ᠡᠵᠡᠨ ᠵᠠᠰᠠᠭ ᠲᠠᠷᠬᠠᠭᠠᠭᠰᠠᠨ〔2024〕99 ᠳ᠋ᠤᠭᠡᠷ ᠲᠤᠭᠠᠳᠤ
ᠨᠡᠶᠢᠲᠡᠯᠡᠭᠰᠡᠨ ᠴᠠᠭ᠄
2024/11/10
          ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠨᠡᠶᠢᠲᠡᠯᠡᠬᠦ ᠲᠤᠬᠠᠶ            ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ                                     ᠡᠵᠡᠨ ᠵᠠᠰᠠᠭ ᠲᠠᠷᠬᠠᠭᠠᠭᠰᠠᠨ〔2024〕99 ᠳ᠋ᠤᠭᠡᠷ ᠲᠤᠭᠠᠳᠤᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠨᠢᠭᠡᠴᠢ᠄       ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠶᠣᠰᠣᠭᠠᠷ ᠬᠠᠤᠯᠢ ᠬᠡᠷᠡᠭᠵᠢᠭᠦᠯᠬᠦ ᠶᠢ ᠳᠦᠷᠢᠮᠵᠢᠭᠦᠯᠬᠦ ᠪᠠ ᠪᠠᠲᠤᠯᠠᠬᠤ ᠶᠢᠨ ᠲᠦᠯᠦᠭᠡ᠂ ᠠᠷᠠᠳ ᠢᠷᠭᠡᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ᠂《ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ( ᠬᠢᠨᠠᠯᠲᠠ ᠲᠠᠯᠪᠢᠬᠤ ) ᠠᠵᠢᠯᠲᠠᠨ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠶᠯᠡᠰ ᠢ ᠡᠮᠬᠢᠯᠡᠨ ᠢᠯᠭᠠᠷᠠᠭᠤᠯᠵᠤ ᠨᠤᠲᠠᠯᠠᠬᠤ ᠠᠵᠢᠯ ᠢ ᠥᠷᠨᠢᠭᠦᠯᠬᠦ ᠲᠤᠬᠠᠶ ᠣᠷᠳᠣᠰ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠮᠡᠳᠡᠭᠳᠡᠯ 》᠎ ᠢ ᠦᠨᠳᠦᠰᠦᠯᠡᠨ᠂《 ᠪᠦᠭᠦᠲᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ 》᠂ 《 ᠪᠦᠭᠦᠲᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ 》᠂ 《 ᠪᠦᠭᠦᠲᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠠᠤᠯᠢ 》ᠪᠣᠯᠤᠨ《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠳᠤ ᠬᠢᠨᠠᠯᠳᠠ ᠲᠠᠯᠪᠢᠬᠤ ᠲᠦᠷᠢᠮ ᠲᠤᠭᠳᠠᠭᠠᠯ︾᠎ ᠢ ᠦᠨᠳᠦᠰᠦᠯᠡᠨ᠂ ᠪᠠᠶᠢᠭᠤᠯᠤᠮᠵᠢ ᠶᠢᠨ ᠥᠭᠡᠷᠡᠴᠢᠯᠡᠯᠲᠡ ᠵᠢᠴᠢ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠶᠢᠨ ᠪᠣᠳᠠᠲᠠᠶ ᠲᠠᠢ ᠤᠶᠠᠯᠳᠤᠭᠤᠯᠤᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠵᠦᠪᠰᠢᠶᠡᠷᠡᠯ ᠢᠶᠠᠷ ᠲᠠᠮᠵᠢᠨ᠂ ᠡᠳᠦᠭᠡ ᠳᠣᠣᠷᠠᠬᠢ 40 ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢ ᠨᠡᠶᠢᠲᠡᠯᠡᠪᠡ᠃       ᠨᠢᠭᠡ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ᠂ ᠡᠷᠬᠡ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ( 40)       1 ᠡᠵᠡᠨ ᠬᠤᠷᠤᠭ᠎ᠠ ᠬᠤᠰᠢᠭᠤᠨ ᠤ ᠲᠠᠩᠰᠠ ᠡᠪᠬᠡᠮᠡᠯ ᠤᠨ ᠲᠣᠪᠴᠢᠶ᠎ᠠ       2 ᠡᠵᠡᠨ ᠬᠤᠷᠤᠭ᠎ᠠ ᠬᠤᠰᠢᠭᠤᠨ ᠤ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ       3 ᠡᠵᠡᠨ ᠬᠤᠷᠤᠭ᠎ᠠ ᠬᠤᠰᠢᠭᠤᠨ ᠤ ᠱᠠᠰᠢᠨ ᠰᠤᠷᠲᠠᠬᠤᠨ ᠤ ᠬᠡᠷᠡᠭ ᠡᠷᠭᠢᠯᠡᠬᠦ ᠲᠣᠪᠴᠢᠶ᠎ᠠ       4 ᠡᠵᠡᠨ ᠬᠤᠷᠤᠭ᠎ᠠ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ       5 ᠡᠵᠡᠨ ᠬᠤᠷᠤᠭ᠎ᠠ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ       6 ᠡᠵᠡᠨ ᠬᠤᠷᠤᠭ᠎ᠠ ᠬᠤᠰᠢᠭᠤᠨ ᠤ ᠠᠵᠤ ᠦᠶᠯᠡᠳᠪᠦᠷᠢ ᠶᠢᠨ ᠮᠡᠳᠡᠭᠡ ᠵᠠᠩᠭᠢᠵᠢᠯᠲᠠ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ       7 ᠡᠵᠡᠨ ᠬᠤᠷᠤᠭ᠎ᠠ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ       8 ᠡᠵᠡᠨ ᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ       9 ᠡᠵᠡᠨ ᠬᠤᠷᠤᠭ᠎ᠠ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ       10 ᠡᠵᠡᠨ ᠬᠤᠷᠤᠭ᠎ᠠ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ       11 ᠡᠵᠡᠨ ᠬᠤᠷᠤᠭ᠎ᠠ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ       12 ᠡᠵᠡᠨ ᠬᠤᠷᠤᠭ᠎ᠠ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ       13 ᠡᠵᠡᠨ ᠬᠤᠷᠤᠭ᠎ᠠ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ       14 ᠡᠵᠡᠨ ᠬᠤᠷᠤᠭ᠎ᠠ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ       15 ᠡᠵᠡᠨ ᠬᠤᠷᠤᠭ᠎ᠠ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ       16 ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠤᠰᠤᠨ ᠠᠰᠢᠭᠯᠠᠯᠲᠠ ᠶᠢᠨ ᠲᠣᠪᠴᠢᠶ᠎ᠠ       17 ᠡᠵᠡᠨ ᠬᠤᠷᠤᠭ᠎ᠠ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ       18 ᠡᠵᠡᠨ ᠬᠤᠷᠤᠭ᠎ᠠ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ       19 ᠡᠵᠡᠨ ᠬᠤᠷᠤᠭ᠎ᠠ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ       20 ᠡᠵᠡᠨ ᠬᠤᠷᠤᠭ᠎ᠠ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ       21 ᠡᠵᠡᠨ ᠬᠤᠷᠤᠭ᠎ᠠ ᠬᠤᠰᠢᠭᠤᠨ ᠤ ᠬᠢᠨᠠᠨ ᠪᠤᠳᠤᠬᠤ ᠲᠣᠪᠴᠢᠶ᠎ᠠ       22 ᠡᠵᠡᠨ ᠬᠤᠷᠤᠭ᠎ᠠ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ       23 ᠡᠵᠡᠨ ᠬᠤᠷᠤᠭ᠎ᠠ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ       24 ᠡᠵᠡᠨ ᠬᠤᠷᠤᠭ᠎ᠠ ᠬᠤᠰᠢᠭᠤᠨ ᠤ ᠡᠨᠧᠷᠭᠢ ᠶᠢᠨ ᠲᠣᠪᠴᠢᠶ᠎ᠠ       25 ᠡᠵᠡᠨ ᠬᠤᠷᠤᠭ᠎ᠠ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ       26 ᠡᠵᠡᠨ ᠬᠤᠷᠤᠭ᠎ᠠ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ       27 ᠡᠵᠡᠨ ᠬᠤᠷᠤᠭ᠎ᠠ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ       28 ᠡᠵᠡᠨ ᠬᠤᠷᠤᠭ᠎ᠠ ᠬᠤᠰᠢᠭᠤᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ       29 ᠡᠵᠡᠨ ᠬᠤᠷᠤᠭ᠎ᠠ ᠬᠤᠰᠢᠭᠤᠨ ᠤ ᠠᠯᠳᠠᠨᠰᠢᠷᠡᠭᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ       30 ᠡᠵᠡᠨ ᠬᠤᠷᠤᠭ᠎ᠠ ᠬᠤᠰᠢᠭᠤᠨ ᠤ ᠤᠯᠠᠭᠠᠨᠮᠦ᠋ᠷᠡᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ       31 ᠡᠵᠡᠨ ᠬᠤᠷᠤᠭ᠎ᠠ ᠬᠤᠰᠢᠭᠤᠨ ᠤ ᠡᠵᠡᠨ ᠬᠤᠷᠤᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ       32 ᠡᠵᠡᠨ ᠬᠤᠷᠤᠭ᠎ᠠ ᠬᠤᠰᠢᠭᠤᠨ ᠤ ᠵᠠᠰᠠᠭ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ       33  ᠡᠵᠡᠨ ᠬᠤᠷᠤᠭ᠎ᠠ ᠬᠤᠰᠢᠭᠤᠨ ᠤ  ᠨᠠᠷᠢᠨᠳᠤᠬᠤᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ       34  ᠡᠵᠡᠨ ᠬᠤᠷᠤᠭ᠎ᠠ ᠬᠤᠰᠢᠭᠤᠨ ᠤ ᠬᠤᠨᠢᠴᠢᠨᠭᠤᠤᠯ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ       35 ᠡᠵᠡᠨ ᠬᠤᠷᠤᠭ᠎ᠠ ᠬᠤᠰᠢᠭᠤᠨ ᠤ ᠰᠤᠪᠤᠷᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ       36  ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠴᠠᠭ ᠠᠭᠤᠷ ᠤᠨ ᠲᠣᠪᠴᠢᠶ᠎ᠠ       37 ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ       38 ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠣᠷᠳᠣᠰ ᠤᠨ ᠠᠭᠠᠷ ᠤᠨ ᠭᠠᠷᠠᠮ ᠤᠨ ᠪᠠᠷᠠᠭᠠᠨ ᠤ ᠭᠦᠶᠯᠭᠡᠭᠡᠨ ᠤ ᠬᠦᠷᠢᠶᠡᠯᠡᠩ ( ᠣᠷᠳᠣᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ )᠎ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ       39  ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠴᠢᠩᠭᠢᠰ ᠬᠠᠭᠠᠨ ᠤ ᠣᠩᠭᠤᠨ ᠤ ᠵᠢᠭᠤᠯᠴᠢᠯᠠᠯ ᠤᠨ ᠨᠡᠭᠡᠭᠡᠯᠲᠡ ᠶᠢᠨ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ       40  ᠡᠵᠡᠨ ᠬᠤᠷᠤᠭ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ        ᠬᠤᠶᠠᠷ᠂ ᠬᠤᠯᠪᠣᠭᠳᠠᠯ ᠪᠦᠬᠦᠢ ᠱᠠᠭᠠᠷᠳᠠᠯᠭ᠎ᠠ      ( ᠨᠢᠭᠡ ) ᠬᠤᠰᠢᠭᠤᠨ ᠤ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠨᠢ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠳᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠶᠴᠡᠳᠬᠡᠵᠦ᠂ ᠦᠨᠡᠨᠬᠦ ᠴᠢᠩᠭ᠎ᠠ᠂ ᠵᠢᠷᠤᠮᠵᠢᠭᠤᠨ᠂ ᠲᠥᠪ ᠭᠤᠤᠯᠴᠢ᠂ ᠪᠣᠯᠪᠠᠰᠤᠨ ᠎ ᠢᠶᠠᠷ ᠬᠠᠤᠯᠢ ᠬᠡᠷᠡᠭᠵᠢᠭᠦᠯᠵᠦ᠂ ᠣᠯᠠᠨ ᠨᠡᠶᠢᠲᠡ ᠶᠢᠨ ᠠᠰᠢᠭ ᠲᠤᠰᠠ ᠪᠠ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠶ᠃      ( ᠬᠤᠶᠠᠷ ) ᠨᠠᠶᠢᠳᠠᠵᠤ ᠬᠠᠤᠯᠢ ᠬᠡᠷᠡᠭᠵᠢᠭᠦᠯᠦᠭᠦᠯᠬᠦ ᠳᠤ᠂ ᠬᠠᠤᠯᠢ ᠶᠣᠰᠣᠭᠠᠷ ᠪᠢᠴᠢᠭᠯᠡᠭᠰᠡᠨ ᠨᠠᠶᠢᠳᠠᠯᠭ᠎ᠠ ᠶᠢᠨ ᠬᠡᠯᠡᠯᠴᠡᠭᠡᠷ ᠲᠣᠭᠲᠠᠵᠤ᠂ ᠲᠣᠰ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠳᠠᠩᠰᠠᠯᠠᠭᠤᠯᠬᠤ ᠶᠢᠨ ᠬᠠᠮᠲᠤ ᠨᠠᠶᠢᠳᠠᠯᠭ᠎ᠠ ᠬᠦᠯᠢᠶᠡᠭᠰᠡᠨ ᠭᠤᠤᠯ ᠴᠣᠭᠴᠠ ᠪᠠ ᠨᠠᠶᠢᠳᠠᠭᠰᠠᠨ ᠵᠠᠰᠠᠭ ᠵᠠᠬᠢᠷᠭᠠᠨ ᠤ ᠡᠷᠬᠡ ᠲᠤᠰᠢᠶᠠᠯ ᠤᠨ ᠠᠭᠤᠯᠭ᠎ᠠ ᠶᠢ ᠨᠡᠶᠢᠭᠡᠮ ᠳᠤ ᠵᠠᠷᠯᠠᠨ ᠨᠡᠶᠢᠲᠡᠯᠡᠬᠦ ᠬᠡᠷᠡᠭᠲᠡᠶ᠃ ᠬᠤᠰᠢᠭᠤᠨ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠨᠢ ᠲᠡᠭᠦᠨ ᠤ ᠬᠠᠷᠢᠶ᠎ᠠ ᠪᠥᠬᠦᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠬᠢᠷᠢ ᠬᠡᠮ ᠲᠠᠢ ᠰᠢᠭᠤᠳ ᠬᠠᠷᠢᠶ᠎ᠠ ᠪᠠᠶᠢᠭᠤᠯᠤᠮᠵᠢ᠂ ᠲᠣᠮᠢᠯᠠᠭᠰᠠᠨ ᠪᠠᠶᠢᠭᠤᠯᠤᠮᠵᠢ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠵᠡᠷᠭᠡ ᠶᠢ ᠥᠪᠡᠰᠦᠪᠡᠨ ᠨᠡᠶᠢᠭᠡᠮ ᠳᠤ ᠨᠡᠶᠢᠲᠡᠯᠡᠨ᠎ᠡ᠃      ( ᠭᠤᠷᠪᠠ ) ᠬᠤᠶᠢᠰᠢᠳᠠ᠂ ᠬᠤᠰᠢᠭᠤ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠡᠶᠡᠴᠢ ᠴᠣᠭᠴᠠ ᠶᠢ ᠪᠠᠶᠢᠭᠤᠯᠬᠤ᠂ ᠰᠠᠯᠭᠠᠬᠤ᠂ ᠨᠡᠶᠢᠯᠡᠭᠦᠯᠬᠦ ᠵᠢᠴᠢ ᠪᠡᠶᠡᠴᠢ ᠴᠣᠭᠴᠠ ᠶᠢᠨ ᠬᠢᠷᠢ ᠬᠡᠮ ᠢ ᠬᠦᠴᠦᠨ ᠥᠬᠡᠶ ᠪᠣᠯᠭᠠᠬᠤ ᠵᠡᠷᠭᠡ ᠪᠠᠶᠢᠳᠠᠯ ᠭᠠᠷᠪᠠᠯ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠣᠰ ᠪᠠᠶᠢᠳᠠᠯ ᠳᠤ ᠦᠨᠳᠦᠰᠦᠯᠡᠯ ᠪᠣᠯᠭᠠᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠨᠡᠶᠢᠲᠡᠯᠡᠭᠰᠡᠨ ᠪᠠ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠬᠦᠴᠦᠨ ᠲᠠᠢ ᠪᠣᠯᠤᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠪᠠᠶᠢᠴᠠᠭᠠᠯᠭᠠᠵᠤ  ᠵᠦᠪᠰᠢᠶᠡᠷᠡᠬᠦᠯᠦᠭᠰᠡᠨ ᠤ ᠳᠠᠷᠠᠭ᠎ᠠ ᠨᠡᠶᠢᠭᠡᠮ ᠳᠤ ᠨᠡᠶᠢᠲᠡᠯᠡᠬᠦ ᠬᠡᠷᠡᠭᠲᠡᠶ᠃                                  ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ                                       2024 ᠣᠨ ᠤ 10 ᠰᠠᠷ᠎ᠠ ᠶᠢᠨ 28᠎ ᠤ ᠡᠳᠦᠷ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ