| ᠠᠷᠠᠳ ᠤᠨ ᠠᠮᠢᠳᠤᠷᠠᠯ ᠪᠣᠯ ᠠᠷᠠᠳ ᠲᠦᠮᠡᠨ ᠤ ᠵᠣᠯ ᠵᠢᠷᠭᠠᠯ ᠤᠨ ᠰᠠᠭᠤᠷᠢ᠂ ᠨᠡᠶᠢᠭᠡᠮ ᠤᠨ ᠡᠶ᠎ᠡ ᠵᠣᠬᠢᠴᠠᠯ ᠤᠨ ᠦᠨᠳᠦᠰᠦ ᠮᠥᠨ᠃ ᠡᠨᠡ ᠵᠢᠯ ᠠᠴᠠ ᠨᠠᠰᠢ᠂ | ᠡᠵᠡᠨ ᠬᠤᠷᠤᠭ᠎ᠠ ᠬᠤᠰᠢᠭᠤᠨ ᠤ ᠬᠢᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠠᠯᠢᠪᠠ ᠠᠵᠢᠯ ᠤᠨ ᠢᠶᠠᠨ ᠴᠢᠬᠤᠯᠠ ᠠᠴᠠ ᠴᠢᠬᠤᠯᠠ ᠵᠦᠢᠯ | ᠪᠣᠯᠭᠠᠵᠤ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠪᠠᠷ ᠵᠣᠷᠢᠯᠲᠠ ᠪᠠ ᠲᠤᠰᠤᠯᠲᠠ ᠪᠠᠨ ᠪᠣᠯᠭᠠᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ | ᠨᠥᠬᠦᠪᠥᠷᠢᠯᠡᠬᠦ ᠪᠠᠷ ᠦᠷᠭᠦᠯᠵᠢᠯᠡᠨ ᠬᠦᠴᠦᠯᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠷᠭᠦᠯᠵᠢᠯᠡᠨ ᠰᠠᠶᠢᠲᠤᠷ ᠬᠢᠵᠦ᠂ ︽ᠠᠷᠠᠳ ᠤᠨ ᠠᠮᠢᠳᠤᠷᠠᠯ ᠤᠨ | ᠠᠯᠤᠰ ᠤᠨ ᠲᠥᠯᠥᠪ︾ ᠢ ︽ᠵᠣᠯ ᠵᠢᠷᠭᠠᠯ ᠤᠨ ᠪᠣᠳᠠᠲᠤ ᠦᠵᠡᠮᠵᠢ︾ ᠪᠣᠯᠭᠠᠨ ᠬᠤᠪᠢᠷᠠᠭᠤᠯᠤᠨ᠎ᠠ᠃ | ᠥᠲᠡᠯᠪᠡᠯ ᠠᠰᠠᠷᠠᠮᠵᠢ ᠲᠠᠢ᠂ ᠨᠢᠯᠬ᠎ᠠ ᠬᠡᠦᠬᠡᠳ ᠨᠠᠶᠢᠳᠠᠯᠭ᠎ᠠ ᠲᠠᠢ ᠪᠠᠶᠢᠬᠤ ᠪᠣᠯ ᠴᠥᠮ ᠠᠷᠠᠳ ᠤᠯᠠᠨ ᠤ ᠰᠡᠳᠬᠢᠯ ᠲᠠᠯᠪᠢᠵᠤ ᠪᠠᠶᠢᠭ᠎ᠠ ᠠᠷᠠᠳ ᠤᠨ | ᠠᠮᠢᠳᠤᠷᠠᠯ ᠤᠨ ᠶᠡᠭᠡ ᠶᠠᠪᠤᠳᠠᠯ ᠮᠥᠨ᠃ 2024 ᠣᠨ ᠳᠤ᠂ ᠡᠵᠡᠨ ᠬᠤᠷᠤᠭ᠎ᠠ ᠬᠤᠰᠢᠭᠤᠨ ᠤ ︽ᠠᠷᠠᠳ ᠤᠨ ᠠᠮᠢᠳᠤᠷᠠᠯ ᠤᠨ ᠠᠷᠪᠠᠨ ᠪᠣᠳᠠᠲᠤ ᠶᠠᠪᠤᠳᠠᠯ︾ ᠨᠢ | ᠰᠤᠷᠭᠠᠨ ᠬᠥᠮᠦᠵᠢᠯ ᠤᠨ ᠤᠶᠢᠯᠡᠰ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠵᠡᠷᠭᠡ ᠰᠠᠭᠤᠷᠢ ᠲᠥᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢ ᠬᠠᠮᠤᠷᠪᠠ᠃ | ︽ᠶᠡᠷᠤᠩᠭᠡᠢ ᠪᠡᠯᠡ ᠤᠷᠤᠭᠤᠯᠤᠯᠳᠠ ᠨᠢ 1968 ᠲᠦᠮᠡᠨ ᠲᠥᠭᠦᠷᠢᠭ ᠤᠨ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠤᠶᠢᠯᠡᠴᠢᠯᠡᠬᠦ ᠴᠢᠨᠠᠷ | ᠴᠢᠨᠰᠠᠭ᠎ᠠ ᠶᠢ ᠳᠡᠭᠡᠭᠰᠢᠯᠡᠭᠦᠯᠬᠦ ᠲᠥᠷᠥᠯ ᠵᠤᠶᠢᠯ ᠨᠢ ᠨᠠᠰᠤᠲᠠᠶᠢᠴᠤᠳ ᠲᠤ ᠲᠤᠬᠢᠷᠠᠭᠰᠠᠨ ᠦᠭᠡᠷᠡᠴᠢᠯᠡᠯᠳᠡ ᠬᠢᠬᠦ᠂ ᠠᠯᠪᠠᠨ ᠠᠴᠠ ᠡᠷᠭᠢᠯᠡᠭᠰᠡᠨ 3 ᠨᠠᠰᠤᠲᠠᠨ ᠢ | ᠠᠰᠠᠷᠠᠬᠤ ᠬᠦᠷᠢᠶᠡᠯᠡᠩ ᠤᠨ ᠭᠠᠯ ᠤᠨᠲᠠᠷᠠᠭᠠᠬᠤ ᠲᠥᠬᠦᠭᠡᠷᠦᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ᠂ 10 ᠨᠡᠶᠢᠭᠡᠮ ᠲᠣᠭᠤᠷᠢᠭ ︵ᠲᠣᠰᠬᠤᠨ︶ ᠤᠨ ᠨᠠᠰᠤᠵᠢᠯ ᠤᠨ | ᠤᠶᠢᠯᠡᠴᠢᠯᠡᠭᠡᠨ ᠤ ᠥᠷᠲᠡᠭᠡ ᠶᠢ ᠰᠢᠨ᠎ᠡ ᠪᠠᠷ ᠪᠠᠶᠢᠭᠤᠯᠬᠤ᠂ 10 ᠨᠠᠰᠤᠲᠠᠶᠢᠴᠤᠳ ᠢ ᠲᠤᠰᠠᠯᠠᠬᠤ ᠬᠤᠭᠤᠯᠠ ᠤᠮᠳᠠ ᠶᠢᠨ ᠭᠠᠵᠠᠷ ᠵᠡᠷᠭᠡ ᠭᠤᠷᠪᠠᠨ ᠶᠡᠭᠡ | ᠠᠭᠤᠯᠭ᠎ᠠ ᠶᠢ ᠪᠠᠭᠳᠠᠭᠠᠵᠤ᠂ ᠣᠳᠣᠬᠠᠨ ᠳᠤ ᠡᠮᠦᠨᠡᠬᠢ ᠬᠤᠶᠠᠷ ᠵᠤᠶᠢᠯ ᠨᠢ ᠨᠢᠭᠡᠨᠲᠡ ᠠᠵᠢᠯ ᠢᠶᠠᠨ ᠳᠠᠭᠤᠰᠬᠠᠵᠤ᠂ ᠬᠤᠶᠢᠨᠠᠬᠢ ᠨᠢᠭᠡ ᠵᠤᠶᠢᠯ ᠨᠢ ᠶᠠᠭ | ᠰᠢᠪᠳᠤᠷᠭᠠᠨ ᠳᠤ ᠪᠠᠨ ᠪᠠᠶᠢᠵᠤ᠂ ᠨᠢᠭᠡ ᠬᠡᠰᠡᠭ ᠨᠢ ᠨᠢᠭᠡᠨᠲᠡ ᠠᠵᠢᠯᠯᠠᠵᠤ ᠡᠬᠢᠯᠡᠭᠰᠡᠨ ᠪᠠᠶᠢᠨ᠎ᠠ︾ ᠭᠡᠮᠡᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ | ᠨᠡᠶᠢᠭᠡᠮ ᠤᠨ ᠠᠰᠠᠷᠠᠮᠵᠢ ᠶᠢᠨ ᠤᠶᠢᠯᠡᠰ ᠤᠨ ᠤᠶᠢᠯᠡᠴᠢᠯᠡᠭᠡᠨ ᠤ ᠲᠥᠪ ᠤᠨ ᠡᠷᠬᠢᠯᠡᠭᠴᠢ ᠵᠠᠩ ᠴᠢᠶᠠᠩ ᠶᠠᠷᠢᠵᠤ ᠪᠠᠶᠢᠯ᠎ᠠ᠃ | ︽ᠠᠷᠠᠳ ᠤᠨ ᠠᠮᠢᠳᠤᠷᠠᠯ ᠤᠨ ᠨᠠᠷᠢᠨ ᠲᠠᠩᠰᠠ︾ ᠶᠢ ︽ᠵᠣᠯ ᠵᠢᠷᠭᠠᠯ ᠤᠨ ᠲᠠᠩᠰᠠ︾ ᠪᠣᠯᠭᠠᠨ᠎ᠠ᠃ ᠶᠡᠷᠤᠩᠭᠡᠢ ᠪᠡᠯᠡ ᠤᠷᠤᠭᠤᠯᠤᠯᠳᠠ ᠨᠢ 597 ᠲᠦᠮᠡᠨ | ᠲᠥᠭᠦᠷᠢᠭ ᠤᠨ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠢᠨᠵᠧᠨᠧᠷᠢᠩ ᠢ ᠳᠡᠭᠡᠭᠰᠢᠯᠡᠭᠦᠯᠬᠦ ᠲᠥᠷᠥᠯ ᠵᠤᠶᠢᠯ ᠳᠤ᠂ ᠤᠰᠤᠨ ᠤ ᠬᠡᠮᠵᠢᠶ᠎ᠡ ᠨᠢ | ᠤᠰᠤᠨ ᠤ ᠡᠬᠢ ᠰᠤᠷᠪᠤᠯᠵᠢ ᠳᠤ ᠬᠥᠷᠬᠦ ᠥᠬᠡᠶ 10 ᠬᠤᠳᠳᠤᠭ᠂ ᠤᠰᠤᠨ ᠤ ᠴᠢᠨᠠᠷ ᠨᠢ ᠪᠠᠷᠢᠮᠵᠢᠶ᠎ᠠ ᠳᠤ ᠬᠥᠷᠬᠦ ᠥᠬᠡᠶ ᠤᠰᠤᠨ ᠤ ᠡᠬᠢ ᠰᠤᠷᠪᠤᠯᠵᠢ ᠶᠢᠨ 4 | ᠬᠤᠳᠳᠤᠭ ᠢ ᠥᠭᠡᠷᠡᠴᠢᠯᠡᠨ ᠳᠡᠭᠡᠭᠰᠢᠯᠡᠭᠦᠯᠵᠦ᠂ ᠤᠰᠤᠨ ᠴᠠᠮᠬᠠᠭ᠂ ᠬᠤᠭᠤᠯᠠᠶ ᠶᠢᠨ ᠲᠤᠤᠷ ᠤᠨ ᠭᠤᠭᠤᠵᠢᠵᠤ ᠬᠤᠬᠢᠷᠠᠭᠰᠠᠨ ᠬᠦᠨᠳᠦ ᠨᠣᠴᠢᠲᠠᠶ ᠲᠦᠬᠦᠭᠡᠷᠤᠮᠵᠢ ᠶᠢ | ᠪᠥᠬᠦ ᠲᠠᠯ᠎ᠠ ᠪᠠᠷ ᠰᠡᠯᠪᠢᠨ ᠵᠠᠰᠠᠵᠤ ᠦᠭᠡᠷᠡᠴᠢᠯᠡᠪᠡ᠃ ᠣᠳᠣᠬᠠᠨ ᠳᠤ᠂ 10 ᠮᠠᠰᠢᠨ ᠴᠠᠬᠢᠯᠭᠠᠨ ᠬᠤᠳᠳᠤᠭ᠂ 10 ᠮᠠᠰᠢᠨ ᠬᠥᠭᠡᠷᠭᠡ᠂ 3 ᠤᠰᠤᠨ ᠴᠠᠮᠬᠠᠭ᠂ 3 | ᠬᠤᠳᠳᠤᠭ ᠤᠨ ᠬᠡᠷ ᠢ ᠪᠠᠶᠢᠭᠤᠯᠵᠤ᠂ 93 ᠺᠢᠯᠣᠮᠧᠲᠷ ᠬᠤᠭᠤᠯᠠᠶ ᠶᠢ ᠲᠡᠪᠢᠰᠤᠨ᠂ 593 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 12 | ᠰᠠᠷ᠎ᠠ ᠶᠢᠨ ᠰᠡᠭᠦᠯᠴᠢ ᠪᠠᠷ ᠪᠦᠬᠦᠨ ᠢ ᠳᠠᠭᠤᠰᠬᠠᠬᠤ ᠪᠠᠷ ᠵᠢᠱᠢᠵᠦ ᠪᠣᠶ᠃ | 2024 ᠣᠨ ᠳᠤ᠂ ᠡᠵᠡᠨ ᠬᠤᠷᠤᠭ᠎ᠠ ᠬᠤᠰᠢᠭᠤ ᠦᠷᠭᠦᠯᠵᠢᠯᠡᠨ ᠨᠡᠶᠢᠭᠡᠮ ᠤᠨ ᠠᠷᠠᠳ ᠤᠨ ᠠᠮᠢᠳᠤᠷᠠᠯ ᠤᠨ ᠵᠠᠩᠭᠢᠯᠠᠭ᠎ᠠ ᠶᠢᠨ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ᠠᠷᠠᠳ ᠤᠯᠠᠨ ᠤ ᠰᠢᠨ᠎ᠡ ᠬᠡᠷᠡᠭᠴᠡᠭᠡ ᠰᠢᠨ᠎ᠡ ᠬᠦᠰᠡᠯ ᠡᠷᠡᠮᠡᠯᠵᠡᠯ ᠢ ᠤᠨᠢᠨ ᠳᠡᠭᠡᠷ᠎ᠡ ᠨᠢ ᠵᠣᠯᠭᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠨ ᠵᠣᠪᠠᠨᠢᠯ ᠢ ᠰᠢᠢᠳᠪᠦᠷᠢᠯᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠢᠶᠠᠨ ᠠᠷᠠᠳ ᠤᠯᠠᠨ ᠤ ᠭᠡᠷ ᠤᠨ ᠡᠭᠦᠳᠡ᠂ ᠤᠯᠠᠨ ᠲᠦᠮᠡᠨ ᠤ ᠰᠡᠳᠬᠢᠯ ᠳᠤ ᠬᠦᠷᠭᠡᠵᠦ᠂ ᠬᠥᠭᠵᠢᠯᠲᠡ ᠶᠢ | ᠨᠡᠩ ᠬᠠᠯᠠᠭᠤᠨ ᠳᠤᠯᠠᠭᠠᠨ᠂ ᠤᠯᠠᠨ ᠲᠦᠮᠡᠨ ᠤ ᠵᠣᠯ ᠵᠢᠷᠭᠠᠯ ᠢ ᠨᠡᠩ ᠶᠠᠰᠤ ᠴᠢᠨᠠᠷ ᠤᠨ ᠲᠦᠷᠦᠭᠳᠡᠯ ᠲᠠᠢ ᠪᠣᠯᠭᠠᠪᠠ᠃ | ᠤᠳᠤᠬᠠᠨ ᠪᠣᠯᠲᠠᠯ᠎ᠠ᠂ ᠶᠡᠷᠤᠩᠭᠡᠢ ᠪᠡᠯᠡ ᠤᠷᠤᠭᠤᠯᠤᠯᠳᠠ ᠨᠢ 698 ᠲᠦᠮᠡᠨ ᠲᠥᠭᠦᠷᠢᠭ ᠤᠨ ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠡᠷᠡᠭᠦᠯ | ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠤᠶᠢᠯ ᠨᠢ ᠪᠥᠬᠦ ᠬᠤᠰᠢᠭᠤᠨ ᠤ 31 ᠰᠤᠷᠭᠠᠭᠤᠯᠢ ᠶᠢᠨ 38568 ᠰᠤᠷᠭᠠᠭᠤᠯᠢ ᠳᠤ ᠪᠠᠶᠢᠭ᠎ᠠ | ᠰᠣᠷᠣᠭᠴᠢ ᠳᠤ ᠪᠡᠶ᠎ᠡ ᠶᠢᠨ ᠪᠠᠶᠢᠴᠠᠭᠠᠯᠲᠠ ᠬᠢᠬᠦ ᠪᠠᠷ ᠪᠠᠶᠢᠵᠤ᠂ ᠨᠡᠶᠢᠲᠡ 27871 ᠬᠥᠮᠦᠨ ᠤᠳᠠᠭ᠎ᠠ ᠳᠤ ᠨᠢᠭᠡᠨᠳᠡ ᠪᠡᠶ᠎ᠡ ᠶᠢᠨ ᠪᠠᠶᠢᠴᠠᠭᠠᠯᠲᠠ ᠬᠢᠵᠦ᠂ ᠪᠠᠯᠠ | ᠣᠷᠣᠭᠤᠯᠤᠯᠲᠠ ᠶᠢᠨ ᠲᠥᠯᠥᠪᠯᠡᠭᠡ ᠶᠢ ᠪᠡᠶᠡᠯᠡᠭᠦᠯᠵᠡᠶ᠃ | ᠶᠡᠷᠤᠩᠭᠡᠢ ᠪᠡᠯᠡ ᠤᠷᠤᠭᠤᠯᠤᠯᠳᠠ ᠨᠢ 3500 ᠲᠦᠮᠡᠨ ᠲᠥᠭᠦᠷᠢᠭ ᠤᠨ ᠡᠵᠡᠨ ᠬᠤᠷᠤᠭ᠎ᠠ ᠬᠤᠰᠢᠭᠤᠨ ᠤ ᠳᠤᠯᠠᠭᠠᠯᠠᠭ᠎ᠠ ᠬᠠᠩᠭᠠᠬᠤ᠂ ᠤᠰᠤ ᠬᠠᠩᠭᠠᠬᠤ | ᠬᠤᠶᠠᠳᠤᠭᠠᠷ ᠤᠳᠠᠭᠠᠨ ᠤ ᠬᠤᠭᠤᠯᠠᠶ ᠶᠢᠨ ᠲᠣᠣᠷ ᠵᠢᠴᠢ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠶᠢᠨ ᠲᠦᠷᠤᠯ ᠵᠤᠶᠢᠯ ᠨᠢ ᠪᠦᠬᠦ ᠬᠤᠰᠢᠭᠤᠨ ᠤ 44 | ᠰᠠᠭᠤᠭᠠᠯᠢ ᠠᠷᠠᠳ ᠤᠨ ᠲᠣᠭᠤᠷᠢᠭ ᠤᠨ ᠤᠰᠤ ᠬᠠᠩᠭᠠᠬᠤ᠂ ᠳᠤᠯᠠᠭᠠᠯᠠᠭ᠎ᠠ ᠬᠠᠩᠭᠠᠬᠤ ᠬᠤᠭᠤᠯᠠᠶ ᠶᠢᠨ ᠲᠣᠣᠷ ᠵᠡᠷᠭᠡ ᠳᠤ ᠰᠡᠯᠪᠢᠨ ᠵᠠᠰᠠᠯᠲᠠ ᠬᠢᠵᠦ᠂ ᠣᠳᠣᠬᠠᠨ ᠳᠤ | ᠨᠢᠭᠡᠨᠲᠡ ᠪᠦᠬᠦᠨ ᠢᠶᠠᠷ ᠢᠶᠠᠨ ᠠᠵᠢᠯ ᠢᠶᠠᠨ ᠳᠠᠭᠤᠰᠬᠠᠪᠠ᠃ | ᠡᠵᠡᠨ ᠬᠤᠷᠤᠭ᠎ᠠ ᠬᠤᠰᠢᠭᠤᠨ ᠤ ︽ᠪᠤᠭᠤᠮᠢ ᠶᠢᠨ ᠵᠤᠶᠢᠯ ᠢ ᠥᠭᠡᠷᠡᠴᠢᠯᠡᠨ ᠬᠠᠮᠢᠶᠠᠷᠬᠤ︾ ᠲᠥᠷᠥᠯ ᠵᠤᠶᠢᠯ ᠨᠢ ᠬᠤᠭᠤᠯᠠᠶ ᠪᠠᠷ ᠳᠠᠮᠵᠢᠭᠤᠯᠬᠤ ᠪᠠᠶᠢᠭᠠᠯᠢ ᠶᠢᠨ | ᠰᠢᠲᠠᠮᠠᠬᠠᠶ ᠬᠡᠶ ᠶᠢ ᠨᠡᠪᠲᠡᠷᠡᠭᠦᠯᠬᠦ ᠨᠥᠬᠦᠴᠡᠯ ᠳᠤ ᠨᠡᠶᠢᠴᠡᠬᠦ ᠬᠤᠪᠢ ᠶᠢᠨ ᠤᠶᠢᠯᠡᠳᠪᠤᠷᠢ ᠬᠤᠳᠠᠯᠳᠤᠭᠠᠨ ᠤ ᠡᠷᠦᠬᠡ ᠳᠤ ︽ᠪᠤᠭᠤᠮᠢ ᠶᠢᠨ ᠵᠤᠶᠢᠯ ᠢ ᠥᠭᠡᠷᠡᠴᠢᠯᠡᠨ | ᠬᠠᠮᠢᠶᠠᠷᠬᠤ︾ ᠥᠭᠡᠷᠡᠴᠢᠯᠡᠯᠲᠡ ᠬᠢᠵᠦ᠂ ᠣᠳᠣᠬᠠᠨ ᠳᠤ ᠨᠢᠭᠡᠨᠲᠡ 265 ᠡᠷᠦᠬᠡ ᠶᠢ ᠥᠭᠡᠷᠡᠴᠢᠯᠡᠬᠦ ᠠᠵᠢᠯ ᠢ ᠪᠡᠶᠡᠯᠡᠭᠦᠯᠵᠦ᠂ 390 ᠲᠦᠮᠡᠨ ᠲᠥᠭᠦᠷᠢᠭ ᠤᠨ ᠪᠠᠯᠠ | ᠣᠷᠣᠭᠤᠯᠤᠯᠲᠠ ᠶᠢ ᠪᠡᠶᠡᠯᠡᠭᠦᠯᠵᠡᠶ᠃ | ᠢᠳᠡᠭᠡᠨ ᠤ ᠠᠮᠤᠷ ᠲᠦᠪᠰᠢᠨ ᠪᠣᠯ ᠬᠥᠮᠦᠰ ᠤᠨ ᠡᠳᠦᠷ ᠲᠤᠲᠤᠮ ᠤᠨ ᠠᠮᠢᠳᠤᠷᠠᠯ ᠳᠤᠮᠳᠠ ᠲᠦᠢᠯ ᠢᠶᠠᠷ ᠠᠩᠬᠠᠷᠴᠤ ᠪᠠᠶᠢᠭ᠎ᠠ ᠠᠰᠠᠭᠤᠳᠠᠯ ᠪᠣᠯᠤᠨ᠎ᠠ᠃ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠤᠯᠬᠤ ︽ᠳᠤᠯᠠᠭᠠᠨ ᠬᠤᠲᠠ ᠶᠢᠨ ᠢᠳᠡᠭᠡᠨ ᠤᠮᠳᠠᠭᠠᠨ ᠤ ᠠᠮᠤᠷ ᠲᠦᠪᠰᠢᠨ︾ ᠤ ᠰᠠᠭᠤᠷᠢ ᠪᠠᠲᠤᠯᠠᠭ᠎ᠠ ᠶᠢᠨ ᠲᠥᠷᠥᠯ | ᠵᠤᠶᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 860 ᠲᠦᠮᠡᠨ ᠲᠥᠭᠦᠷᠢᠭ ᠲᠤ ᠬᠦᠷᠴᠦ᠂ ᠡᠵᠡᠨ ᠬᠤᠷᠤᠭ᠎ᠠ ᠬᠤᠰᠢᠭᠤᠨ ᠤ ᠬᠢᠨ ᠰᠢᠯᠭᠠᠨ ᠪᠠᠶᠢᠴᠠᠭᠠᠬᠤ | ᠲᠥᠪ ᠤᠨ ᠲᠥᠬᠦᠭᠡᠷᠦᠮᠵᠢ ᠶᠢ ᠰᠢᠨᠡᠳᠬᠡᠵᠦ᠂ ︽ᠳᠤᠯᠠᠭᠠᠨ ᠬᠤᠲᠠ ᠶᠢᠨ ᠢᠳᠡᠭᠡᠨ ᠤᠮᠳᠠᠭᠠᠨ ᠤ ᠠᠮᠤᠷ ᠲᠦᠪᠰᠢᠨ︾ ᠤ ᠲᠠᠪᠴᠠᠩ ᠢᠶᠠᠷ ᠪᠥᠬᠦ ᠬᠤᠰᠢᠭᠤᠨ ᠤ ᠡᠯ᠎ᠡ | ᠲᠥᠷᠥᠯ ᠤᠨ ᠢᠳᠡᠭᠡᠨ ᠤᠮᠳᠠᠭᠠᠨ ᠤ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠥᠬᠦ ᠬᠤᠰᠢᠭᠤᠨ ᠤ ᠵᠣᠴᠢᠳ ᠤᠨ ᠪᠠᠭᠤᠳᠠᠯ᠂ | ᠲᠠᠷᠢᠶᠠᠯᠠᠩ ᠤᠨ ᠪᠦᠳᠤᠭᠡᠭᠳᠡᠬᠦᠨ ᠤ ᠵᠠᠬ᠎ᠠ ᠳᠡᠯᠭᠡᠭᠦᠷ ᠵᠢᠴᠢ ᠢᠳᠡᠭᠡᠨ ᠤᠮᠳᠠᠭᠠᠨ ᠤ ᠮᠠᠲ᠋ᠧᠷᠢᠶᠠᠯ ᠤᠨ ᠬᠠᠩᠭᠠᠯᠭ᠎ᠠ ᠶᠢᠨ ᠬᠤᠳᠠᠯᠳᠤᠭᠠᠴᠢᠨ ᠢ ᠲᠠᠪᠴᠠᠩ ᠳᠤ | ᠣᠷᠣᠭᠤᠯᠤᠨ᠂ ᠬᠥᠨᠳᠡᠯᠡᠨ ᠢᠶᠠᠷ ᠵᠠᠬ᠎ᠠ ᠳᠤᠨᠢ ᠬᠦᠷᠲᠡᠯ᠎ᠡ᠂ ᠭᠤᠯᠳᠤ ᠪᠠᠷ ᠡᠴᠦᠰ ᠲᠤᠨᠢ ᠲᠤᠯᠲᠠᠯ᠎ᠠ ᠬᠤᠲᠠ ᠶᠢᠨ ᠢᠳᠡᠭᠡᠨ ᠤᠮᠳᠠᠭᠠᠨ ᠤ ᠬᠢᠨᠠᠯᠲᠠ ᠬᠠᠮᠢᠶᠠᠷᠤᠯᠲᠠ ᠶᠢᠨ | ᠰᠢᠰᠲ᠋ᠧᠮ ᠢ ᠪᠦᠷᠢᠯᠳᠤᠬᠦᠯᠪᠡ᠃ ᠣᠳᠣᠬᠠᠨ ᠳᠤ᠂ ︽ᠳᠤᠯᠠᠭᠠᠨ ᠬᠤᠲᠠ ᠶᠢᠨ ᠢᠳᠡᠭᠡᠨ ᠤ ᠠᠮᠤᠷ ᠲᠦᠪᠰᠢᠨ︾ ᠤ ᠣᠶᠤᠨᠴᠢ ᠬᠢᠨᠠᠯᠲᠠ ᠬᠠᠮᠢᠶᠠᠷᠤᠯᠲᠠ ᠶᠢᠨ | ᠰᠢᠰᠲ᠋ᠧᠮ ᠤᠨ ᠭᠡᠷᠡᠭᠯᠡᠯᠳᠡ ᠶᠢ ᠲᠠᠰ ᠲᠡᠪᠰᠢᠬᠦᠯᠬᠦ ᠲᠥᠷᠥᠯ ᠵᠤᠶᠢᠯ ᠨᠢ ᠰᠥᠨᠢ ᠶᠢᠨ ᠵᠠᠬ᠎ᠠ ᠳᠡᠯᠭᠡᠭᠦᠷ ᠤᠨ ᠢᠳᠡᠭᠡᠨ ᠤᠮᠳᠠᠭᠠᠨ ᠤ ᠠᠷᠠᠯᠵᠢᠶᠠᠴᠢᠨ ᠤ | ᠣᠶᠤᠨᠴᠢᠯᠠᠭᠰᠠᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠪᠠ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠬᠢᠨᠠᠯᠲᠠ ᠲᠠᠯᠪᠢᠵᠤ ᠰᠤᠭᠤᠴᠢᠨ | ᠪᠠᠶᠢᠴᠠᠭᠠᠵᠤ ᠰᠢᠯᠭᠠᠨ ᠬᠢᠨᠠᠬᠤ ᠲᠠᠪᠴᠠᠩ ᠢ ᠪᠠᠶᠢᠭᠤᠯᠬᠤ ᠠᠵᠢᠯ ᠢ ᠨᠢᠭᠡᠨᠲᠡ ᠪᠡᠶᠡᠯᠡᠭᠦᠯᠪᠡ᠃ ᠪᠥᠬᠦ ᠬᠤᠰᠢᠭᠤᠨ ᠤ ᠢᠳᠡᠭᠡᠨ ᠪᠣᠯᠪᠠᠰᠤᠷᠠᠭᠤᠯᠬᠤ ᠵᠢᠵᠢᠭ | ᠤᠶᠢᠯᠡᠳᠭᠡᠯ ᠤᠨ ᠭᠠᠵᠠᠷ ᠤᠨ ︽ᠨᠢᠭᠡ ᠵᠤᠶᠢᠯ ᠤᠨ ᠲᠠᠸᠠᠷ ᠲᠤ ᠨᠢᠭᠡ ᠨᠣᠮᠧᠷ ᠲᠠᠢ ᠪᠠᠶᠢᠯᠭᠠᠬᠤ︾ ᠶᠢ ᠪᠦᠬᠦᠨ ᠢ ᠬᠠᠮᠤᠷᠬᠤ ᠠᠵᠢᠯ ᠤᠨ 95% ᠶᠢ ᠨᠢᠭᠡᠨᠲᠡ | ᠪᠡᠶᠡᠯᠡᠬᠦᠯᠵᠦ᠂ ᠡᠵᠡᠨ ᠬᠤᠷᠤᠭ᠎ᠠ ᠬᠤᠰᠢᠭᠤᠨ ᠤ ᠭᠠᠵᠠᠷ ᠬᠥᠷᠥᠩᠭᠡ ᠢᠳᠡᠭᠡᠨ ᠤ ᠵᠤᠶᠢᠯ ᠢ ᠤᠬᠠᠭᠤᠯᠤᠨ ᠳᠡᠯᠭᠡᠷᠡᠭᠦᠯᠬᠦ ᠲᠠᠪᠴᠠᠩ ᠤᠨ 90% ᠶᠢ ᠨᠢᠭᠡᠨᠲᠡ | ᠪᠠᠶᠢᠭᠤᠯᠵᠤ᠂ ᠣᠲᠣ ᠶᠠᠭ ᠰᠦᠯᠵᠢᠶᠡᠨ ᠳᠤ ᠭᠠᠷᠬᠤ ᠠᠴᠠ ᠡᠮᠦᠨᠡᠬᠢ ᠳᠣᠲᠣᠭᠠᠳᠤ ᠶᠢᠨ ᠰᠣᠷᠢᠯᠲᠠ ᠶᠢ ᠬᠢᠵᠦ ᠪᠠᠶᠢᠨ᠎ᠠ᠂ ᠰᠣᠷᠢᠯᠲᠠ ᠶᠢ ᠪᠡᠶᠡᠯᠡᠬᠦᠯᠤᠭᠡᠳ ᠲᠣᠮᠣ | ᠳ᠋ᠠᠶᠢᠲ᠋ᠠ ᠶᠢᠨ ᠰᠠᠯᠠᠭ᠎ᠠ ᠮᠥᠴᠢᠷ ᠤᠨ ᠬᠢᠨᠠᠨ ᠬᠠᠷᠭᠤᠭᠤᠯᠳᠠ ᠶᠢ ᠦᠩᠭᠡᠷᠡᠭᠡᠭᠰᠡᠨ ᠤ ᠳᠠᠷᠠᠭ᠎ᠠ ᠳᠠᠷᠤᠶ ᠨᠡᠶᠢᠲᠡᠯᠡᠨ ᠬᠡᠷᠡᠭᠯᠡᠵᠦ ᠪᠣᠯᠤᠨ᠎ᠠ᠃ ᠰᠢᠯᠭᠠᠨ ᠪᠠᠶᠢᠴᠠᠭᠠᠬᠤ | ᠲᠥᠪ ᠤᠨ ᠲᠥᠬᠦᠭᠡᠷᠦᠮᠵᠢ ᠶᠢ ᠰᠢᠨᠡᠳᠬᠡᠬᠦ ᠲᠥᠷᠥᠯ ᠵᠤᠶᠢᠯ ᠨᠢ ᠨᠢᠭᠡᠨᠲᠡ ᠤᠭᠰᠠᠷᠠᠯᠳᠠ ᠶᠢᠨ ᠠᠵᠢᠯ ᠢᠶᠠᠨ ᠲᠠᠭᠤᠰᠬᠠᠬᠤ ᠶᠢᠨ ᠬᠠᠮᠲᠤ ᠰᠢᠯᠭᠠᠨ ᠬᠤᠷᠢᠶᠠᠯᠳᠠ ᠶᠢ | ᠦᠩᠭᠡᠷᠡᠭᠡᠵᠦ᠂ 750 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠬᠦᠯᠦᠨ᠂ ᠵᠢᠱᠢᠯᠲᠡ ᠪᠠᠷ 12 ᠳ᠋ᠤᠭᠠᠷ ᠰᠠᠷ᠎ᠠ ᠶᠢᠨ ᠰᠡᠭᠦᠯᠴᠢ ᠪᠠᠷ ᠪᠦᠬᠦᠨ ᠢ | ᠲᠠᠭᠤᠰᠬᠠᠬᠤ ᠪᠠᠷ ᠪᠠᠶᠢᠨ᠎ᠠ᠃ | ᠪᠥᠬᠦ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠥᠷᠥᠯ ᠵᠤᠶᠢᠯ ᠳᠤ | ᠨᠡᠶᠢᠲᠡ 4750 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠡᠵᠡᠨ ᠬᠤᠷᠤᠭ᠎ᠠ ᠬᠤᠰᠢᠭᠤᠨ ᠤ ᠬᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | 27 ᠰᠤᠷᠭᠠᠭᠤᠯᠢ ᠶᠢ ᠲᠥᠪᠯᠡᠷᠡᠭᠦᠯᠦᠨ ᠵᠠᠰᠠᠨ ᠰᠢᠨᠡᠳᠭᠡᠵᠦ᠂ ᠨᠢᠭᠡ ᠪᠦᠯᠦᠭ ᠳᠤᠲᠠᠭᠳᠠᠵᠤ ᠪᠠᠶᠢᠭ᠎ᠠ ᠲᠤᠨᠤᠭ ᠲᠥᠬᠦᠭᠡᠷᠦᠮᠵᠢ᠂ 12 ᠲᠦᠮᠡᠨ ᠳᠡᠪᠲᠡᠷ ᠨᠣᠮ | ᠪᠢᠴᠢᠭ ᠢ ᠲᠥᠪᠯᠡᠷᠡᠭᠦᠯᠦᠨ ᠬᠤᠳᠠᠯᠳᠤᠨ ᠠᠪᠴᠤ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠴᠢᠳᠠᠮᠵᠢ ᠶᠢᠨ ᠲᠠᠰᠤᠭ ᠪᠠ ᠪᠠᠶᠢᠷᠢ ᠶᠢᠨ ᠭᠡᠷ ᠢ | ᠲᠥᠪᠯᠡᠷᠡᠭᠦᠯᠦᠨ ᠰᠡᠯᠪᠢᠨ ᠵᠠᠰᠠᠵᠤ ᠦᠭᠡᠷᠡᠴᠢᠯᠡᠨ᠂ ᠮᠣᠩᠭᠤᠯ ᠦᠨᠳᠤᠰᠤᠳᠡᠨ ᠤ ᠳᠤᠮᠳᠠᠳᠤ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ ᠵᠡᠷᠭᠡ 4 | ᠰᠢᠨ᠎ᠡ ᠪᠠᠷ ᠪᠠᠶᠢᠭᠤᠯᠤᠭᠰᠠᠨ ᠰᠤᠷᠭᠠᠭᠤᠯᠢ ᠳᠤ ᠰᠤᠷᠭᠠᠭᠤᠯᠢ ᠶᠢᠨ ᠬᠦᠷᠢᠶᠡᠨ ᠤ ᠰᠣᠶᠣᠯ ᠢ ᠵᠠᠰᠠᠨ ᠪᠣᠶ ᠪᠣᠯᠭᠠᠵᠤ᠂ 4000 ᠲᠦᠮᠡᠨ ᠲᠥᠭᠦᠷᠢᠭ ᠤᠨ ᠪᠠᠯᠠ | ᠣᠷᠣᠭᠤᠯᠤᠯᠲᠠ ᠶᠢ ᠪᠡᠶᠡᠯᠡᠬᠦᠯᠦᠨ᠂ 12 ᠳ᠋ᠤᠭᠠᠷ ᠰᠠᠷ᠎ᠠ ᠶᠢᠨ ᠰᠡᠭᠦᠯᠴᠢ ᠪᠠᠷ ᠪᠦᠬᠦᠨ ᠢ ᠳᠠᠭᠤᠰᠬᠠᠬᠤ ᠪᠠᠷ ᠵᠢᠱᠢᠵᠦ ᠪᠣᠶ᠃ | ᠬᠤᠲᠠ ᠶᠢᠨ ᠠᠮᠢ ᠨᠠᠰᠤ ᠲᠠᠢ ᠬᠤᠯᠪᠤᠭᠳᠠᠬᠤ ᠠᠮᠤᠷ ᠲᠦᠪᠰᠢᠨ ᠤ ᠢᠨᠵᠧᠨᠧᠷᠢᠩ ᠪᠣᠯ ᠠᠷᠠᠳ ᠣᠯᠠᠨ ᠤ ᠠᠮᠤᠷ ᠲᠠᠶᠢᠪᠤᠩ ᠠᠵᠤ ᠲᠦᠷᠦᠭᠦ᠂ ᠬᠤᠲᠠ ᠶᠢᠨ | ᠠᠮᠤᠷ ᠲᠦᠪᠰᠢᠨ ᠡᠮᠬᠢ ᠵᠢᠷᠤᠮ ᠲᠠᠢ ᠠᠵᠢᠯᠯᠠᠬᠤ ᠴᠢᠬᠤᠯᠠ ᠲᠥᠷᠥᠯ ᠵᠤᠶᠢᠯ ᠪᠣᠯᠤᠨ᠎ᠠ᠃ ᠨᠡᠶᠢᠲᠡ 500 ᠲᠦᠮᠡᠨ ᠲᠥᠭᠦᠷᠢᠭ ᠤᠨ ᠪᠠᠯᠠ ᠣᠷᠣᠭᠤᠯᠤᠭᠰᠠᠨ ᠡᠵᠡᠨ | ᠬᠤᠷᠤᠭ᠎ᠠ ᠬᠤᠰᠢᠭᠤᠨ ᠤ ᠬᠤᠲᠠ ᠶᠢᠨ ᠠᠮᠢ ᠨᠠᠰᠤ ᠲᠠᠢ ᠬᠤᠯᠪᠤᠭᠳᠠᠬᠤ ᠠᠮᠤᠷ ᠲᠦᠪᠰᠢᠨ ᠤ ᠢᠨᠵᠧᠨᠧᠷᠢᠩ ᠨᠢ᠂ ᠠᠯᠳᠠᠨᠰᠢᠷᠡᠭᠡᠳᠤ ᠪᠠᠯᠭᠠᠰᠤ ᠶᠢᠨ ᠬᠤᠲᠠ ᠶᠢᠨ | ᠲᠣᠭᠤᠷᠢᠭ ᠤᠨ 425 ᠺᠢᠯᠣᠮᠧᠲᠷ ᠤᠨ ᠰᠢᠲᠠᠮᠠᠬᠠᠶ ᠬᠡᠶ ᠶᠢᠨ ᠬᠤᠭᠤᠯᠠᠶ ᠶᠢᠨ ᠲᠤᠤᠷ᠂ 762 ᠺᠢᠯᠣᠮᠧᠲᠷ ᠤᠨ ᠤᠰᠤ ᠬᠠᠩᠭᠠᠬᠤ ᠬᠤᠭᠤᠯᠠᠶ ᠶᠢᠨ ᠲᠤᠤᠷ᠂ 679 | ᠺᠢᠯᠣᠮᠧᠲᠷ ᠤᠨ ᠢᠯᠴᠢ ᠬᠠᠩᠭᠠᠬᠤ ᠬᠤᠭᠤᠯᠠᠶ ᠶᠢᠨ ᠲᠤᠤᠷ᠂ 520 ᠺᠢᠯᠣᠮᠧᠲᠷ ᠤᠨ ᠤᠰᠤ ᠵᠠᠯᠠᠬᠤ ᠬᠤᠭᠤᠯᠠᠶ ᠶᠢᠨ ᠲᠤᠤᠷ᠂ 9 ᠬᠥᠭᠦᠷᠭᠡ ᠪᠠ 2 ᠺᠢᠯᠣᠮᠧᠲᠷ ᠤᠨ | ᠶᠡᠷᠦᠩᠬᠡᠶᠢᠯᠡᠭᠰᠡᠨ ᠬᠤᠭᠤᠯᠠᠶ ᠶᠢᠨ ᠬᠤᠩᠭᠢᠯ ᠳᠤ ᠰᠠᠭᠤᠷᠢ ᠲᠦᠬᠦᠭᠡᠷᠤᠮᠵᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠬᠤᠲᠠ ᠶᠢᠨ ᠶᠠᠪᠤᠳᠠᠯ ᠤᠨ ᠰᠠᠭᠤᠷᠢ | ᠲᠦᠬᠦᠭᠡᠷᠤᠮᠵᠢ ᠶᠢᠨ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠲᠠᠪᠴᠠᠩ ᠢ ᠪᠠᠶᠢᠭᠤᠯᠤᠨ᠂ ᠬᠤᠲᠠ ᠶᠢᠨ ᠠᠮᠢ ᠨᠠᠰᠤ ᠲᠠᠢ ᠬᠤᠯᠪᠤᠭᠳᠠᠬᠤ ᠰᠢᠰᠲ᠋ᠧᠮ ᠤᠨ ᠠᠵᠢᠯᠯᠠᠭᠠᠨ᠂ | ᠵᠢᠵᠢᠭᠦᠷᠯᠡᠨ ᠰᠠᠬᠢᠬᠤ᠂ ᠤᠷᠢᠳᠴᠢᠯᠠᠨ ᠰᠡᠷᠡᠮᠵᠢᠯᠡᠭᠦᠯᠬᠦ᠂ ᠰᠢᠢᠳᠪᠤᠷᠢᠯᠡᠬᠦ ᠵᠡᠷᠭᠡ ᠶᠢ ᠴᠠᠭ ᠲᠤᠬᠠᠶ ᠳᠤᠨᠢ ᠬᠢᠨᠠᠨ ᠬᠡᠮᠵᠢᠬᠦ ᠶᠢ ᠪᠡᠶᠡᠯᠡᠬᠦᠯᠵᠦ ᠪᠠᠶᠢᠨ᠎ᠠ᠃ ᠣᠳᠣᠬᠠᠨ ᠳᠤ | 573 ᠺᠢᠯᠣᠮᠧᠲᠷ ᠤᠨ ᠰᠢᠲᠠᠮᠠᠬᠠᠶ ᠬᠡᠶ ᠶᠢᠨ ᠬᠤᠭᠤᠯᠠᠶ ᠶᠢᠨ ᠲᠤᠤᠷ᠂ 700 ᠺᠢᠯᠣᠮᠧᠲᠷ ᠤᠨ ᠢᠯᠴᠢ ᠬᠠᠩᠭᠠᠬᠤ ᠬᠤᠭᠤᠯᠠᠶ ᠶᠢᠨ ᠲᠤᠤᠷ᠂ 650 ᠺᠢᠯᠣᠮᠧᠲᠷ ᠤᠨ | ᠤᠰᠤ ᠬᠠᠩᠭᠠᠬᠤ ᠬᠤᠭᠤᠯᠠᠶ ᠶᠢᠨ ᠲᠤᠤᠷ ᠤᠨ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠨᠢᠭᠡᠨᠲᠡ ᠪᠡᠶᠡᠯᠡᠭᠦᠯᠵᠦ᠂ ︽ᠬᠤᠲᠠ ᠶᠢᠨ ᠠᠮᠢ ᠨᠠᠰᠤ | ᠲᠠᠢ ᠬᠤᠯᠪᠤᠭᠳᠠᠬᠤ ᠠᠵᠢᠯᠯᠠᠭᠠᠨ ᠤ ᠬᠢᠨᠠᠨ ᠬᠡᠮᠵᠢᠯᠲᠡ ᠶᠢᠨ ᠨᠢᠭᠡ ᠬᠠᠭᠤᠳᠠᠰᠤ ᠵᠢᠷᠤᠭ︾ ᠤᠨ ᠲᠥᠷᠥᠯ ᠵᠤᠶᠢᠯ ᠤᠨ ᠵᠥᠭᠡᠯᠡᠨ ᠲᠣᠨᠤᠭ ᠤᠨ ᠴᠢᠳᠠᠮᠵᠢ ᠶᠢ ᠰᠤᠳᠤᠯᠤᠨ | ᠨᠡᠭᠡᠭᠡᠬᠦ ᠠᠵᠢᠯ ᠢ ᠨᠢᠭᠡᠨᠲᠡ 90% ᠶᠢ ᠪᠡᠶᠡᠯᠡᠬᠦᠯᠤᠨ᠂ ᠲᠤᠰ ᠲᠠᠪᠴᠠᠩ ᠨᠢ ᠪᠠᠶᠢᠷᠢᠯᠠᠭᠤᠯᠬᠤ ᠨᠥᠬᠦᠴᠡᠯ ᠢ ᠪᠦᠷᠢᠯᠳᠦᠭᠦᠯᠵᠦ᠂ ᠤᠶᠢᠯᠡᠴᠢᠯᠡᠭᠡᠨ ᠤ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠪᠡᠶᠡᠯᠡᠬᠦᠯᠦᠨ᠂ 460 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 12 ᠳ᠋ᠤᠭᠠᠷ ᠰᠠᠷ᠎ᠠ ᠶᠢᠨ ᠰᠡᠭᠦᠯᠴᠢ ᠪᠠᠷ ᠪᠦᠬᠦᠨ ᠢ | ᠳᠠᠭᠤᠰᠬᠠᠬᠤ ᠪᠠᠷ ᠵᠢᠱᠢᠵᠦ ᠪᠣᠶ᠃ | ᠶᠡᠷᠦᠩᠬᠡᠶ ᠪᠠᠯᠠ ᠣᠷᠣᠭᠤᠯᠤᠯᠲᠠ ᠨᠢ 600 ᠲᠦᠮᠡᠨ ᠲᠥᠭᠦᠷᠢᠭ ᠤᠨ ᠡᠵᠡᠨ ᠬᠤᠷᠤᠭ᠎ᠠ ᠬᠤᠰᠢᠭᠤᠨ ᠤ ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠶᠢᠨ ᠡᠮᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠤᠶᠢᠯ ᠨᠢ ᠪᠥᠬᠦ ᠬᠤᠰᠢᠭᠤᠨ ᠤ 6 ᠡᠷᠡᠭᠦᠯ ᠬᠠᠮᠠᠭᠠᠯᠠᠯ ᠤᠨ ᠬᠤᠷᠢᠶ᠎ᠠ ᠪᠣᠯᠤᠨ | ᠠᠯᠳᠠᠨᠰᠢᠷᠡᠭᠡᠳᠤ ᠪᠠᠯᠭᠠᠰᠤᠨ ᠤ 4 ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠥᠷᠲᠡᠭᠡ ᠳᠤ ᠲᠣᠰ ᠲᠣᠰ 1 ᠲᠥᠬᠦᠮ ᠬᠡᠯᠪᠡᠷᠢ ᠶᠢᠨ | ᠬᠡᠲᠦ ᠳᠣᠯᠭᠢᠶᠠᠨ ᠤ ᠮᠠᠰᠢᠨ ᠢ ᠳᠣᠭᠢᠷᠠᠭᠤᠯᠵᠤ᠂ ᠣᠲᠣ ᠨᠢᠭᠡᠨᠲᠡ ᠠᠵᠢᠯ ᠢᠶᠠᠨ ᠪᠦᠬᠦᠨ ᠢ ᠳᠠᠭᠤᠰᠬᠠᠪᠠ᠃ | ᠠᠷᠠᠳ ᠲᠤ ᠲᠥᠬᠦᠮ ᠦᠵᠡᠭᠦᠯᠬᠦ ᠥᠷᠯᠥᠭᠡ ᠣᠷᠣᠶ ᠶᠢᠨ ᠵᠠᠬ᠎ᠠ ᠶᠢᠨ ᠥᠭᠡᠷᠡᠴᠢᠯᠡᠯᠲᠡ ᠶᠢᠨ ᠲᠥᠷᠥᠯ ᠵᠤᠶᠢᠯ ᠤᠨ ᠶᠡᠷᠦᠩᠬᠡᠶ ᠪᠠᠯᠠ ᠣᠷᠣᠭᠤᠯᠤᠯᠲᠠ ᠨᠢ | 450 ᠲᠦᠮᠡᠨ ᠲᠥᠭᠦᠷᠢᠭ ᠪᠠᠶᠢᠵᠤ᠂ ᠡᠵᠡᠨ ᠬᠤᠷᠤᠭ᠎ᠠ ᠬᠤᠰᠢᠭᠤᠨ ᠤ ᠬᠢᠨ 6 ᠠᠷᠠᠳ ᠲᠤ ᠲᠥᠬᠦᠮ ᠦᠵᠡᠭᠦᠯᠬᠦ ᠥᠷᠯᠥᠭᠡ ᠣᠷᠣᠶ ᠶᠢᠨ ᠵᠠᠬ᠎ᠠ ᠶᠢ ᠲᠠᠰ | ᠳᠡᠪᠰᠢᠭᠦᠯᠦᠨ ᠥᠭᠡᠷᠡᠴᠢᠯᠡᠪᠡ᠃ ᠣᠳᠣᠬᠠᠨ ᠳᠤ ᠭᠠᠵᠠᠷ ᠳᠡᠭᠡᠷᠡᠬᠢ ᠪᠠᠷᠢᠯᠭ᠎ᠠ ᠶᠢᠨ ᠵᠠᠬᠢᠶᠠᠯᠠᠭ᠎ᠠ ᠪᠠᠷ ᠤᠶᠢᠯᠡᠳᠬᠦ ᠵᠤᠶᠢᠯᠡᠰ ᠢ ᠵᠠᠬᠢᠶᠠᠯᠠᠨ ᠦᠢᠯᠡᠳᠴᠦ᠂ ᠪᠠᠷᠠᠭᠤᠨ | ᠠᠭᠤᠯᠠ ᠶᠢᠨ ᠵᠢᠶᠠ ᠶᠤᠸᠠᠨ ᠰᠥᠨᠢ ᠶᠢᠨ ᠵᠠᠬ᠎ᠠ᠂ ᠮᠠᠰᠢᠨ ᠲᠡᠷᠭᠡᠨ ᠤ ᠬᠤᠲᠠ ᠶᠢᠨ ᠰᠥᠨᠢ ᠶᠢᠨ ᠵᠠᠬ᠎ᠠ ᠶᠢᠨ ᠬᠠᠲᠠᠭᠤᠵᠢᠭᠤᠯᠤᠯᠳᠠ ᠶᠢᠨ ᠠᠵᠢᠯ ᠢ ᠨᠢᠭᠡᠨᠲᠡ | ᠲᠠᠭᠤᠰᠬᠠᠬᠤ᠂ ᠤᠰᠤᠨ ᠡᠷᠬᠢ ᠶᠢᠨ ᠰᠢᠨ᠎ᠡ ᠬᠤᠲᠠ ᠶᠢᠨ ᠥᠷᠯᠥᠭᠡ ᠣᠷᠣᠶ ᠶᠢᠨ ᠵᠠᠬ᠎ᠠ ᠶᠢᠨ ᠰᠢᠨ᠎ᠡ ᠪᠠᠷ ᠪᠠᠶᠢᠭᠤᠯᠤᠭᠰᠠᠨ ᠭᠠᠵᠠᠷ ᠤᠨ ᠬᠠᠳᠠᠭᠤᠵᠢᠭᠤᠯᠤᠯᠳᠠ ᠶᠢᠨ | ᠠᠵᠢᠯ ᠢ ᠶᠠᠭ ᠬᠢᠵᠤ ᠪᠠᠶᠢᠨ᠎ᠠ᠂ ᠬᠦᠸᠧ ᠮᠤᠥ ᠰᠥᠨᠢ ᠶᠢᠨ ᠵᠠᠬ᠎ᠠ᠂ ᠤᠯᠠᠭᠠᠨᠨᠠᠭᠤᠷ ᠤᠨ ᠰᠥᠨᠢ ᠶᠢᠨ ᠵᠠᠬ᠎ᠠ᠂ ᠦᠨᠳᠦᠰᠦᠲᠡᠨ ᠤ ᠵᠡᠭᠡᠯᠢ ᠶᠢᠨ ᠰᠥᠨᠢ ᠶᠢᠨ ᠵᠠᠬ᠎ᠠ ᠶᠢᠨ | ᠤᠤᠯ ᠤᠨ ᠬᠠᠲᠠᠭᠤᠷᠠᠭᠤᠯᠤᠭᠰᠠᠨ ᠰᠠᠭᠤᠷᠢᠨ ᠳᠡᠭᠡᠷ᠎ᠡ ᠭᠠᠵᠠᠷ ᠳᠡᠭᠡᠷᠡᠬᠢ ᠪᠠᠷᠢᠯᠭ᠎ᠠ ᠶᠢᠨ ᠵᠠᠬᠢᠶᠠᠯᠠᠭ᠎ᠠ ᠪᠠᠷ ᠤᠶᠢᠯᠡᠳᠬᠦ ᠵᠤᠶᠢᠯᠡᠰ ᠤᠨ ᠤᠷᠤᠨ ᠪᠠᠶᠢᠷᠢ ᠶᠢ ᠤᠯᠵᠤ᠂ | ᠢᠵᠢ ᠪᠥᠷᠢᠳᠦᠭᠰᠡᠨ ᠰᠠᠭᠤᠷᠢ ᠭᠡᠷᠡᠯᠳᠤᠬᠦᠯᠭᠡ ᠶᠢ ᠬᠢᠵᠤ᠂ 12 ᠳ᠋ᠤᠭᠠᠷ ᠰᠠᠷ᠎ᠠ ᠶᠢᠨ ᠰᠡᠭᠦᠯᠴᠢ ᠪᠠᠷ ᠪᠦᠬᠦᠨ ᠢ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃ | | | |