᠡᠭᠦᠯᠪᠡ᠃ ᠰᠢᠨ᠎ᠡ ᠠᠶᠠᠨ ᠳᠤ᠂ ᠮᠠᠨ ᠤ ᠣᠷᠣᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠬᠦᠨᠳᠡᠯᠡᠨ ᠢᠶᠠᠷ ᠵᠡᠭᠦᠨᠰᠢ ᠪᠠᠷᠠᠭᠤᠨᠰᠢ ᠨᠡᠪᠲᠡᠷᠡᠭᠦᠯᠬᠦ᠂ ᠭᠤᠯᠳᠤ ᠪᠠᠷ | ᠡᠮᠦᠨ᠎ᠡ ᠤᠮᠠᠷ᠎ᠠ ᠶᠢ ᠬᠤᠯᠪᠣᠬᠤ᠂ ᠪᠡᠭᠡᠵᠢᠩ ᠳᠤ ᠰᠢᠭᠤᠳ ᠬᠦᠷᠬᠦ᠂ ᠨᠠᠢᠮᠠᠨ ᠮᠤᠵᠢ ᠯᠤᠭ᠎ᠠ ᠰᠢᠭᠤᠳ ᠬᠤᠯᠪᠤᠬᠤ᠂ ᠬᠢᠯᠢ ᠬᠢᠵᠠᠭᠠᠷ ᠪᠠ ᠳᠠᠯᠠᠢ ᠲᠠᠩᠭᠢᠰ ᠤᠨ ᠡᠷᠭᠢ | ᠬᠥᠪᠡᠭᠡᠨ ᠳᠤ ᠬᠦᠷᠬᠦ᠂ ᠬᠤᠳᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠢ ᠪᠦᠬᠦ | ᠬᠦᠴᠦᠨ ᠢᠶᠠᠷ ᠢᠶᠠᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠠᠬᠢ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ | ᠴᠢᠩᠭ᠎ᠠ ᠬᠦᠴᠦᠲᠡᠢ ᠲᠤᠯᠭᠠᠭᠤᠷᠢᠯᠠᠯ ᠪᠠᠲᠤᠯᠠᠭ᠎ᠠ ᠬᠠᠩᠭᠠᠬᠤ ᠪᠣᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ︶ | | | | |