︽ᠡᠵᠡᠨ ᠬᠤᠷᠤᠭ᠎ᠠ ᠬᠤᠰᠢᠭᠤᠨ ᠤ ᠬᠤᠲᠠ ᠪᠠᠯᠭᠠᠰᠤᠨ ᠤ ᠢᠯᠴᠢ ᠬᠠᠩᠭᠠᠬᠤ ᠪᠠᠲᠤᠯᠠᠭ᠎ᠠ ᠶᠢᠨ ᠮᠥᠩᠭᠦ ᠶᠢ | ᠬᠤᠷᠠᠮᠳᠤᠭᠤᠯᠤᠨ ᠬᠡᠷᠡᠭᠯᠡᠬᠦ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ | ᠲᠤᠬᠠᠶ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | ᠡᠵᠡᠨ ᠵᠠᠰᠠᠭ ᠲᠠᠷᠬᠠᠭᠠᠭᠰᠠᠨ〔2024〕95 ᠳ᠋ᠤᠭᠠᠷ ᠲᠣᠭᠠᠲᠤ | | ᠬᠤᠰᠢᠭᠤᠨ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠯ᠎ᠡ ᠢᠯᠴᠢ ᠬᠠᠩᠭᠠᠬᠤ ᠠᠵᠤ ᠠᠬᠤᠶᠢᠯᠠᠯ᠄ | ᠬᠤᠲᠠ ᠪᠠᠯᠭᠠᠰᠤᠨ ᠤ ᠢᠯᠴᠢ ᠬᠠᠩᠭᠠᠬᠤ ᠪᠠᠲᠤᠯᠠᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠦᠷᠢᠮ ᠢ ᠪᠦᠷᠢᠨᠰᠢᠬᠦᠯᠵᠦ᠂ ᠬᠤᠲᠠ ᠪᠠᠯᠭᠠᠰᠤᠨ ᠤ ᠢᠯᠴᠢ | ᠬᠠᠩᠭᠠᠬᠤ ᠪᠠᠲᠤᠯᠠᠭ᠎ᠠ ᠶᠢᠨ ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠬᠤ ᠶᠢᠨ ᠲᠥᠯᠥᠭᠡ᠂ ᠬᠤᠰᠢᠭᠤᠨ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ︽ᠡᠵᠡᠨ ᠬᠤᠷᠤᠭ᠎ᠠ ᠬᠤᠰᠢᠭᠤᠨ ᠤ ᠬᠤᠲᠠ ᠪᠠᠯᠭᠠᠰᠤᠨ ᠤ ᠢᠯᠴᠢ ᠬᠠᠩᠭᠠᠬᠤ ᠪᠠᠲᠤᠯᠠᠭ᠎ᠠ ᠶᠢᠨ ᠮᠥᠩᠭᠦ ᠶᠢ ᠨᠢᠭᠡᠳᠦᠯᠲᠡᠶ | ᠲᠥᠯᠥᠪᠯᠡᠵᠦ ᠴᠤᠭᠯᠠᠭᠤᠯᠤᠨ ᠬᠡᠷᠡᠭᠯᠡᠬᠦ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ 》 ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠣᠬᠢᠶᠠᠨ | ᠪᠠᠶᠢᠭᠤᠯᠤᠨ ᠬᠡᠷᠡᠭᠵᠢᠭᠦᠯᠲᠦᠭᠡᠶ᠃ | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2024 ᠣᠨ ᠤ 10 ᠳ᠋ᠤᠭᠠᠷ ᠰᠠᠷ᠎ᠠ ᠶᠢᠨ 24 ᠤ ᠡᠳᠦᠷ | | ᠡᠵᠡᠨ ᠬᠤᠷᠤᠭ᠎ᠠ ᠬᠤᠰᠢᠭᠤᠨ ᠤ ᠬᠤᠲᠠ ᠪᠠᠯᠭᠠᠰᠤᠨ ᠤ ᠢᠯᠴᠢ ᠬᠠᠩᠭᠠᠬᠤ ᠪᠠᠲᠤᠯᠠᠭ᠎ᠠ ᠶᠢᠨ ᠮᠥᠩᠭᠦ ᠶᠢ ᠨᠢᠭᠡᠳᠦᠯᠲᠡᠶ ᠲᠥᠯᠥᠪᠯᠡᠨ ᠴᠤᠭᠯᠠᠭᠤᠯᠤᠨ ᠬᠡᠷᠡᠭᠯᠡᠬᠦ | ᠬᠠᠮᠢᠶᠠᠷᠤᠯᠳᠠ ᠶᠢᠨ ᠬᠡᠷᠡᠭᠵᠢᠭᠦᠯᠬᠦ ᠲᠥᠰᠦᠯ | 《ᠣᠷᠳᠣᠰ ᠬᠤᠲᠠ ᠶᠢᠨ 2022 — 2023 ᠣᠨ ᠤ ᠬᠤᠲᠠ ᠪᠠᠯᠭᠠᠰᠤᠨ ᠤ ᠢᠯᠴᠢ ᠬᠠᠩᠭᠠᠬᠤ ᠪᠠᠲᠤᠯᠠᠭ᠎ᠠ ᠶᠢᠨ ᠬᠡᠷᠡᠭᠵᠢᠭᠦᠯᠬᠦ ᠲᠥᠰᠦᠯ︾᠂ | ︽ᠣᠷᠳᠣᠰ ᠬᠤᠲᠠ ᠶᠢᠨ ᠬᠤᠲᠠ ᠪᠠᠯᠭᠠᠰᠤᠨ ᠤ ᠢᠯᠴᠢ ᠬᠠᠩᠭᠠᠬᠤ ᠪᠠᠲᠤᠯᠠᠭ᠎ᠠ ᠶᠢᠨ ᠮᠥᠩᠭᠦ ᠶᠢ ᠬᠤᠷᠠᠮᠳᠤᠭᠤᠯᠤᠨ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠪᠠᠯᠭᠠᠰᠤᠨ ᠤ ᠢᠯᠴᠢ ᠬᠠᠩᠭᠠᠬᠤ ᠦᠶᠯᠡᠰ ᠤᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠶᠢᠨ ᠲᠤᠰᠠᠳᠠ᠂ ᠮᠠᠨ ᠤ | ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠲᠥᠰᠦᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠪᠠᠷᠢᠮᠲᠠᠯᠠᠨ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠶᠯᠡᠳᠦᠯᠭᠡᠵᠢᠭᠦᠯᠵᠦ᠂ ᠬᠤᠲᠠ ᠪᠠᠯᠭᠠᠰᠤ ᠶᠢᠨ ᠢᠯᠴᠢ | ᠬᠠᠩᠭᠠᠬᠤ ᠪᠡᠯᠡᠳᠬᠡᠮᠵᠢ ᠪᠠ ᠬᠤᠭᠤᠯᠠᠶ ᠲᠣᠤᠷ ᠢ ᠬᠠᠮᠠᠭᠠᠯᠠᠬᠤ᠂ ᠰᠢᠨᠡᠳᠬᠡᠬᠦ ᠶᠢ ᠡᠮᠬᠢ ᠵᠢᠷᠤᠮ ᠲᠠᠢ ᠪᠠᠷ ᠠᠬᠢᠭᠤᠯᠤᠨ᠂ ᠠᠮᠤᠷ ᠲᠦᠪᠰᠢᠨ ᠢᠶᠠᠷ ᠢᠯᠴᠢ ᠬᠠᠩᠭᠠᠬᠤ | ᠬᠢᠷᠢ ᠲᠦᠪᠰᠢᠨ ᠢ ᠳᠡᠭᠡᠭᠰᠢᠯᠡᠭᠦᠯᠵᠦ᠂ ᠢᠯᠴᠢ ᠬᠠᠩᠭᠠᠬᠤ ᠬᠤᠭᠤᠴᠠᠭᠠᠨ ᠳᠠᠬᠢ ᠭᠡᠨᠡᠳᠲᠡ ᠶᠢᠨ ᠠᠳᠡᠯ ᠢ ᠴᠠᠭ ᠲᠤᠬᠠᠶ ᠳᠤᠨᠢ ᠰᠢᠶᠳᠪᠦᠷᠢᠯᠡᠬᠦ ᠶᠢ ᠦᠨᠡᠨᠬᠦ ᠪᠠᠲᠤᠯᠠᠨ᠂ | ᠣᠯᠠᠨ ᠲᠦᠮᠡᠨ ᠤ ᠬᠠᠯᠠᠭᠤᠨ ᠲᠤᠯᠠᠭᠠᠨ ᠢᠶᠠᠷ ᠡᠪᠦᠯᠵᠢᠬᠦ ᠶᠢ ᠪᠠᠲᠤᠯᠠᠨ᠎ᠠ᠃ | ᠬᠤᠶᠠᠷ᠂ ᠴᠤᠭᠯᠠᠭᠤᠯᠬᠤ ᠪᠠ ᠬᠡᠷᠡᠭᠯᠡᠬᠦ | ( ᠨᠢᠭᠡ ) ᠬᠤᠲᠠ ᠪᠠᠯᠭᠠᠰᠤ ᠶᠢᠨ ᠢᠯᠴᠢ ᠬᠠᠩᠭᠠᠬᠤ ᠪᠠᠲᠤᠯᠠᠭ᠎ᠠ ᠶᠢᠨ ᠮᠥᠩᠭᠦ ᠴᠤᠭᠯᠠᠭᠤᠯᠬᠤ ᠠᠷᠭ᠎ᠠ ᠮᠠᠶ᠋ᠢᠭ᠃ ᠬᠤᠲᠠ ᠪᠠᠯᠭᠠᠰᠤ ᠶᠢᠨ ᠢᠯᠴᠢ ᠬᠠᠩᠭᠠᠬᠤ | ᠪᠠᠲᠤᠯᠠᠭ᠎ᠠ ᠶᠢᠨ ᠮᠥᠩᠭᠦ ᠳᠤ ᠣᠨ ᠤ ᠲᠥᠯᠥᠪᠯᠡᠭᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠲᠥᠪᠯᠡᠷᠡᠭᠦᠯᠦᠨ ᠨᠢᠭᠡᠳᠦᠯᠲᠡᠶ ᠬᠡᠷᠡᠭᠯᠡᠵᠦ᠂ ᠦᠯᠡᠳᠡᠪᠦᠷᠢ ᠶᠢ | ᠡᠷᠭᠢᠯᠳᠦᠭᠦᠯᠦᠨ ᠳ᠋ᠦᠩᠨᠡᠨ ᠰᠢᠯᠵᠢᠭᠦᠯᠬᠦ ᠬᠡᠷᠡᠭᠲᠡᠶ᠃ ᠨᠢᠭᠡ ᠳᠤ᠂ ᠬᠤᠲᠠ ᠪᠠᠯᠭᠠᠰᠤᠨ ᠤ ᠳᠤᠯᠠᠭᠠᠯᠠᠭ᠎ᠠ ᠶᠢᠨ ᠪᠠᠲᠤᠯᠠᠭ᠎ᠠ ᠶᠢᠨ ᠮᠥᠩᠭᠦ ᠶᠢ ᠵᠢᠯ ᠪᠦᠷᠢ ᠬᠤᠰᠢᠭᠤᠨ | ᠱᠠᠲᠤᠨ ᠤ ᠡᠳ᠋ ᠤᠨ ᠵᠠᠰᠠᠭ ᠠᠴᠠ 200 ᠲᠦᠮᠡᠨ ᠲᠥᠭᠦᠷᠢᠭ ᠠᠴᠠ ᠳᠣᠷᠣᠭᠰᠢ ᠥᠬᠡᠶ ᠲᠣᠬᠢᠷᠠᠭᠤᠯᠵᠤ᠂ ᠪᠥᠬᠦ ᠬᠤᠰᠢᠭᠤᠨ ᠤ ᠲᠥᠪᠯᠡᠷᠡᠭᠦᠯᠦᠨ ᠳᠤᠯᠠᠭᠠᠯᠠᠭ᠎ᠠ | ᠶᠢᠨ ᠠᠵᠢᠯᠯᠠᠭᠠᠨ ᠤ ᠳᠤᠮᠳᠠ ᠭᠡᠨᠡᠳᠲᠡ ᠶᠢᠨ ᠪᠠᠴᠢᠮ ᠪᠠᠶᠢᠳᠠᠯ ᠢ ᠠᠷᠭᠠᠴᠠᠬᠤ ᠳᠤ ᠬᠡᠷᠡᠭᠯᠡᠨ᠎ᠡ︔ ᠬᠤᠶᠠᠷ ᠲᠤ ᠦᠷᠭᠦᠯᠵᠢᠯᠡᠭᠰᠡᠨ ᠦᠯᠡᠳᠡᠪᠦᠷᠢ ᠶᠢᠨ ᠳᠡᠭᠡᠳᠦ | ᠬᠢᠵᠠᠭᠠᠷ ᠨᠢ 200 ᠲᠦᠮᠡᠨ ᠲᠥᠭᠦᠷᠢᠭ ᠪᠠᠶᠢᠵᠤ᠂ ᠳᠡᠭᠡᠳᠦ ᠬᠢᠵᠠᠭᠠᠷ ᠲᠤ ᠭᠦᠷᠦᠭᠰᠡᠨ ᠤ ᠳᠠᠷᠠᠭ᠎ᠠ ᠲᠤᠬᠠᠶ ᠶᠢᠨ ᠵᠢᠯ ᠳᠤ ᠡᠳ᠋ ᠤᠨ ᠵᠠᠰᠠᠭ ᠤᠨ ᠲᠥᠰᠦᠪ ᠤᠨ | ᠲᠣᠬᠢᠷᠠᠭᠤᠯᠤᠯᠲᠠ ᠶᠢ ᠵᠣᠭᠰᠣᠭᠠᠨ᠎ᠠ᠃ ᠭᠤᠷᠪᠠ ᠳᠤ᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ | ᠬᠠᠮᠲᠤᠷᠠᠯᠴᠠᠭ᠎ᠠ ( PPP ) ᠶᠢᠨ ᠲᠥᠷᠥᠯ ᠵᠦᠶᠯ᠂ ᠰᠠᠭᠤᠷᠢ ᠮᠥᠩᠭᠦ ᠵᠡᠷᠭᠡ ᠣᠯᠠᠨ ᠵᠦᠶᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠠᠷᠭ᠎ᠠ ᠵᠠᠮ ᠢᠶᠠᠷ | ᠢᠯᠴᠢ ᠬᠠᠩᠭᠠᠬᠤ ᠪᠠᠲᠤᠯᠠᠭ᠎ᠠ ᠶᠢᠨ ᠮᠥᠩᠭᠦ ᠶᠢ ᠴᠤᠭᠯᠠᠭᠤᠯᠤᠨ᠎ᠠ᠃ | ( ᠬᠤᠶᠠᠷ ) ᠬᠤᠲᠠ ᠪᠠᠯᠭᠠᠰᠤ ᠶᠢᠨ ᠢᠯᠴᠢ ᠬᠠᠩᠭᠠᠬᠤ ᠪᠠᠲᠤᠯᠠᠭ᠎ᠠ ᠶᠢᠨ ᠮᠥᠩᠭᠦ ᠶᠢᠨ ᠬᠡᠷᠡᠭᠯᠡᠬᠦ ᠬᠡᠪᠴᠢᠶ᠎ᠡ᠃ ᠨᠢᠭᠡ ᠳᠤ᠂ ᠪᠥᠬᠦ ᠬᠤᠰᠢᠭᠤᠨ ᠤ ᠬᠡᠪᠴᠢᠶᠡᠨ | ᠳᠠᠬᠢ ᠢᠯᠴᠢ ᠬᠡᠷᠡᠭᠯᠡᠬᠦ ᠡᠷᠦᠬᠡ ᠶᠢᠨ ᠡᠷᠦᠬᠡ ᠳᠤ ᠤᠷᠤᠬᠤ ᠬᠡᠮᠵᠢᠯᠲᠡ ᠶᠢᠨ ᠲᠣᠨᠣᠭᠯᠠᠯ ᠪᠤᠶᠤ ᠡᠷᠦᠬᠡ ᠣᠷᠣᠬᠤ ᠦᠵᠦᠭᠦᠷ ᠠᠴᠠ ᠭᠠᠳᠠᠨᠠᠬᠢ ᠢᠯᠴᠢ ᠬᠠᠩᠭᠠᠬᠤ | ᠲᠥᠬᠦᠭᠡᠷᠦᠮᠵᠢ ᠵᠢᠴᠢ ᠬᠤᠭᠤᠯᠠᠶ ᠲᠣᠤᠷ ᠢ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠰᠢᠨᠡᠳᠬᠡᠬᠦ︔ ᠬᠤᠶᠠᠷ ᠲᠤ᠂ ᠬᠤᠲᠠ ᠪᠠᠯᠭᠠᠰᠤ ᠶᠢᠨ ᠰᠠᠭᠤᠭᠠᠯᠢ ᠠᠷᠠᠳ | ᠤᠨ ᠳᠤᠯᠠᠭᠠᠯᠠᠯᠭ᠎ᠠ ᠶᠢᠨ ᠬᠤᠭᠤᠴᠠᠭᠠᠨ ᠤ ᠢᠯᠴᠢ ᠬᠠᠩᠭᠠᠬᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ︔ ᠭᠤᠷᠪᠠ ᠳᠤ᠂ ᠬᠤᠲᠠ᠂ | ᠬᠤᠰᠢᠭᠤᠨ ᠤ ᠵᠠᠰᠠᠭ ᠤᠨ ᠣᠷᠳᠣᠨ ᠤ ᠰᠤᠳᠤᠯᠤᠨ ᠲᠣᠭᠲᠠᠭᠠᠭᠰᠠᠨ ᠪᠤᠰᠤᠳ ᠢᠯᠴᠢ ᠬᠠᠩᠭᠠᠬᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠵᠦᠶᠯᠡᠰ᠃ | ᠳᠣᠤᠷᠠᠬᠢ ᠬᠤᠶᠠᠷ ᠵᠦᠶᠯ ᠤᠨ ᠪᠠᠶᠢᠳᠠᠯ ᠨᠢ ᠬᠤᠲᠠ ᠪᠠᠯᠭᠠᠰᠤᠨ ᠤ ᠢᠯᠴᠢ ᠬᠠᠩᠭᠠᠬᠤ ᠪᠠᠲᠤᠯᠠᠭ᠎ᠠ ᠶᠢᠨ ᠮᠥᠩᠭᠦ ᠶᠢᠨ ᠳᠡᠮᠵᠢᠬᠦ ᠬᠡᠪᠴᠢᠶᠡᠨ ᠳᠤ ᠪᠠᠶᠢᠬᠤ | ᠦᠭᠡᠶ᠄ | 1.ᠢᠯᠴᠢ ᠬᠠᠩᠭᠠᠬᠤ ᠨᠢᠭᠡᠴᠡ ᠶᠢᠨ ᠠᠵᠢᠯᠯᠠᠭᠠᠨ ᠤ ᠬᠠᠮᠢᠶᠠᠷᠤᠯᠲᠠ ᠮᠠᠭᠤ ᠠᠴᠠ ᠪᠣᠯᠵᠣ ᠲᠥᠬᠦᠭᠡᠷᠦᠮᠵᠢ ᠵᠢᠴᠢ ᠬᠤᠭᠤᠯᠠᠶ ᠲᠣᠤᠷ ᠤᠨ ᠠᠳᠠᠯ ᠡᠭᠦᠰᠪᠡ︔ | 2.ᠢᠯᠴᠢ ᠬᠠᠩᠭᠠᠬᠤ ᠠᠵᠤ ᠠᠬᠤᠶᠢᠯᠠᠯ ᠤᠨ ᠬᠠᠮᠢᠶᠠᠷᠴᠤ ᠪᠠᠶᠢᠭ᠎ᠠ ᠢᠯᠴᠢ ᠰᠣᠯᠢᠬᠤ ᠥᠷᠲᠡᠭᠡ ᠵᠡᠷᠭᠡ ᠳᠣᠲᠣᠭᠠᠳᠤ ᠪᠡᠯᠡᠳᠬᠡᠮᠵᠢ ᠲᠥᠬᠦᠭᠡᠷᠦᠮᠵᠢ ᠶᠢ | ᠰᠡᠯᠪᠢᠨ ᠵᠠᠰᠠᠵᠤ ᠥᠭᠡᠷᠡᠴᠢᠯᠡᠬᠦ᠃ | ( ᠭᠤᠷᠪᠠ ) ᠬᠤᠲᠠ ᠪᠠᠯᠭᠠᠰᠤ ᠶᠢᠨ ᠢᠯᠴᠢ ᠬᠠᠩᠭᠠᠬᠤ ᠪᠠᠲᠤᠯᠠᠭ᠎ᠠ ᠶᠢᠨ ᠮᠥᠩᠭᠦ ᠶᠢ ᠭᠤᠶᠤᠴᠢᠯᠠᠨ ᠬᠡᠷᠡᠭᠯᠡᠬᠦ᠃ ᠨᠢᠭᠡ ᠳᠤ᠂ ᠵᠢᠯ ᠪᠦᠷᠢ ᠶᠢᠨ 4 ᠰᠠᠷ᠎ᠠ ᠶᠢᠨ | 1 ᠤ ᠡᠳᠦᠷ ᠠᠴᠠ 4 ᠰᠠᠷ᠎ᠠ ᠶᠢᠨ 15 ᠤ ᠡᠳᠦᠷ ᠪᠣᠯᠲᠠᠯ᠎ᠠ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠬᠢᠨᠠᠨ ᠬᠠᠷᠭᠤᠭᠤᠯᠬᠤ ᠠᠵᠢᠯ ᠢ ᠨᠢᠭᠡᠳᠦᠯᠲᠡᠶ ᠭᠦᠶᠴᠡᠳᠬᠡᠵᠦ᠂ | 4 ᠰᠠᠷ᠎ᠠ ᠶᠢᠨ 15 ᠤ ᠡᠳᠦᠷ ᠠᠴᠠ 5 ᠰᠠᠷ᠎ᠠ ᠶᠢᠨ 1 ᠤ ᠡᠳᠦᠷ ᠪᠣᠯᠲᠠᠯ᠎ᠠ ᠡᠯ᠎ᠡ ᠨᠢᠭᠡᠴᠢ ᠶᠢᠨ ᠬᠢᠨ ᠢᠯᠴᠢ ᠬᠠᠩᠭᠠᠬᠤ ᠲᠥᠬᠦᠭᠡᠷᠦᠮᠵᠢ ᠵᠢᠴᠢ ᠬᠤᠭᠤᠯᠠᠶ | ᠭᠤᠤᠷᠰᠤ ᠶᠢᠨ ᠲᠣᠤᠷ ᠢ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠰᠢᠨᠡᠳᠬᠡᠬᠦ ᠲᠥᠷᠥᠯ ᠵᠦᠶᠯ ᠤᠨ ᠣᠨ ᠤ ᠲᠥᠯᠥᠪᠯᠡᠭᠡ ᠶᠢ ᠲᠥᠪᠯᠡᠷᠡᠭᠦᠯᠦᠨ ᠮᠡᠳᠡᠭᠦᠯᠦᠨ | ᠬᠦᠷᠭᠡᠬᠦ ᠶᠢᠨ ᠬᠠᠮᠲᠤ ᠬᠤᠰᠢᠭᠤᠨ ᠤ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠦᠶᠯᠡᠴᠢᠯᠡᠭᠡᠨ ᠤ ᠲᠥᠪ ᠠᠴᠠ ᠬᠤᠷᠢᠶᠠᠩᠭᠤᠶᠢᠯᠠᠨ ᠰᠤᠳᠤᠯᠤᠨ ᠮᠠᠭᠠᠳᠯᠠᠵᠤ᠂ | ᠬᠤᠰᠢᠭᠤᠨ ᠤ ᠡᠳ᠋ ᠤᠨ ᠵᠠᠰᠠᠭ ᠲᠤ ᠲᠤᠰᠢᠶᠠᠵᠤ ᠳᠠᠷᠠᠭ᠎ᠠ ᠤᠯᠠᠷᠢᠯ ᠤᠨ ᠬᠤᠲᠠ ᠪᠠᠯᠭᠠᠰᠤᠨ ᠤ ᠢᠯᠴᠢ ᠬᠠᠩᠭᠠᠬᠤ ᠪᠠᠲᠤᠯᠠᠭ᠎ᠠ ᠶᠢᠨ ᠮᠥᠩᠭᠦ ᠶᠢᠨ ᠲᠤᠭ᠎ᠠ ᠶᠢ | ᠨᠢᠭᠡᠳᠦᠯᠲᠡᠶ ᠲᠥᠯᠥᠪᠯᠡᠨ ᠲᠣᠬᠢᠷᠠᠭᠤᠯᠤᠨ᠎ᠠ᠃ ᠬᠤᠶᠠᠷ ᠲᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠣᠷᠣᠨ ᠰᠠᠭᠤᠴᠠ ᠶᠢᠨ ᠪᠠᠲᠤᠯᠠᠭ᠎ᠠ | ᠶᠢᠨ ᠶᠡᠷᠦᠩᠬᠡᠶᠢᠯᠡᠭᠰᠡᠨ ᠦᠶᠯᠡᠴᠢᠯᠡᠭᠡᠨ ᠤ ᠲᠥᠪ ᠨᠢ ᠲᠥᠷᠥᠯ ᠵᠦᠶᠯ ᠤᠨ ᠪᠠᠶᠢᠳᠠᠯ᠂ ᠪᠠᠴᠢᠮ ᠪᠠᠶᠢᠳᠠᠯ ᠵᠢᠴᠢ ᠬᠤᠰᠢᠭᠤᠨ ᠤ ᠱᠠᠲᠤᠨ ᠤ ᠬᠤᠲᠠ ᠪᠠᠯᠭᠠᠰᠤᠨ ᠤ | ᠢᠯᠴᠢ ᠬᠠᠩᠭᠠᠬᠤ ᠪᠠᠲᠤᠯᠠᠭ᠎ᠠ ᠶᠢᠨ ᠮᠥᠩᠭᠦ ᠶᠢ ᠬᠡᠷᠡᠭᠯᠡᠵᠦ ᠪᠠᠶᠢᠭ᠎ᠠ ᠪᠠᠶᠢᠳᠠᠯ ᠢ ᠦᠨᠳᠦᠰᠦᠯᠡᠨ ᠲᠥᠷᠥᠯ ᠵᠦᠶᠯ ᠤᠨ ᠪᠠᠯᠠ ᠮᠥᠩᠭᠦ ᠶᠢ ᠬᠢᠨᠠᠨ ᠲᠣᠭᠲᠠᠭᠠᠬᠤ ᠶᠢᠨ | ᠬᠠᠮᠲᠤ ᠰᠠᠯᠭᠠᠨ ᠥᠭᠭᠦᠨ᠎ᠡ᠃ ᠭᠤᠷᠪᠠ ᠳᠤ᠂ ᠬᠤᠰᠢᠭᠤ ᠱᠠᠲᠤᠨ ᠤ ᠢᠯᠴᠢ ᠬᠠᠩᠭᠠᠬᠤ ᠪᠠᠲᠤᠯᠠᠭ᠎ᠠ ᠶᠢᠨ ᠮᠥᠩᠭᠦ ᠶᠢ ᠭᠤᠶᠤᠴᠢᠯᠠᠨ ᠬᠡᠷᠡᠭᠯᠡᠬᠦ ᠳᠤ ᠭᠤᠶᠤᠴᠢᠯᠠᠯ ᠤᠨ | ᠮᠡᠳᠡᠭᠦᠯᠦᠯᠲᠡ᠂ ᠪᠠᠷᠢᠯᠭ᠎ᠠ ᠶᠢᠨ ᠬᠢᠨᠠᠨ ᠪᠤᠳᠤᠯᠲᠠ ᠶᠢᠨ ᠮᠡᠳᠡᠭᠦᠯᠦᠯᠲᠡ᠂ ᠪᠠᠷᠢᠯᠭ᠎ᠠ ᠪᠠᠷᠢᠬᠤ ᠭᠡᠷ᠎ᠡ ᠵᠢᠴᠢ ᠪᠠᠷᠢᠯᠭ᠎ᠠ ᠪᠠᠷᠢᠬᠤ ᠠᠴᠠ ᠡᠮᠦᠨ᠎ᠡ ᠬᠤᠶᠢᠨᠠᠬᠢ ᠬᠡᠷᠡᠯ ᠵᠢᠷᠤᠭ | ( ᠰᠡᠭᠦᠳᠡᠷᠯᠡᠭᠰᠡᠨ ᠴᠠᠭ ᠬᠤᠭᠤᠴᠠᠭ᠎ᠠ ᠶᠢ ᠲᠣᠳᠣᠷᠬᠠᠶᠢᠯᠠᠭᠰᠠᠨ ) ᠵᠡᠷᠭᠡ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠬᠠᠩᠭᠠᠵᠤ᠂ ᠭᠤᠶᠤᠴᠢᠯᠠᠨ ᠮᠡᠳᠡᠭᠦᠯᠬᠦ | ᠮᠠᠲ᠋ᠧᠷᠢᠶᠠᠯ ᠢ ᠬᠤᠰᠢᠭᠤ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠦᠶᠯᠡᠴᠢᠯᠡᠭᠡᠨ ᠤ ᠲᠥᠪ ᠠᠴᠠ ᠨᠢᠭᠡᠳᠦᠯᠲᠡᠶ ᠵᠢᠷᠤᠮᠵᠢᠭᠤᠯᠤᠨ᠎ᠠ᠃ ᠳᠥᠷᠪᠡ | ᠳᠤ᠂ ᠢᠯᠴᠢ ᠬᠠᠩᠭᠠᠬᠤ ᠬᠤᠭᠤᠴᠠᠭᠠᠨ ᠳᠤ ᠭᠡᠨᠡᠳᠲᠡ ᠶᠢᠨ ᠠᠳᠡᠯ ᠵᠡᠷᠭᠡ ᠪᠠᠴᠢᠮ ᠪᠠᠶᠢᠳᠠᠯ ᠢ ᠠᠷᠭᠠᠴᠠᠵᠤ ᠵᠠᠪᠳᠤᠨ ᠵᠠᠰᠠᠬᠤ ᠬᠡᠷᠡᠭ ᠠᠴᠠ ᠪᠣᠯᠣᠭᠠᠳ ᠳᠠᠷᠤᠶᠢᠬᠠᠨ | ᠵᠠᠪᠳᠤᠨ ᠵᠠᠰᠠᠬᠤ ᠴᠢᠬᠤᠯᠠ ᠲᠠᠢ ᠪᠣᠯ ᠢᠯᠴᠢ ᠬᠠᠩᠭᠠᠬᠤ ᠨᠢᠭᠡᠴᠡ ᠳᠠᠷᠤᠶᠢᠬᠠᠨ ᠵᠣᠬᠢᠶᠠᠨ ᠪᠠᠶᠢᠭᠤᠯᠤᠨ ᠱᠠᠯᠠᠪᠳᠠᠨ ᠵᠠᠰᠠᠵᠤ᠂ ᠱᠠᠯᠠᠪᠳᠠᠨ ᠵᠠᠰᠠᠵᠤ ᠳᠠᠭᠤᠰᠤᠭᠰᠠᠨ ᠤ | ᠳᠠᠷᠠᠭ᠎ᠠ ᠡᠮᠦᠨᠡᠬᠢ ᠵᠤᠷᠪᠤᠰ ᠤᠨ ᠲᠣᠭᠲᠠᠭᠠᠯ ᠶᠣᠰᠣᠭᠠᠷ ᠬᠤᠰᠢᠭᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠦᠶᠯᠡᠴᠢᠯᠡᠭᠡᠨ ᠤ ᠲᠥᠪ ᠲᠤ | ᠭᠤᠶᠤᠴᠢᠯᠠᠯ ᠢᠶᠠᠨ ᠳᠤᠷᠠᠳᠬᠤ ᠬᠡᠷᠡᠭᠲᠡᠶ᠃ | ᠭᠤᠷᠪᠠ᠂ ᠬᠢᠨᠠᠯᠲᠠ ᠬᠠᠮᠢᠶᠠᠷᠤᠯᠲᠠ | ( ᠨᠢᠭᠡ ) ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠣᠰ ᠲᠥᠰᠦᠯ ᠤᠨ ᠲᠣᠭᠲᠠᠭᠠᠯ ᠢ ᠴᠢᠩᠭ᠎ᠠ ᠵᠢᠷᠤᠮᠯᠠᠨ᠂ ᠪᠠᠯᠠ ᠮᠥᠩᠭᠦ ᠶᠢᠨ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ᠂ ᠬᠡᠷᠡᠭᠯᠡᠬᠦ ᠲᠣᠭᠲᠠᠭᠠᠯ ᠳᠤ ᠨᠡᠶᠢᠴᠡᠬᠦ ᠥᠬᠡᠶ ᠪᠣᠯ ᠲᠣᠬᠢᠷᠠᠭᠤᠯᠤᠨ ᠥᠭᠬᠦ ᠥᠬᠡᠶ᠃ | ( ᠬᠤᠶᠠᠷ ) ᠢᠯᠴᠢ ᠬᠠᠩᠭᠠᠬᠤ ᠪᠡᠯᠡᠳᠬᠡᠮᠵᠢ ᠵᠢᠴᠢ ᠬᠤᠭᠤᠯᠠᠶ ᠭᠤᠤᠷᠰᠤ ᠶᠢᠨ ᠲᠣᠤᠷ ᠢ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠰᠢᠨᠡᠳᠬᠡᠬᠦ ᠲᠥᠷᠥᠯ | ᠵᠦᠶᠯ ᠢ ᠬᠡᠷᠡᠭᠵᠢᠭᠦᠯᠬᠦ ᠳᠡᠭᠡᠨ ᠬᠤᠯᠪᠣᠭᠳᠠᠯ ᠪᠥᠬᠦᠶ ᠮᠡᠷᠭᠡᠵᠢᠯ ᠤᠨ ᠪᠠᠷᠢᠮᠵᠢᠶ᠎ᠠ ᠪᠠ ᠵᠢᠷᠤᠮᠵᠢᠯ ᠳᠤ ᠨᠡᠶᠢᠴᠡᠭᠦᠯᠵᠦ᠂ ᠲᠥᠷᠥᠯ ᠵᠦᠶᠯ ᠢ ᠳᠠᠭᠤᠰᠬᠠᠭᠰᠠᠨ ᠤ ᠳᠠᠷᠠᠭ᠎ᠠ | ᠢᠯᠴᠢ ᠬᠠᠩᠭᠠᠬᠤ ᠠᠵᠤ ᠠᠬᠤᠶᠢᠯᠠᠯ ᠳᠤ ᠰᠢᠯᠵᠢᠭᠦᠯᠦᠨ ᠲᠤᠰᠢᠶᠠᠵᠤ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠰᠢᠨᠡᠳᠬᠡᠬᠦ ᠶᠢ ᠬᠠᠷᠢᠭᠤᠴᠠᠭᠤᠯᠬᠤ ᠬᠡᠷᠡᠭᠲᠡᠶ᠃ | ( ᠭᠤᠷᠪᠠ︶ ᠢᠯᠴᠢ ᠬᠠᠩᠭᠠᠬᠤ ᠠᠵᠤ ᠠᠬᠤᠶᠢᠯᠠᠯ ᠳᠤ ᠰᠢᠯᠵᠢᠭᠦᠯᠦᠨ ᠥᠭᠭᠦᠭᠰᠡᠨ ᠪᠡᠯᠡᠳᠬᠡᠮᠵᠢ ᠲᠥᠬᠦᠭᠡᠷᠦᠮᠵᠢ ᠵᠢᠴᠢ ᠬᠠᠮᠢᠶ᠎ᠠ ᠪᠦᠬᠦᠢ ᠬᠤᠭᠤᠯᠠᠶ ᠲᠤᠤᠷ | ᠤᠨ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠰᠢᠨᠡᠳᠬᠡᠬᠦ ᠵᠡᠷᠭᠡ ᠵᠠᠷᠤᠳᠠᠯ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ | ᠬᠠᠮᠢᠶᠠᠷᠤᠯᠲᠠ ᠶᠢᠨ ᠳᠦᠷᠢᠮ︾ ᠢ ᠦᠨᠳᠦᠰᠦᠯᠡᠨ ᠢᠯᠴᠢ ᠬᠠᠩᠭᠠᠬᠤ ᠠᠵᠤ ᠠᠬᠤᠶᠢᠯᠠᠯ ᠡᠭᠦᠷᠭᠡᠯᠡᠨ᠎ᠡ᠃ | ( ᠳᠥᠷᠪᠡ ) ᠬᠤᠲᠠ ᠪᠠᠯᠭᠠᠰᠤ ᠶᠢᠨ ᠢᠯᠴᠢ ᠬᠠᠩᠭᠠᠬᠤ ᠪᠠᠲᠤᠯᠠᠭ᠎ᠠ ᠶᠢᠨ ᠮᠥᠩᠭᠦ ᠶᠢ ᠡᠷᠬᠡᠪᠰᠢ ᠲᠤᠰᠬᠠᠶ ᠵᠣᠭᠤᠰ ᠢ ᠲᠤᠰᠬᠠᠶ ᠵᠦᠶᠯ ᠳᠤᠨᠢ ᠬᠡᠷᠡᠭᠯᠡᠬᠦ | ᠬᠡᠷᠡᠭᠲᠡᠶ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠭᠡᠳ ᠳᠤᠮᠳᠠ ᠠᠴᠠ ᠨᠢ ᠲᠠᠰᠤᠳᠠᠨ ᠦᠯᠡᠳᠡᠭᠡᠵᠦ᠂ ᠡᠵᠡᠯᠡᠨ ᠬᠡᠷᠡᠭᠯᠡᠵᠦ᠂ ᠨᠡᠭᠦᠯᠭᠡᠨ ᠬᠡᠷᠡᠭᠯᠡᠵᠦ ᠪᠣᠯᠬᠤ ᠦᠭᠡᠶ᠃ | | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2024 ᠣᠨ ᠤ 10 ᠰᠠᠷ᠎ᠠ ᠶᠢᠨ 24 ᠤ ᠡᠳᠦᠷ ᠳᠠᠷᠤᠮᠠᠯᠯᠠᠨ ᠲᠠᠷᠬᠠᠭᠠᠪᠠ | | | | | |