ᠴᠢᠨ ᠤᠯᠤᠰ ᠤᠨ ᠰᠢᠯᠤᠭᠤᠨ ᠵᠠᠮ ᠤᠨ ᠡᠵᠡᠨ ᠬᠤᠷᠤᠭ᠎ᠠ ᠬᠤᠰᠢᠭᠤᠨ ᠤ ᠬᠡᠰᠡᠭ ᠤᠨ ᠡᠬᠢᠯᠡᠯᠲᠡ ᠶᠢᠨ ᠰᠣᠯᠪᠢᠴᠠᠯ ᠢ | ᠬᠤᠪᠢᠷᠠᠭᠤᠯᠬᠤ ᠲᠤᠬᠠᠶ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | ᠡᠵᠡᠨ ᠵᠠᠰᠠᠭ ᠲᠠᠷᠬᠠᠭᠠᠭᠰᠠᠨ〔2024〕91 ᠳ᠋ᠦ᠋ᠭᠡᠷ ᠲᠣᠭᠠᠲᠤ | | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠬᠦᠷᠢᠶᠡᠯᠡᠩ ᠲᠣᠭᠤᠷᠢᠭ | ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠢᠭᠤᠳ ᠬᠠᠷᠢᠶ᠎ᠠ ᠨᠢᠭᠡᠴᠡ᠂ ᠡᠯ᠎ᠡ ᠲᠣᠮᠣ ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ ᠳᠤ᠄ | 8 ᠳ᠋ᠤᠭᠠᠷ ᠰᠠᠷ᠎ᠠ ᠶᠢᠨ 28 ᠤ ᠡᠳᠦᠷ — 9 ᠳ᠋ᠦ᠋ᠭᠡᠷ ᠰᠠᠷ᠎ᠠ ᠶᠢᠨ 5 ᠤ ᠡᠳᠦᠷ᠂ ᠣᠷᠳᠣᠰ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ | ᠰᠤᠳᠤᠯᠤᠯ ᠤᠨ ᠬᠦᠷᠢᠶᠡᠯᠡᠩ ᠢᠶᠠᠷ ᠲᠦᠷᠦᠭᠦᠯᠡᠭᠦᠯᠦᠭᠰᠡᠨ ᠲᠡᠦᠬᠡ ᠶᠢᠨ ᠳᠤᠷᠠᠰᠬᠠᠯᠲᠤ ᠵᠦᠶᠯ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠢᠶᠠᠷ ᠲᠤᠬᠠᠶ ᠶᠢᠨ | ᠭᠠᠵᠠᠷ ᠲᠤ ᠨᠢ ᠵᠢᠭᠰᠠᠭᠠᠨ ᠪᠠᠶᠢᠴᠠᠭᠠᠵᠤ ᠬᠢᠨᠠᠨ ᠲᠣᠭᠲᠠᠭᠠᠯᠭᠠᠭᠰᠠᠨ ᠢᠶᠠᠷ᠂ ᠴᠢᠨ ᠤᠯᠤᠰ ᠤᠨ ᠰᠢᠯᠤᠭᠤᠨ ᠵᠠᠮ ᠤᠨ ᠡᠵᠡᠨ ᠬᠤᠷᠤᠭ᠎ᠠ ᠶᠢᠨ ᠬᠡᠰᠡᠭ ᠤᠨ ᠣᠷᠳᠣ ᠨᠢ | 16.9 ᠺᠢᠯᠣᠮᠧᠲᠷ ᠪᠠᠶᠢᠵᠤ᠂ ᠡᠬᠢᠯᠡᠯᠲᠡ ᠶᠢᠨ ᠰᠣᠯᠪᠢᠴᠠᠯ ᠨᠢ᠄ ᠵᠡᠭᠦᠨ ᠤᠷᠲᠤᠷᠢᠭ ᠤᠨ 109。36' 41.4502"᠂ ᠤᠮᠠᠷᠠᠲᠤ ᠥᠷᠭᠡᠷᠢᠭ ᠤᠨ 39。32' | 56.8051" ᠃《 ᠴᠢᠨ ᠤᠯᠤᠰ ᠤᠨ ᠰᠢᠯᠤᠭᠤᠨ ᠵᠠᠮ ᠤᠨ ᠦᠯᠡᠳᠡᠭᠳᠡᠯ ᠢ ᠪᠥᠬᠦ ᠬᠤᠰᠢᠭᠤᠨ ᠤ ᠭᠤᠤᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠶᠯ ᠤᠨ | ᠬᠠᠮᠠᠭᠠᠯᠠᠯᠲᠠ ᠶᠢᠨ ᠨᠢᠭᠡᠴᠢ ᠵᠢᠴᠢ ᠬᠠᠮᠠᠭᠠᠯᠠᠯᠲᠠ ᠶᠢᠨ ᠬᠡᠪᠴᠢᠶᠡᠨ ᠤ ᠪᠥᠲᠥᠭᠡᠨ ᠪᠠᠶᠢᠭᠤᠯᠤᠯᠲᠠ ᠶᠢ ᠡᠵᠡᠮᠳᠡᠬᠦ ᠣᠷᠣᠨ ᠪᠦᠰᠡ ᠶᠢᠨ ᠬᠠᠮᠠᠭᠠᠯᠠᠯᠲᠠ ᠶᠢᠨ | ᠬᠠᠮᠢᠶᠠᠷᠤᠯᠲᠠ ᠶᠢᠨ ᠪᠠᠶᠢᠭᠤᠯᠤᠮᠵᠢ ᠪᠣᠯᠭᠠᠨ ᠨᠡᠶᠢᠲᠡᠯᠡᠬᠦ ᠲᠤᠬᠠᠶ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ 》( ᠡᠵᠡᠨ | ᠵᠠᠰᠠᠭ ᠲᠠᠷᠬᠠᠭᠠᠭᠰᠠᠨ〔2002〕81 ᠳ᠋ᠦ᠋ᠭᠡᠷ ᠲᠣᠭᠠᠲᠤ ) ᠳᠤ ᠨᠡᠶᠢᠲᠡᠯᠡᠭᠰᠡᠨ ᠴᠢᠨ ᠤᠯᠤᠰ ᠤᠨ ᠰᠢᠯᠤᠭᠤᠨ ᠵᠠᠮ ᠤᠨ ᠡᠵᠡᠨ ᠬᠤᠷᠤᠭ᠎ᠠ ᠶᠢᠨ ᠬᠡᠰᠡᠭ ᠤᠨ | ᠡᠬᠢᠯᠡᠯᠲᠡ ᠶᠢᠨ ᠰᠣᠯᠪᠢᠴᠠᠯ ︵ᠵᠡᠭᠦᠨ ᠤᠷᠲᠤᠷᠢᠭ 109。36' 615"᠂ ᠤᠮᠠᠷᠠᠲᠤ ᠥᠷᠭᠡᠷᠢᠭ 39。325' 10" ︶ ᠢ ᠲᠠᠬᠢᠵᠤ ᠬᠡᠷᠡᠭᠯᠡᠬᠦ ᠦᠬᠡᠢ | ᠪᠣᠯᠤᠨ᠎ᠠ᠃ | ᠤᠨᠴᠠᠭᠠᠶᠢᠯᠠᠨ ᠮᠡᠳᠡᠭᠳᠡᠪᠡ᠃ | | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ | 2024 ᠤᠨ ᠤ 10 ᠳ᠋ᠤᠭᠠᠷ ᠰᠠᠷ᠎ᠠ ᠶᠢᠨ 16 ᠤ ᠡᠳᠦᠷ | |