ᠳᠤᠯᠠᠭᠠᠨ ᠬᠤᠲᠠ ᠶᠢᠨ ᠨᠢᠭᠡ ᠮᠥᠴᠡ ︵ᠨᠢᠬᠡ︶
ᠨᠡᠶᠢᠲᠡᠯᠡᠭᠰᠡᠨ ᠴᠠᠭ᠄
2024/11/13
      ᠨᠠᠮ ᠵᠢᠮ᠂ ᠡᠶ᠎ᠡ ᠨᠠᠶᠢᠷᠠᠮᠳᠠᠭᠤ ᠱᠦᠢ ᠠᠨ ᠰᠢᠨ᠎ᠡ ᠬᠤᠳᠠ ᠶᠢᠨ ᠵᠡᠭᠡᠯᠢ ᠭᠤᠳᠤᠮᠵᠢ ᠪᠠᠷ ᠠᠯᠬᠤᠯᠠᠬᠤᠶ᠎ᠠ᠂ ᠵᠠᠮ ᠰᠠᠷᠠᠭᠤᠯ ᠳᠠᠷᠳᠠᠩ᠂ ᠥᠨᠳᠥᠷ ᠠᠰᠠᠷ ᠰᠡᠬᠦᠶᠢᠨ ᠰᠦᠨᠳᠡᠷᠯᠡᠵᠦ᠂ ᠨᠡᠷᠡᠨ ᠤ ᠬᠡᠷᠡᠯ ᠳᠤ ᠬᠢᠯᠠᠯᠵᠠᠨ᠎ᠠ᠃ ᠬᠡᠷ ᠠᠴᠠ ᠪᠠᠨ ᠭᠠᠷᠤᠭᠠᠳ 5 ᠮᠢᠨᠦ᠋ᠲ ᠶᠠᠪᠤᠪᠠᠯ ᠴᠢᠯᠦᠬᠡᠳᠦ ᠳᠡᠯᠭᠡᠭᠦᠷ ᠲᠠᠢ᠂ ᠡᠮ ᠤᠨ ᠳᠡᠯᠭᠡᠭᠦᠷ  ᠲᠠᠢ᠂ ᠬᠤᠳᠠᠯᠳᠤᠭᠠᠨ ᠤ ᠲᠠᠯᠠᠪᠤᠷ ᠲᠠᠢ᠂ ᠡᠶᠢᠮᠦᠷᠬᠦ ᠠᠮᠢᠳᠤᠷᠠᠯ ᠤᠨ ᠲᠣᠭᠤᠷᠢᠭ ᠨᠢ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ᠂ ᠰᠡᠯᠡᠭᠦᠴᠡᠯ ᠵᠤᠭ᠎ᠠ ᠴᠡᠩᠭᠡᠯ ᠢ ᠬᠦᠢᠴᠡᠳ ᠬᠦᠷᠳᠡᠬᠡᠵᠦ ᠲᠠᠶᠢᠯᠦᠨ᠎ᠡ᠃      ᠡᠵᠡᠨ ᠬᠤᠷᠤᠭ᠎ᠠ ᠬᠤᠰᠢᠭᠤᠨ ᠤ ᠱᠦᠶ ᠠᠨ ᠰᠢᠨ᠎ᠡ ᠬᠤᠲᠠ ᠶᠢᠨ ᠰᠠᠭᠤᠭᠠᠯᠢ ᠠᠷᠠᠳ᠄       ᠪᠢᠳᠡ ᠭᠠᠯᠲᠤ ᠲᠡᠷᠭᠡᠨ ᠥᠷᠲᠡᠭᠡ ᠪᠣᠯᠤᠨ ᠲᠦᠷᠭᠡᠨ ᠤ ᠵᠠᠮ ᠤᠨ ᠣᠷᠣᠵᠤ ᠭᠠᠷᠬᠤ ᠡᠭᠦᠳᠡ ᠠᠴᠠ ᠪᠦᠷ ᠨᠡᠯᠢᠶᠡᠳ ᠣᠶᠢᠷ᠎ᠠ᠂ ᠨᠢᠰᠬᠡᠯ ᠤᠨ ᠪᠠᠭᠤᠳᠠᠯ ᠳᠤ ᠣᠴᠢᠬᠤ ᠳᠤ ᠴᠤ ᠨᠡᠯᠢᠶᠡᠳ ᠳᠥᠭᠦᠮ᠂ ᠭᠤᠤᠯᠳᠠᠯᠭᠠᠳᠤ ᠡᠮᠨᠡᠯᠭᠡ ᠶᠢᠨ ᠬᠤᠷᠢᠶ᠎ᠠ ᠪᠣᠯᠤᠨ ᠡᠵᠡᠨ ᠬᠤᠷᠤᠭ᠎ᠠ ᠬᠤᠰᠢᠭᠤᠨ ᠤ ᠡᠮᠨᠡᠯᠭᠡ ᠶᠢᠨ ᠬᠤᠷᠢᠶᠠᠨ ᠳᠤ ᠣᠴᠢᠬᠤ  ᠳᠤ ᠴᠤ ᠤᠶᠢᠷ᠎ᠠ ᠬᠡᠪᠡ᠃      ᠸᠧᠶ ᠠᠪᠠᠭ᠋ᠠᠶ  ᠡᠵᠡᠨ ᠬᠤᠷᠤᠭ᠎ᠠ ᠬᠤᠰᠢᠭᠤᠨ ᠤ ᠱᠦᠶ ᠠᠨ ᠰᠢᠨ᠎ᠡ ᠬᠤᠲᠠ ᠶᠢᠨ ᠰᠠᠭᠤᠭᠠᠯᠢ ᠠᠷᠠᠳ      ᠦᠨᠳᠦᠰᠦᠨ ᠳᠡᠭᠡᠨ ᠪᠦᠷ ᠬᠠᠨᠤᠮᠵᠢᠲᠠᠢ᠂ ᠴᠢᠯᠦᠬᠡᠳᠦ ᠳᠡᠯᠭᠡᠭᠦᠷ ᠠᠴᠠ ᠪᠠᠰᠠ ᠨᠡᠯᠢᠶᠡᠳ ᠤᠶᠢᠷ᠎ᠠ᠂ ᠲᠤᠩ ᠳᠥᠭᠦᠮ ᠰᠠᠨᠠᠭᠳᠠᠵᠤ᠂ ᠪᠠᠰᠠ ᠵᠣᠯ ᠵᠢᠷᠭᠠᠯᠲᠠᠢ᠂ ᠣᠷᠴᠢᠨ ᠲᠣᠭᠤᠷᠢᠨ ᠪᠠᠰᠠ ᠰᠠᠶᠢᠨ᠂ ᠠᠳᠡ ᠰᠠᠭᠤᠭᠠᠳ ᠰᠡᠳᠬᠢᠯ ᠰᠠᠨᠠᠭ᠎ᠠ ᠲᠤᠩ ᠲᠠᠭᠠᠯᠠᠮᠵᠢᠲᠠᠢ ᠪᠠᠶᠢᠨ᠎ᠠ᠃ ︽ᠪᠠᠭ᠎ᠠ ᠮᠥᠷᠲᠡᠭᠡᠨ ᠪᠦᠷᠢᠨ︾᠂ ︽ᠤᠯᠠᠨ ᠮᠥᠷᠲᠡᠭᠡᠨ ᠭᠤᠶᠤ︾᠂ ᠡᠨᠡ ᠪᠣᠯ ᠰᠠᠭᠤᠭᠠᠯᠢ ᠠᠷᠠᠳ ᠤᠨ ︽ᠠᠮᠢᠳᠤᠷᠠᠯ ᠤᠨ ᠬᠦᠷᠢᠶ᠎ᠡ︾ ᠳᠠᠬᠢ ᠬᠠᠮᠤᠭ ᠤᠨ ᠶᠡᠭᠡ ᠲᠦᠷᠦᠭᠳᠡᠯ ᠪᠣᠯᠤᠨ᠎ᠠ᠃ ᠭᠡᠲᠡᠯ᠎ᠡ ᠠᠷᠪᠠᠨ ᠵᠢᠯ ᠤᠨ ᠡᠮᠦᠨᠡᠬᠢ ᠰᠢᠨ᠎ᠡ ᠬᠤᠲᠠ ᠡᠶᠢᠮᠦᠷᠬᠦᠦ ᠬᠦᠭᠵᠢᠬᠦ ᠶᠢ ᠬᠡᠨ ᠪᠣᠳᠣᠵᠤ ᠣᠯᠬᠤ ᠪᠤᠢ ᠬᠡᠪᠡ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ