ᠡᠵᠡᠨ ᠵᠠᠰᠠᠭ ᠠᠯᠪᠠᠨ ᠲᠠᠷᠬᠠᠭᠠᠭᠰᠠᠨ〔2024〕83 ᠳ᠋ᠤᠭᠠᠷ ᠲᠣᠭᠠᠲᠤ
ᠨᠡᠶᠢᠲᠡᠯᠡᠭᠰᠡᠨ ᠴᠠᠭ᠄
2024/12/17
    ᠤᠳᠤᠷᠢᠳᠬᠤ ᠺᠠᠳ᠋ᠷ ᠤᠨ ᠠᠵᠢᠯ ᠤᠨ ᠡᠭᠦᠷᠭᠡ ᠶᠢᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠲᠤᠬᠠᠶ       ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ                ᠡᠵᠡᠨ ᠵᠠᠰᠠᠭ ᠠᠯᠪᠠᠨ ᠲᠠᠷᠬᠠᠭᠠᠭᠰᠠᠨ〔2024〕83 ᠳ᠋ᠤᠭᠠᠷ ᠲᠣᠭᠠᠲᠤ ᠡᠯ᠎ᠡ ᠲᠠᠰᠤᠭ᠂ ᠬᠤᠶᠠᠳᠤᠭᠠᠷ ᠳᠡᠰ ᠤᠨ ᠨᠢᠭᠡᠴᠢ᠄       ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 16 ᠳ᠋ᠤᠭᠠᠷ ( ᠥᠷᠭᠡᠳᠬᠡᠭᠰᠡᠨ ) ᠬᠤᠷᠠᠯ ᠠᠴᠠ ᠰᠤᠳᠤᠯᠤᠨ ᠲᠣᠭᠲᠠᠭᠠᠭᠰᠠᠨ ᠢᠶᠠᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠤᠳᠤᠷᠢᠳᠬᠤ ᠺᠠᠳ᠋ᠷ ᠤᠨ ᠠᠵᠢᠯ ᠤᠨ ᠡᠭᠦᠷᠭᠡ ᠳᠤ ᠳᠣᠤᠷᠠᠬᠢ ᠮᠡᠲᠦ ᠲᠣᠬᠢᠷᠠᠭᠤᠯᠤᠯᠲᠠ ᠬᠢᠪᠠ᠄       ᠶᠠᠩ ᠹᠸᠢ ᠶᠤᠸᠠᠢ    ᠬᠤᠰᠢᠭᠤ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠠᠯᠪᠠᠨ ᠬᠡᠷ ᠤᠨ ᠡᠷᠬᠢᠯᠡᠭᠴᠢ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ       ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠪᠥᠬᠦ ᠲᠠᠯ᠎ᠠ ᠶᠢᠨ ᠠᠵᠢᠯ ᠢ ᠡᠷᠭᠢᠯᠡᠵᠦ᠂ ᠴᠢᠶᠣᠤ ᠰᠢᠶᠤᠤ ᠵᠢᠶᠦ᠋ᠨ ᠨᠥᠬᠦᠷ ᠤᠨ ᠡᠳᠦᠷ ᠲᠤᠲᠤᠮ ᠤᠨ ᠠᠵᠢᠯ ᠢ ᠵᠣᠬᠢᠴᠠᠭᠤᠯᠤᠨ ᠰᠢᠶᠳᠪᠦᠷᠢᠯᠡᠨ᠎ᠡ᠃       ᠸᠠᠩ ᠵᠢᠶᠧ     ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ᠂ ᠬᠤᠰᠢᠭᠤᠨ ᠤ ᠨᠡᠶᠢᠭᠡᠮ ᠤᠨ ᠠᠵᠢᠯ ᠤᠨ ᠬᠡᠯᠲᠡᠰ ᠤᠨ ᠳᠡᠳ᠋ ᠳᠠᠷᠤᠭ᠎ᠠ᠂ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ           ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠠᠵᠢᠯ ᠢ ᠡᠷᠬᠢᠯᠡᠨ᠎ᠡ᠃      ᠸᠧᠨ ᠵᠢᠶᠠᠨ ᠵᠢᠶᠦ᠋ᠨ    ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠳᠤᠭᠤᠶᠢᠯᠠᠩ ᠤᠨ ᠭᠡᠰᠢᠭᠦᠨ᠂ ᠵᠠᠰᠠᠭ ᠤᠨ ᠣᠷᠳᠣᠨ ᠤ ᠠᠯᠪᠠᠨ ᠬᠡᠷ ᠲᠤ ᠲᠣᠮᠢᠯᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠲᠤ ᠲᠣᠮᠢᠯᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠠᠵᠢᠯ ᠢ ᠬᠠᠷᠢᠭᠤᠴᠠᠨ᠎ᠠ ᠃       ᠮᠢᠶᠣᠣ ᠯᠸᠢ    ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠠᠯᠪᠠᠨ ᠬᠡᠷ ᠤᠨ ᠳᠡᠳ᠋ ᠡᠷᠬᠢᠯᠡᠭᠴᠢ       ᠡᠷᠬᠢᠯᠡᠭᠴᠢ ᠶᠢ ᠬᠠᠪᠰᠤᠷᠤᠨ ᠵᠣᠣ ᠸᠧᠶ ᠨᠥᠬᠦᠷ᠂ ᠴᠢ ᠬᠤᠩ ᠮᠧᠶ ᠨᠥᠬᠦᠷ᠂ ᠯᠢᠦ ᠬᠤᠸᠠᠢ ᠢᠦ᠋ᠶ ᠨᠥᠬᠦᠷ ᠤᠨ ᠡᠳᠦᠷ ᠲᠤᠲᠤᠮ ᠤᠨ ᠠᠵᠢᠯ ᠢ ᠵᠣᠬᠢᠴᠠᠭᠤᠯᠤᠨ ᠰᠢᠶᠳᠪᠦᠷᠢᠯᠡᠵᠦ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ ᠯᠦᠭᠡ ᠶᠢᠨ ᠬᠤᠭᠤᠷᠣᠨᠳᠣᠬᠢ ᠠᠵᠢᠯ ᠢ ᠵᠣᠬᠢᠴᠠᠭᠤᠯᠤᠨ ᠰᠢᠶᠳᠪᠦᠷᠢᠯᠡᠵᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠬᠡᠷ ᠪᠠ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ ᠲᠠᠢ ᠵᠣᠬᠢᠴᠠᠭᠤᠯᠤᠨ ᠬᠠᠷᠢᠯᠴᠠᠨ᠎ᠠ᠃ ᠠᠯᠪᠠᠨ ᠭᠡᠷ ᠤᠨ ᠡᠳᠦᠷ ᠲᠤᠲᠤᠮ ᠤᠨ ᠶᠠᠪᠤᠳᠠᠯ᠂ ᠵᠠᠰᠠᠭ ᠤᠨ ᠣᠷᠳᠣᠨ ᠤ ᠵᠢᠵᠢᠭᠦᠷᠯᠡᠬᠦ᠂ ᠪᠣᠳᠠᠲᠤ ᠠᠮᠵᠢᠯᠲᠠ ᠶᠢ ᠬᠢᠨᠠᠨ ᠰᠢᠯᠭᠠᠬᠤ᠂ ᠪᠠᠶᠢᠭᠤᠯᠤᠯᠭ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ᠂ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠵᠡᠷᠭᠡ ᠠᠵᠢᠯ ᠢ ᠬᠠᠷᠢᠭᠤᠴᠠᠵᠤ᠂ ᠪᠠᠶᠢᠭᠤᠯᠤᠯᠭ᠎ᠠ ᠶᠢᠨ ᠠᠯᠪᠠᠨ ᠭᠡᠷ᠂ ᠡᠳ᠋ ᠤᠨ ᠶᠠᠪᠤᠳᠠᠯ ᠤᠨ ᠲᠠᠰᠤᠭ᠂ ᠵᠠᠰᠠᠭ ᠤᠨ ᠣᠷᠳᠣᠨ ᠤ ᠶᠡᠷᠦᠩᠬᠡᠶ ᠵᠢᠵᠢᠭᠦᠷᠯᠡᠬᠦ ᠭᠡᠷ ᠢ ᠪᠣᠳᠠᠲᠠᠶ ᠬᠤᠪᠢᠳᠠᠨ ᠬᠠᠮᠢᠶᠠᠷᠤᠨ᠎ᠠ᠃       ᠬᠤᠤ ᠵᠥᠩ ᠷᠦᠩ    ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ       ᠡᠷᠬᠢᠯᠡᠭᠴᠢ ᠶᠢ ᠬᠠᠪᠰᠤᠷᠤᠨ ᠯᠢᠦ ᠰᠢᠶᠤᠤ ᠳ᠋ᠦᠩ ᠨᠥᠬᠦᠷ᠂ ᠯᠢ ᠬᠦᠶ ᠨᠥᠬᠦᠷ ᠤᠨ ᠡᠳᠦᠷ ᠲᠤᠲᠤᠮ ᠤᠨ ᠠᠵᠢᠯ ᠢ ᠵᠣᠬᠢᠴᠠᠭᠤᠯᠤᠨ ᠰᠢᠶᠳᠪᠦᠷᠢᠯᠡᠵᠦ᠂ ᠠᠯᠪᠠᠨ ᠬᠡᠷ ᠤᠨ ᠮᠡᠳᠡᠭᠡ ᠵᠠᠩᠭᠢ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ᠂ ᠪᠠᠶᠢᠴᠠᠭᠠᠨ ᠰᠤᠳᠤᠯᠤᠯᠲᠠ ᠬᠢᠬᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠠᠷᠢᠨ ᠪᠢᠴᠢᠭᠡᠴᠢ ᠶᠢᠨ ᠬᠠᠮᠢᠶᠠᠷᠤᠯᠲᠠ ᠪᠣᠯᠪᠠᠰᠤᠷᠠᠭᠤᠯᠤᠯ᠂ ᠠᠵᠢᠯᠲᠠᠨ ᠎ ᠤ ᠶᠠᠪᠤᠳᠠᠯ ᠴᠢᠳᠠᠪᠤᠷᠢᠲᠠᠨ᠂ ᠨᠢᠭᠤᠴᠠ ᠮᠠᠲ᠋ᠧᠷᠢᠶᠠᠯ ᠤᠨ ᠨᠢᠭᠤᠴᠠ ᠶᠢ ᠬᠠᠮᠠᠭᠠᠯᠠᠬᠤ᠂ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ᠂ ᠲᠠᠩᠰᠠ ᠡᠪᠬᠡᠮᠡᠯ ᠵᠡᠷᠭᠡ ᠠᠵᠢᠯ ᠢ ᠬᠠᠷᠢᠭᠤᠴᠠᠵᠤ᠂ ᠨᠠᠷᠢᠨ ᠪᠢᠴᠢᠭᠡᠴᠢ ᠶᠢᠨ ᠲᠠᠰᠤᠭ᠂ ᠪᠢᠴᠢᠭ ᠮᠠᠲ᠋ᠧᠷᠢᠶᠠᠯ ᠴᠠᠬᠢᠯᠭᠠᠨ ᠤ ᠲᠠᠰᠤᠭ᠂ ᠬᠤᠷᠠᠯ ᠤᠨ ᠪᠠᠲᠤᠯᠠᠭ᠎ᠠ ᠶᠢᠨ ᠲᠠᠰᠤᠭ᠂ ᠮᠡᠳᠡᠭᠡ ᠵᠠᠩᠭᠢ ᠪᠠᠶᠢᠴᠠᠭᠠᠨ ᠰᠤᠳᠤᠯᠬᠤ ᠲᠠᠰᠤᠭ ᠢ ᠪᠣᠳᠠᠲᠠᠶ ᠬᠤᠪᠢᠳᠠᠨ ᠬᠠᠮᠢᠶᠠᠷᠤᠨ᠎ᠠ᠃       ᠪᠠᠶ ᠢ ᠴᠢᠶᠦ᠋ᠩ     ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ       ᠡᠷᠬᠢᠯᠡᠭᠴᠢ ᠶᠢ ᠬᠠᠪᠰᠤᠷᠤᠨ ᠵᠧᠦ ᠯᠢ ᠮᠢᠩ ᠨᠥᠬᠦᠷ᠂ ᠴᠧᠨ ᠰᠢᠶᠤᠤ ᠵᠢᠶᠦ᠋ᠨ ᠨᠥᠬᠦᠷ᠂ ᠯᠢ ᠵᠢᠤᠸᠠᠨ ᠨᠥᠬᠦᠷ ᠎ ᠤᠨ ᠡᠳᠦᠷ ᠲᠤᠲᠤᠮ ᠤᠨ ᠠᠵᠢᠯ ᠢ ᠵᠣᠬᠢᠴᠠᠭᠤᠯᠤᠨ ᠰᠢᠶᠳᠪᠦᠷᠢᠯᠡᠵᠦ᠂ ᠠᠯᠪᠠᠨ ᠬᠡᠷ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠵᠠᠰᠠᠭ ᠤᠨ ᠣᠷᠳᠣᠨ ᠳᠤ ᠬᠤᠯᠪᠣᠭᠳᠠᠭᠰᠠᠨ ᠬᠡᠷᠡᠭ᠂ ᠶᠡᠷᠦᠩᠬᠡᠶᠢᠯᠡᠨ ᠵᠠᠰᠠᠬᠤ᠂ ᠬᠠᠤᠯᠢ ᠲᠦᠭᠡᠮᠡᠯᠵᠢᠭᠦᠯᠬᠦ᠂ ᠵᠠᠬᠢᠳᠠᠯ ᠰᠤᠷᠪᠤᠯᠵᠢᠯᠠᠭ᠎ᠠ᠂ ᠰᠢᠮᠳᠠᠭᠤᠯᠤᠨ ᠪᠠᠶᠢᠴᠠᠭᠠᠬᠤ᠂ ᠠᠵᠢᠯᠴᠢᠨ ᠤ ᠡᠪᠯᠡᠯ᠂ ᠬᠤᠲᠠ ᠠᠴᠠ ᠬᠤᠰᠢᠭᠤᠨ ᠳᠤ ᠬᠠᠨᠳᠤᠭᠤᠯᠤᠭᠰᠠᠨ《 ᠲᠠᠪᠤ ᠶᠢ ᠨᠢᠭᠡ ᠴᠤᠭᠴᠠᠵᠢᠭᠤᠯᠬᠤ 》 ᠬᠢᠨᠠᠨ ᠰᠢᠯᠭᠠᠬᠤ᠂ ᠨᠢᠭᠡᠳᠦᠮᠡᠯ ᠹᠷᠣᠨᠲ᠂ ᠣᠷᠴᠢᠭᠤᠯᠭ᠎ᠠ᠂ ᠮᠣᠩᠭᠤᠯ ᠬᠡᠯᠡᠨ ᠤ ᠵᠠᠰᠠᠭ ᠤᠨ ᠶᠠᠪᠤᠳᠠᠯ ᠎ ᠤᠨ ᠰᠦᠯᠵᠢᠶᠡᠨ ᠤ ᠥᠷᠲᠡᠭᠡ ᠶᠢᠨ ᠬᠠᠮᠠᠭᠠᠯᠠᠯᠲᠠ ᠠᠵᠢᠯᠯᠠᠭᠠᠨ᠂ ᠡᠪ ᠬᠠᠮᠲᠤ ᠵᠠᠯᠠᠭᠤᠴᠤᠳ ᠤᠨ ᠡᠪᠯᠡᠯ᠂ ᠠᠬᠠᠮᠠᠳ ᠺᠠᠳ᠋ᠷ᠂ ᠡᠮᠡᠭᠲᠡᠶᠢᠴᠦᠳ ᠬᠡᠦᠬᠡᠳ ᠵᠡᠷᠭᠡ ᠠᠵᠢᠯ ᠢ ᠬᠠᠷᠢᠭᠤᠴᠠᠵᠤ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠰᠤᠳᠤᠯᠬᠤ ᠲᠠᠰᠤᠭ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ᠂ ᠣᠷᠴᠢᠭᠤᠯᠭ᠎ᠠ ᠵᠢᠴᠢ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠬᠠᠮᠢᠶᠠᠷᠤᠯᠲᠠ ᠶᠢᠨ ᠲᠠᠰᠤᠭ ᠢ ᠪᠣᠳᠠᠲᠠᠶ ᠬᠤᠪᠢᠳᠠᠨ ᠬᠠᠮᠢᠶᠠᠷᠤᠨ᠎ᠠ᠃       ᠸᠠᠩ ᠵᠧ    ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ       ᠡᠷᠬᠢᠯᠡᠭᠴᠢ ᠶᠢ ᠬᠠᠪᠰᠤᠷᠤᠨ ᠴᠢᠶᠣᠤ ᠰᠢᠶᠣᠤ ᠵᠢᠶᠦ᠋ᠨ ᠨᠥᠬᠦᠷ ᠤᠨ ᠡᠳᠦᠷ ᠲᠤᠲᠤᠮ ᠤᠨ ᠠᠵᠢᠯ ᠢ ᠵᠣᠬᠢᠴᠠᠭᠤᠯᠤᠨ ᠰᠢᠶᠳᠪᠦᠷᠢᠯᠡᠵᠦ᠂ ᠪᠠᠶᠢᠩᠭᠤ ᠶᠢᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠪᠠᠶᠢᠩᠭᠤ ᠶᠢᠨ ᠠᠯᠪᠠᠨ ᠭᠡᠷ ᠢ ᠪᠣᠳᠠᠲᠠᠶ ᠬᠤᠪᠢᠳᠠᠨ ᠬᠠᠮᠢᠶᠠᠷᠤᠨ᠎ᠠ᠃       ᠵᠣᠣ ᠰᠢᠩ ᠢᠦ᠋ᠶ   ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠡᠷᠬᠢᠯᠡᠭᠴᠢ       ᠡᠷᠬᠢᠯᠡᠭᠴᠢ ᠶᠢ ᠬᠠᠪᠰᠤᠷᠤᠨ ᠶᠧ ᠳ᠋ᠧ ᠴᠧᠩ ᠨᠥᠬᠦᠷ᠂ ᠵᠠᠩ ᠹᠦ᠋ ᠴᠦᠨ ᠨᠥᠬᠦᠷ᠂ ᠪᠢᠶᠠᠨ ᠶᠦᠩ ᠰᠢᠶᠠᠩ ᠨᠥᠬᠦᠷ ᠤᠨ ᠡᠳᠦᠷ ᠲᠤᠲᠤᠮ ᠤᠨ ᠠᠵᠢᠯ ᠢ ᠵᠣᠬᠢᠴᠠᠭᠤᠯᠤᠨ ᠰᠢᠶᠳᠪᠦᠷᠢᠯᠡᠵᠦ᠂ ᠠᠯᠪᠠᠨ ᠭᠡᠷ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠡᠳᠦᠷ ᠲᠤᠲᠤᠮ ᠤᠨ ᠶᠠᠪᠤᠳᠠᠯ ᠵᠢᠴᠢ ᠠᠯᠪᠠᠨ ᠭᠡᠷ ᠤᠨ ᠦᠵᠡᠯ ᠤᠬᠠᠮᠰᠠᠷ ᠤᠨ ᠬᠡᠯᠪᠡᠷᠢ᠂ ᠤᠬᠠᠭᠤᠯᠭ᠎ᠠ ᠦᠵᠡᠯ ᠰᠠᠨᠠᠭ᠎ᠠ᠂ ᠣᠶᠤᠨ ᠤ ᠪᠣᠯᠪᠠᠰᠤᠨ᠂ ᠪᠤᠯᠪᠠᠰᠤᠨ ᠬᠤᠲᠠ ᠶᠢ ᠡᠬᠦᠳᠦᠨ ᠪᠠᠶᠢᠭᠤᠯᠬᠤ ᠵᠡᠷᠭᠡ ᠠᠵᠢᠯ ᠢ ᠬᠠᠷᠢᠭᠤᠴᠠᠨ᠎ᠠ᠃                          ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                                      2024 ᠣᠨ ᠤ 9 ᠳ᠋ᠦ᠋ᠭᠡᠷ ᠰᠠᠷ᠎ᠠ ᠶᠢᠨ 14᠎ ᠤ ᠡᠳᠦᠷ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ