| ᠴᠢᠳᠠᠪᠤᠷᠢᠲᠠᠨ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠂ ᠴᠢᠳᠠᠪᠤᠷᠢᠲᠠᠨ ᠤ ᠬᠥᠭᠵᠢᠯᠲᠡ ᠶᠢᠨ | ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠪᠠ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠰᠢᠨ᠎ᠡ ᠶᠢ ᠡᠭᠦᠳᠬᠦ ᠶᠢ ᠨᠠᠷᠢᠯᠢᠭ ᠣᠨᠣᠪᠴᠢᠲᠠᠢ ᠪᠠᠷ ᠳᠥᠯᠭᠢᠨ | ᠠᠬᠢᠭᠤᠯᠵᠤ᠂ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠶᠢᠨ ᠲᠥᠯᠥᠭᠡ᠂ ︽ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︿ᠡᠵᠡᠨ | ᠬᠤᠷᠤᠭ᠎ᠠ ᠬᠤᠰᠢᠭᠤᠨ ᠤ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠥᠷᠥ ᠶᠢᠨ ᠪᠣᠳᠣᠯᠭ᠎ᠠ ᠨᠤᠭᠤᠳ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠡᠵᠡᠨ ᠵᠠᠰᠠᠭ | ᠲᠠᠷᠬᠠᠭᠠᠭᠰᠠᠨ【2018】19 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ 2024 ᠣᠨ ᠤ 11 ᠳ᠋ᠤᠭᠡᠷ ᠰᠠᠷ᠎ᠠ ᠶᠢᠨ | 19 ᠤ ᠡᠳᠦᠷ — 2024 ᠣᠨ ᠤ 11 ᠳ᠋ᠤᠭᠡᠷ ᠰᠠᠷ᠎ᠠ ᠶᠢᠨ 26 ᠤ ᠡᠳᠦᠷ ᠪᠤᠯᠳᠠᠯ᠎ᠠ ᠭᠤᠶᠤᠴᠢᠯᠠᠨ ᠮᠡᠳᠡᠬᠦᠯᠵᠦ ᠪᠤᠯᠤᠨ᠎ᠠ᠃ | ᠡᠬᠦᠨ ᠳᠤ᠂ 2023 ᠣᠨ ᠤ 1 ᠳ᠋ᠤᠭᠡᠷ ᠰᠠᠷ᠎ᠠ ᠶᠢᠨ 1 ᠤ ᠡᠳᠦᠷ — 2024 ᠣᠨ ᠤ 10 ᠳ᠋ᠤᠭᠠᠷ ᠰᠠᠷ᠎ᠠ ᠶᠢᠨ 22 ᠤᠨ ᠡᠳᠦᠷ ᠪᠣᠯᠲᠠᠯ᠎ᠠ᠂ ᠡᠵᠡᠨ | ᠬᠤᠷᠤᠭ᠎ᠠ ᠬᠤᠰᠢᠭᠤᠨ ᠤ ᠵᠢᠩᠬᠢᠨᠢ᠂ ᠳᠡᠳ᠋ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠬᠢᠷᠢ ᠬᠡᠮ ᠤᠨ ᠦᠨᠡᠮᠯᠡᠯ ᠣᠯᠤᠭᠰᠠᠨ ᠴᠢᠳᠠᠪᠤᠷᠢᠲᠠᠨ᠃ 2023 ᠣᠨ ᠤ | 1 ᠳ᠋ᠤᠭᠡᠷ ᠰᠠᠷ᠎ᠠ ᠶᠢᠨ 1 ᠤ ᠡᠳᠦᠷ — 2024 ᠣᠨ ᠤ 10 ᠳ᠋ᠤᠭᠠᠷ ᠰᠠᠷ᠎ᠠ ᠶᠢᠨ 22 ᠤᠨ ᠡᠳᠦᠷ ᠪᠣᠯᠲᠠᠯ᠎ᠠ᠂ ᠡᠵᠡᠨ ᠬᠤᠷᠤᠭ᠎ᠠ ᠬᠤᠰᠢᠭᠤᠨ ᠤ ᠳᠡᠭᠡᠳᠦ | ᠵᠡᠷᠭᠡ ᠶᠢᠨ ᠮᠠᠰᠲ᠋ᠧᠷ᠂ ᠮᠠᠰᠲ᠋ᠧᠷ ᠪᠠ ᠳᠡᠭᠡᠳᠦ ᠵᠡᠷᠭᠡ ᠶᠢᠨ ᠠᠵᠢᠯᠴᠢᠨ ᠤ ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠣᠯᠤᠭᠰᠠᠨ ᠴᠢᠳᠠᠪᠤᠷᠢᠲᠠᠨ᠃ | 2022 ᠣᠨ — 2024 ᠣᠨ ᠪᠤᠯᠳᠠᠯ᠎ᠠ᠂ ᠡᠵᠡᠨ ᠬᠤᠷᠤᠭ᠎ᠠ ᠬᠤᠰᠢᠭᠤᠨ ᠤ ᠨᠢᠭᠡᠨᠲᠡ ᠣᠷᠳᠣᠰ ᠬᠤᠲᠠ ᠶᠢᠨ ᠮᠡᠷᠭᠡᠵᠢᠯ ᠤᠨ ᠴᠢᠳᠠᠪᠤᠷᠢᠲᠠᠨ ᠤ ᠴᠣᠯᠠ | ᠭᠥᠷᠳᠡᠭᠰᠡᠨ ᠴᠢᠳᠠᠪᠤᠷᠢᠲᠠᠨ᠃ 2022 ᠣᠨ — 2024 ᠣᠨ ᠪᠤᠯᠳᠠᠯ᠎ᠠ᠂ ᠡᠵᠡᠨ ᠬᠤᠷᠤᠭ᠎ᠠ ᠬᠤᠰᠢᠭᠤᠨ ᠤ ᠰᠢᠨ᠎ᠡ ᠪᠠᠷ ᠨᠡᠮᠡᠭᠳᠡᠭᠰᠡᠨ ᠤᠯᠤᠰ᠂ ᠥᠪᠡᠷᠲᠡᠭᠡᠨ | ᠵᠠᠰᠠᠬᠤ ᠣᠷᠣᠨ᠂ ᠬᠤᠲᠠ ᠶᠢᠨ ᠲᠠᠰ ᠤᠨ ᠡᠯ᠎ᠡ ᠲᠥᠷᠥᠯ ᠤᠨ ᠳᠡᠭᠡᠳᠦ ᠲᠠᠰ ᠤᠨ ᠴᠢᠳᠠᠪᠤᠷᠢᠲᠠᠨ ᠤ ᠲᠥᠯᠥᠪᠯᠡᠭᠡ ᠳᠤ ᠣᠷᠣᠭᠤᠯᠤᠭᠰᠠᠨ ᠴᠢᠳᠠᠪᠤᠷᠢᠲᠠᠨ᠃ 2022 | ᠣᠨ — 2024 ᠣᠨ ᠪᠤᠯᠳᠠᠯ᠎ᠠ᠂ ᠡᠵᠡᠨ ᠬᠤᠷᠤᠭ᠎ᠠ ᠬᠤᠰᠢᠭᠤᠨ ᠤ ᠰᠢᠨ᠎ᠡ ᠪᠠᠷ ᠨᠡᠮᠡᠭᠳᠡᠭᠰᠡᠨ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ | ᠰᠢᠨ᠎ᠡ ᠶᠢ ᠡᠭᠦᠳᠦᠨ ᠠᠳᠠᠯ ᠤᠶᠢᠯᠡᠰ ᠴᠣᠭᠴᠠᠯᠠᠬᠤ ᠪᠦᠯᠬᠦᠮ ᠨᠡᠶᠢᠲᠡ ᠪᠤᠶᠤ ᠰᠠᠭᠤᠷᠢᠨ ᠭᠠᠵᠠᠷ ᠴᠦᠮ ᠭᠤᠶᠤᠴᠢᠯᠠᠨ ᠮᠡᠳᠡᠬᠦᠯᠵᠦ ᠪᠤᠯᠤᠨ᠎ᠠ᠃ | ᠨᠠᠷᠢᠨ ᠪᠠᠶᠢᠳᠠᠯ ᠢ ᠡᠵᠡᠨ ᠬᠤᠷᠤᠭ᠎ᠠ ᠨᠡᠶᠢᠳᠡᠯᠡᠯ ᠠᠴᠠ ᠯᠠᠪᠯᠠᠨ ᠤᠶᠢᠯᠠᠭᠠᠵᠤ ᠪᠤᠯᠤᠨ᠎ᠠ᠃ |