ᠬᠤᠨᠢᠴᠢᠨ ᠭᠤᠤᠯ ᠪᠠᠯᠭᠠᠰᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ 2023 ᠣᠨ ᠤ ᠤᠯᠤᠰ ᠤᠨ ᠭᠠᠵᠠᠷ ᠰᠢᠷᠣᠶ ᠶᠢᠨ ᠬᠤᠪᠢᠷᠠᠯᠲᠠ ᠶᠢᠨ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ
ᠨᠡᠶᠢᠲᠡᠯᠡᠭᠰᠡᠨ ᠴᠠᠭ᠄
2024/10/31
        ᠣᠶᠢᠷ᠎ᠠ ᠳᠤ᠂ ᠬᠤᠨᠢᠴᠢᠨ ᠭᠤᠤᠯ ᠪᠠᠯᠭᠠᠰᠤ ᠭᠠᠵᠠᠷ ᠰᠢᠷᠣᠶ ᠶᠢᠨ ᠬᠤᠪᠢᠷᠠᠯᠲᠠ ᠶᠢᠨ ᠪᠠᠶᠢᠴᠠᠭᠠᠯᠲᠠ ᠶᠢᠨ ᠠᠵᠢᠯ ᠥᠷᠨᠢᠭᠦᠯᠵᠦ᠂ ᠬᠤᠨᠢᠴᠢᠨ ᠭᠤᠤᠯ ᠪᠠᠯᠭᠠᠰᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ ᠤᠨ ᠠᠵᠢᠯᠲᠠᠳ ᠤᠯᠤᠰ ᠤᠨ ᠲᠠᠰ ᠤᠨ ᠭᠠᠳᠠᠷ ᠠᠵᠢᠯ ᠲᠥᠷᠥᠯ ᠤᠨ ᠬᠤᠪᠢᠷᠠᠯᠲᠠ ᠶᠢᠨ ᠪᠠᠶᠢᠴᠠᠭᠠᠯᠲᠠ ᠎ ᠳᠤ ᠢᠳᠡᠪᠬᠢᠲᠡᠶ ᠬᠠᠮᠵᠢᠯᠴᠠᠵᠤ᠂ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠣᠳᠣᠬᠢ ᠪᠠᠶᠢᠳᠠᠯ ᠤᠨ ᠴᠢᠨᠠᠷ ᠢ ᠦᠨᠡᠨ ᠬᠦ ᠪᠠᠲᠤᠯᠠᠪᠠ᠃       ᠬᠤᠨᠢᠴᠢᠨ ᠭᠤᠤᠯ ᠪᠠᠯᠭᠠᠰᠤ ᠳᠡᠭᠡᠳᠦ ᠱᠠᠲᠤᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠤᠯᠤᠰ ᠤᠨ ᠭᠠᠵᠠᠷ ᠰᠢᠷᠣᠶ ᠶᠢᠨ ᠬᠤᠪᠢᠷᠠᠯᠲᠠ ᠶᠢᠨ ᠪᠠᠶᠢᠴᠠᠭᠠᠯᠲᠠ ᠶᠢᠨ ᠵᠢᠷᠤᠮᠵᠢᠯᠳᠤ ᠴᠢᠨᠠᠷ᠂ ᠦᠨᠡᠨ ᠪᠣᠳᠠᠲᠤ ᠴᠢᠨᠠᠷ ᠪᠠ ᠣᠨᠣᠪᠴᠢᠲᠤ ᠴᠢᠨᠠᠷ ᠢ ᠦᠨᠡᠨ ᠬᠦ ᠪᠠᠲᠤᠯᠠᠵᠤ᠂ ᠪᠠᠶᠢᠭᠠᠯᠢ ᠶᠢᠨ ᠡᠬᠢ ᠪᠠᠶᠠᠯᠢᠭ ᠢ ᠶᠡᠷᠦᠩᠬᠡᠶᠢᠯᠡᠨ ᠵᠠᠰᠠᠬᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ᠂ ᠡᠯ᠎ᠡ ᠵᠦᠶᠯ ᠤᠨ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠬᠠᠩᠭᠠᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ