ᠡᠵᠡᠨ ᠬᠤᠷᠤᠭ᠎ᠠ ᠬᠤᠰᠢᠭᠤᠨ ᠤ ᠲᠣᠰᠬᠤᠨ ᠳᠤ ᠰᠠᠭᠤᠭ᠎ᠠ ᠱᠦᠵᠢ ᠰᠢᠭᠤᠳ ᠨᠡᠪᠲᠡᠷᠡᠭᠦᠯᠭᠡ ᠪᠠᠷ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠥᠲᠦᠭᠡᠭᠳᠡᠬᠦᠨ ᠢ ᠪᠤᠷᠤᠯᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2024/12/20
      ᠡᠵᠡᠨ ᠬᠤᠷᠤᠭ᠎ᠠ ᠬᠤᠰᠢᠭᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠥᠲᠦᠭᠡᠭᠳᠡᠬᠦᠨ ᠢ ᠰᠢᠭᠤᠳ ᠨᠡᠪᠲᠡᠷᠡᠭᠦᠯᠭᠡ ᠪᠠᠷ ᠪᠤᠷᠤᠯᠠᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠥᠲᠦᠭᠡᠭᠳᠡᠬᠦᠨ ᠤ ᠵᠠᠬ᠎ᠠ ᠳᠡᠯᠭᠡᠭᠦᠷ ᠢ ᠥᠷᠭᠡᠳᠬᠡᠵᠦ᠂ ᠮᠠᠯᠴᠢᠨ ᠲᠠᠷᠢᠶᠠᠴᠢᠨ ᠤ ᠪᠤᠷᠤᠯᠠᠭᠤᠯᠭ᠎ᠠ ᠶᠢᠨ ᠵᠠᠮ ᠢ ᠰᠢᠯᠤᠭᠤᠳᠬᠠᠵᠤ ᠪᠠᠶᠢᠨ᠎ᠠ᠃      ᠡᠵᠡᠨ ᠬᠤᠷᠤᠭ᠎ᠠ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠤᠪᠴᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠤᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠰᠦ᠋ ᠯᠢᠨ ᠹᠸᠢ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠬᠤᠨᠢᠴᠢᠨᠭᠤᠤᠯ ᠪᠠᠯᠭᠠᠰᠤᠨ ᠤ ᠤᠯᠠᠭᠠᠨ ᠤᠪᠤᠭ᠎ᠠ ᠲᠣᠰᠬᠤᠨ ᠳᠤ ᠰᠠᠭᠤᠭ᠎ᠠ ᠬᠤᠭᠤᠴᠠᠭᠠᠨ ᠳᠤ᠂ ᠪᠥᠬᠦ ᠬᠤᠲᠠ ᠶᠢᠨ ︽ᠬᠡᠷᠡᠭᠯᠡᠭᠡ ᠶᠢ ᠠᠬᠢᠭᠤᠯᠵᠤ᠂ ᠠᠷᠠᠳ ᠤᠨ ᠰᠡᠳᠬᠢᠯ ᠢ ᠲᠤᠯᠠᠭᠠᠴᠠᠭᠤᠯᠬᠤ︾ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠡᠷᠡᠭᠯᠡᠭᠡ ᠶᠢ ᠬᠠᠪᠰᠤᠷᠤᠨ ᠲᠡᠳᠬᠦᠵᠦ ᠲᠥᠪᠯᠡᠷᠡᠭᠦᠯᠦᠨ ᠬᠤᠳᠠᠯᠳᠤᠨ ᠠᠪᠬᠤ ᠱᠠᠭᠠᠷᠳᠠᠯᠭ᠎ᠠ ᠶᠣᠰᠣᠭᠠᠷ᠂ ᠲᠠᠷᠢᠶᠠᠨ ᠭᠠᠵᠠᠷ ᠲᠤ ᠭᠦᠨᠵᠡᠭᠡᠶᠢᠷᠡᠨ᠂ ᠲᠣᠰᠬᠤᠨ ᠤ ᠠᠷᠠᠳ ᠤᠨ  ᠦᠢᠯᠡᠳᠪᠦᠷᠢᠯᠡᠯ ᠤᠨ ᠪᠠᠶᠢᠳᠠᠯ᠂ ᠵᠠᠬ᠎ᠠ ᠳᠡᠯᠭᠡᠭᠦᠷ ᠤᠨ ᠬᠡᠷᠡᠭᠴᠡᠭᠡ  ᠱᠠᠭᠠᠷᠳᠠᠯᠭ᠎ᠠ ᠶᠢ ᠤᠶᠢᠯᠠᠭᠠᠨ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠢ  ᠪᠣᠯᠬᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠨᠢ ᠳᠠᠭᠠᠭᠠᠴᠢᠯᠠᠨ ᠬᠤᠯᠪᠣᠭᠠᠯᠠᠭᠰᠠᠨ ᠲᠣᠰᠬᠤᠨ ᠤ 9 ᠦᠬᠡᠷ ᠤᠨ 4200 ᠭᠠᠷᠤᠶ ᠵᠢᠩ ᠮᠢᠬ᠎ᠠ ᠶᠢ 11 ᠲᠦᠮᠡ ᠭᠠᠷᠤᠶ ᠲᠥᠭᠦᠷᠢᠭ ᠢᠶᠠᠷ ᠬᠤᠳᠠᠯᠳᠤᠨ ᠠᠪᠤᠪᠠ᠃ ᠣᠲᠣ ᠪᠣᠯᠲᠠᠯ᠎ᠠ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠣᠯᠠᠨ ᠵᠦᠢᠯ ᠤᠨ ᠬᠡᠯᠪᠡᠷᠢ ᠪᠠᠷ ᠳᠠᠭᠠᠭᠠᠴᠢᠯᠠᠨ ᠬᠤᠯᠪᠣᠭᠠᠯᠠᠭᠰᠠᠨ ᠲᠣᠰᠬᠤᠨ ᠤ ᠲᠠᠷᠢᠶᠠᠯᠠᠩ ᠢ ᠲᠤᠰᠠᠯᠠᠬᠤ ᠬᠡᠷᠡᠭᠯᠡᠭᠡ ᠳᠤ ᠬᠠᠪᠰᠤᠷᠤᠨ ᠲᠡᠳᠬᠦᠭᠰᠡᠨ ᠪᠠᠯᠠ ᠮᠥᠩᠭᠦ 24 ᠲᠦᠮᠡᠨ ᠲᠥᠭᠦᠷᠢᠭ ᠲᠤ ᠬᠦᠷᠴᠤ᠂ ᠲᠤᠰ ᠲᠣᠰᠬᠤᠨ ᠪᠤᠶᠤ  ᠪᠤᠰᠤᠳ ᠲᠣᠰᠬᠤᠨ ᠢ ᠬᠠᠪᠰᠤᠷᠤᠨ 17 ᠦᠬᠡᠷ ᠪᠣᠷᠣᠯᠠᠭᠤᠯᠬᠤ ᠰᠠᠨᠠᠮᠵᠢ ᠶᠢ ᠠᠩᠬ᠎ᠠ ᠠᠯᠬᠤᠮ ᠲᠤᠭᠲᠠᠵᠤ᠂ ᠵᠢᠱᠢᠯᠲᠡ ᠪᠠᠷ 35 ᠲᠦᠮᠡ ᠭᠠᠷᠤᠢ ᠲᠥᠭᠦᠷᠢᠭ ᠤᠨ ᠪᠣᠷᠣᠯᠠᠭᠤᠯᠤᠯᠲᠠ ᠶᠢ ᠪᠡᠶᠡᠯᠡᠬᠦᠯᠬᠦ ᠪᠠᠷ ᠪᠠᠶᠢᠨ᠎ᠠ᠃      ᠰᠦ᠋ ᠯᠢᠨ ᠹᠸᠢ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠪᠢ ᠬᠥᠳᠡᠭᠡ ᠲᠣᠰᠬᠤᠨ ᠳᠤ ᠲᠥᠷᠦᠵᠦ ᠦᠰᠦᠨ ᠠᠮᠢᠳᠤᠷᠠᠵᠤ ᠪᠠᠶᠢᠭ᠎ᠠ ᠬᠦᠮᠦᠨ᠂ ᠮᠠᠯᠴᠢᠨ ᠲᠠᠷᠢᠶᠠᠴᠢᠨ ᠤ ᠬᠦᠴᠢᠷ ᠪᠡᠷᠬᠡᠰᠢᠶᠡᠯ ᠢ ᠰᠠᠶᠢᠨ ᠮᠡᠳᠡᠨ᠎ᠡ᠂ ᠲᠡᠳᠡᠨ ᠢ ᠬᠠᠪᠰᠤᠷᠤᠨ ᠴᠢᠨᠠᠷ ᠰᠠᠶᠢᠲᠠᠶ ᠲᠠᠷᠢᠶᠠᠯᠠᠩ ᠎ ᠢ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠬᠤᠳᠠᠯᠳᠤᠵᠤ᠂ ᠲᠡᠳᠡᠨ ᠤ ᠣᠷᠣᠯᠭ᠎ᠠ ᠶᠢ ᠨᠡᠮᠡᠭᠳᠡᠭᠦᠯᠬᠦ ᠨᠢ ᠮᠢᠨᠦ ᠡᠭᠦᠷᠭᠡ ᠬᠠᠷᠢᠭᠤᠴᠠᠯᠭ᠎ᠠ᠂ ᠨᠠᠩ ᠴᠤ ᠮᠢᠨᠦ ᠬᠦᠰᠡᠯ ᠡᠷᠡᠮᠡᠯᠵᠡᠯ ᠪᠤᠯᠤᠨ᠎ᠠ︾ ᠭᠡᠵᠡᠶ᠃      ᠣᠳᠤ ᠪᠣᠯ ᠶᠠᠭ ᠮᠠᠯᠴᠢᠨ ᠲᠠᠷᠢᠶᠠᠴᠢᠨ ᠤ ᠦᠬᠡᠷ ᠬᠤᠨᠢᠨ ᠮᠢᠬ᠎ᠠ ᠵᠡᠷᠭᠡ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠪᠣᠷᠣᠯᠠᠭᠤᠯᠬᠤ ᠵᠠᠩᠭᠢᠯᠠᠭ᠎ᠠ ᠶᠢᠨ ᠴᠠᠭ ᠪᠣᠯᠣᠨ᠎ᠠ᠂ ᠬᠤᠨᠢᠴᠢᠨᠭᠤᠤᠯ ᠪᠠᠯᠭᠠᠰᠤᠨ ᠤ ᠲᠡᠭᠡᠭ ᠤᠨ ᠰᠢᠯᠢ ᠲᠣᠰᠬᠤᠨ ᠤ ᠳᠥᠷᠪᠡᠳᠦᠭᠡᠷ ᠬᠤᠷᠰᠢᠶᠠᠨ ᠤ ᠠᠷᠠᠳ ᠯᠢ ᠽᠢ ᠶᠦᠨ ᠤ ᠦᠬᠡᠷ ᠤᠨ ᠰᠠᠷᠠᠪᠴᠢᠨ ᠤ ᠳᠡᠷᠭᠡᠳᠡ᠂ ᠣᠷᠳᠣᠰ ᠤᠨ ᠮᠧᠩ ᠰᠢ ᠵᠧᠩ ᠡᠾᠧ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠤᠨᠢᠴᠢᠨᠭᠤᠤᠯ ᠪᠠᠯᠭᠠᠰᠤᠨ ᠳᠤ ᠰᠠᠭᠤᠭ᠎ᠠ ᠨᠢᠭᠡᠳᠦᠭᠡᠷ ᠱᠦᠵᠢ ᠶᠠᠩ ᠰᠢᠨ ᠢᠦᠢ᠄ ︽ᠮᠢᠨᠦ ᠲᠠ ᠨᠠᠷ ᠲᠤ ᠦᠵᠡᠭᠦᠯᠵᠦ ᠪᠠᠶᠢᠭ᠎ᠠ ᠡᠳᠡᠭᠡᠷ ᠦᠬᠡᠷ ᠤᠨ ᠮᠢᠬ᠎ᠠ ᠪᠣᠯ ᠶᠠᠭ ᠮᠠᠨ ᠤ ᠲᠠᠷᠢᠶᠠᠴᠢᠳ ᠤᠨ ᠥᠪᠡᠷ ᠤᠨ ᠲᠡᠵᠢᠭᠡᠨ ᠦᠷᠡᠵᠢᠭᠦᠯᠦᠭᠰᠡᠨ ᠦᠬᠡᠷ ᠤᠨ ᠮᠢᠬ᠎ᠠ᠂ ᠰᠠᠶᠢᠨ ᠶᠠᠭᠤᠮ᠎ᠠ ᠶᠢ ᠳᠠᠶᠠᠭᠠᠷ ᠢᠶᠠᠨ ᠡᠳ᠋ᠯᠡᠭ᠂ ᠮᠠᠨ ᠤ ᠬᠢᠨ ᠰᠢᠭᠤᠳ ᠨᠡᠪᠲᠡᠷᠡᠭᠦᠯᠭᠡ ᠪᠠᠷ ᠳᠠᠮᠵᠢᠭᠤᠯᠤᠨ᠂ ᠮᠠᠯᠴᠢᠨ ᠲᠠᠷᠢᠶᠠᠴᠢᠨ ᠤ ᠬᠤᠳᠠᠯᠳᠤᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠵᠦ ᠪᠠᠶᠢᠨ᠎ᠠ︾ ᠭᠡᠵᠦ ᠬᠠᠮᠳᠤ ᠶᠠᠪᠤᠵᠤ ᠪᠠᠶᠢᠭ᠎ᠠ ᠬᠦᠮᠤᠰ ᠲᠤ ᠪᠠᠨ ᠳᠠᠨᠢᠯᠴᠠᠭᠤᠯᠵᠤ  ᠪᠠᠶᠢᠯ᠎ᠠ᠃      ᠲᠤᠰᠬᠤᠨ ᠤ ᠠᠷᠠᠳ ᠯᠢ ᠽᠢ ᠶᠦᠨ ᠰᠤᠷᠪᠤᠯᠵᠢᠯᠠᠭᠴᠢ ᠳᠤ᠄ ︽ᠪᠢ 9 ᠦᠬᠡᠷ᠂ 20 ᠭᠠᠷᠤᠶ ᠬᠤᠨᠢ᠂ 3 ᠭᠠᠭ᠋ᠠᠶ ᠲᠡᠵᠢᠭᠡᠵᠦ ᠪᠠᠶᠢᠨ᠎ᠠ᠂ ᠡᠬᠦᠨ ᠢ ᠪᠠᠨ ᠪᠤᠷᠤᠯᠠᠭᠤᠯᠬᠤ ᠳᠤ ᠬᠦᠴᠢᠷᠳᠡᠵᠦ ᠪᠠᠶᠢᠬᠤ ᠳᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠢᠷᠡᠵᠦ᠂ ᠰᠢᠭᠤᠳ ᠨᠡᠪᠲᠡᠷᠡᠭᠦᠯᠭᠡ  ᠬᠢᠵᠦ ᠪᠢᠳᠡᠨ ᠢ ᠬᠠᠪᠰᠤᠷᠤᠨ 3 ᠦᠬᠡᠷ᠂ 20 ᠬᠤᠨᠢ ᠶᠢ ᠬᠤᠳᠠᠯᠳᠤᠵᠤ ᠥᠭᠴᠡᠢ᠃ ᠮᠧᠩ ᠰᠢ ᠵᠧᠩ ᠡᠾᠧ ᠺᠣᠮᠫᠠᠨᠢ ᠪᠠᠰᠠ ᠳᠠᠩᠳᠠ ᠪᠢᠳᠡᠨ ᠢ ᠲᠤᠬᠤᠨᠢᠭᠤᠯᠵᠤ᠂ ᠠᠮᠢᠳᠤᠷᠠᠯ ᠤᠨ ᠬᠦᠴᠢᠷᠳᠡᠯ ᠢ ᠰᠢᠢᠳᠪᠦᠷᠢᠯᠡᠵᠦ ᠥᠭᠳᠡᠭ︾ ᠭᠡᠪᠡ᠃      ᠡᠨᠡ ᠵᠢᠯ ᠠᠴᠠ ᠨᠠᠰᠢ᠂ ᠡᠵᠡᠨ ᠬᠤᠷᠤᠭ᠎ᠠ ᠬᠤᠰᠢᠭᠤ ᠮᠠᠯᠴᠢᠨ ᠲᠠᠷᠢᠶᠠᠴᠢᠨ ᠤ ᠭᠡᠷ ᠲᠤ ᠬᠦᠷᠴᠦ ᠲᠠᠸᠠᠷ ᠰᠣᠩᠭᠤᠨ ᠪᠠᠷᠠᠭ᠎ᠠ ᠬᠤᠷᠢᠶᠠᠵᠤ᠂ ᠰᠢᠭᠤᠳ ᠨᠡᠪᠳᠡᠷᠡᠬᠦᠯᠭᠡ ᠬᠢᠨ ᠪᠤᠭᠤᠳᠠᠯᠯᠠᠵᠤ ᠬᠡᠷᠡᠭᠯᠡᠭᠴᠢᠳ ᠲᠤ ᠬᠦᠷᠭᠡᠬᠦ ᠵᠠᠮ ᠢ ᠨᠡᠭᠡᠭᠡᠭᠰᠡᠨ ᠢᠶᠠᠷ ︽ᠵᠢᠵᠢᠭ ᠳᠡᠯᠭᠡᠴᠡ︾ ︽ᠲᠣᠮᠣ ᠵᠠᠬ᠎ᠠ ᠳᠡᠯᠭᠡᠭᠦᠷ︾ ᠪᠤᠯᠵᠤ᠂ ︽ᠭᠤᠷᠪᠠᠳᠤᠭᠠᠷ ᠠᠵᠤ ᠦᠢᠯᠡᠰ ᠬᠤᠶᠠᠳᠤᠭᠠᠷ ᠠᠵᠤ ᠦᠢᠯᠡᠰ ᠲᠤ ᠦᠢᠯᠡᠴᠢᠯᠡᠬᠦ᠂ ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠬᠤ︾᠎ ᠶᠢ ᠪᠡᠶᠡᠯᠡᠭᠦᠯᠬᠦ ᠶᠢᠨ ᠬᠠᠮᠲᠤ᠂ ᠪᠥᠬᠦ ᠣᠷᠣᠨ ᠪᠦᠰᠡ ᠶᠢᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠠᠭᠤᠰᠤᠯᠴᠠᠨ ᠬᠥᠭᠵᠢᠬᠦ ᠰᠢᠨ᠎ᠡ ᠵᠠᠭᠪᠤᠷ ᠢ ᠢᠳᠡᠪᠬᠢᠲᠡᠶ ᠰᠥᠪᠡᠭᠴᠢᠯᠡᠵᠦ᠂ ᠬᠤᠲᠠ ᠳᠤ ᠪᠠᠨ ᠲᠥᠷᠦᠭᠦᠯᠦᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠰᠢᠭᠤᠳ ᠨᠡᠪᠲᠡᠷᠡᠭᠦᠯᠭᠡ ᠪᠠᠷ ᠮᠠᠯ ᠲᠠᠷᠢᠶᠠᠯᠠᠩ ᠢ ᠳᠡᠮᠵᠢᠵᠦ ᠣᠷᠣᠯᠭ᠎ᠠ ᠶᠢ ᠨᠡᠮᠡᠭᠳᠡᠭᠦᠯᠬᠦ ᠠᠵᠢᠯᠯᠠᠭ᠎ᠠ ᠶᠢ ᠡᠬᠢᠯᠡᠭᠦᠯᠵᠦ᠂ ᠪᠥᠬᠦ ᠬᠤᠰᠢᠭᠤᠨ ᠤ 145 ᠲᠣᠰᠬᠤᠨ ᠳᠤ ᠰᠠᠭᠤᠭ᠎ᠠ ᠺᠠᠳ᠋ᠷ ᠵᠠᠯᠭᠠᠭ᠎ᠠ ᠪᠠᠷ ︽ᠨᠡᠪᠲᠡᠷᠡᠭᠦᠯᠦᠭᠴᠢ︾ ᠪᠣᠯᠵᠣ᠂ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠢ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠣᠷᠣᠯᠠᠨ ᠪᠤᠷᠤᠯᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ᠃ ᠤᠯᠠᠭᠠᠨᠮᠦ᠋ᠷᠡᠨ ᠪᠠᠯᠭᠠᠰᠤ᠂ ᠡᠵᠡᠨ ᠬᠤᠷᠤᠭ᠎ᠠ ᠪᠠᠯᠭᠠᠰᠤ᠂ ᠬᠤᠨᠢᠴᠢᠨᠭᠤᠤᠯ ᠪᠠᠯᠭᠠᠰᠤ᠂ ᠰᠤᠪᠤᠷᠭ᠎ᠠ ᠪᠠᠯᠭᠠᠰᠤ᠂ ᠵᠠᠰᠠᠭ ᠪᠠᠯᠭᠠᠰᠤ ᠪᠠᠷ ᠲᠥᠯᠥᠭᠡᠯᠡᠭᠦᠯᠦᠭᠰᠡᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠤᠪᠢ ᠬᠥᠮᠦᠨ ᠤ ᠡᠬᠢ ᠪᠠᠶᠠᠯᠢᠭ ᠢ ᠢᠳᠡᠪᠬᠢᠲᠡᠶ ᠠᠰᠢᠭᠯᠠᠵᠤ᠂ ᠨᠡᠶᠢᠭᠡᠮ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠤᠲᠠ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ᠂ ᠳᠠᠭᠠᠭᠠᠴᠢᠯᠠᠨ ᠬᠤᠯᠪᠣᠭᠠᠯᠠᠬᠤ ᠪᠠᠶᠢᠭᠤᠯᠭ᠎ᠠ ᠨᠢᠭᠡᠴᠢ᠂ ᠳᠠᠭᠠᠭᠠᠴᠢᠯᠠᠨ ᠬᠤᠯᠪᠣᠭᠠᠯᠠᠬᠤ ᠠᠵᠤ ᠠᠬᠤᠶᠢᠯᠠᠯ᠂ ᠡᠯ᠎ᠡ ᠲᠣᠮᠣ ᠤᠯᠤᠰ ᠤᠨ ᠥᠮᠴᠢᠯᠡᠯᠲᠦ ᠠᠵᠤ ᠠᠬᠤᠶᠢᠯᠠᠯ  ᠪᠣᠯᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠨᠡᠪᠲᠡᠷᠡᠯᠴᠡᠨ ᠵᠣᠯᠭᠠᠭᠤᠯᠬᠤ ᠪᠠᠷ ᠳᠠᠮᠵᠢᠭᠤᠯᠤᠨ᠂ ᠲᠥᠪᠯᠡᠷᠡᠭᠦᠯᠦᠨ ᠬᠤᠳᠠᠯᠳᠤᠨ ᠠᠪᠬᠤ᠂ ᠲᠠᠷᠠᠬᠠᠶ ᠪᠤᠲᠠᠷᠬᠠᠶ ᠪᠣᠷᠣᠯᠠᠭᠤᠯᠬᠤ᠂ ᠬᠤᠪᠢ ᠬᠥᠮᠦᠨ ᠬᠤᠳᠠᠯᠳᠤᠨ ᠠᠪᠬᠤ ᠵᠡᠷᠭᠡ ᠬᠡᠯᠪᠡᠷᠢ ᠪᠠᠷ ᠮᠠᠯᠴᠢᠨ ᠲᠠᠷᠢᠶᠠᠴᠢᠨ ᠳᠤ ᠪᠥᠬᠦ ᠲᠠᠯ᠎ᠠ ᠶᠢᠨ ᠰᠢᠯᠢᠳᠡᠭ ᠦᠢᠯᠡᠴᠢᠯᠡᠭᠡ ᠬᠠᠩᠭᠠᠵᠤ ᠪᠠᠶᠢᠨ᠎ᠠ᠃       ᠣᠳᠣᠬᠠᠨ ᠪᠣᠯᠲᠠᠯ᠎ᠠ᠂ ᠡᠵᠡᠨ ᠬᠤᠷᠤᠭ᠎ᠠ ᠬᠤᠰᠢᠭᠤᠨ ᠤ ᠲᠣᠰᠬᠤᠨ ᠳᠤ ᠰᠠᠭᠤᠭ᠎ᠠ 145 ᠺᠠᠳ᠋ᠷ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠰᠢᠯᠭᠠᠭᠰᠠᠨ ᠡᠷᠦᠬᠡ᠂ ᠲᠠᠪᠤᠨ ᠪᠠᠲᠤᠯᠠᠭᠠᠲᠤ ᠡᠷᠦᠬᠡ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠡᠷᠦᠬᠡ᠂ ᠣᠨᠴᠠ ᠬᠦᠴᠢᠷᠳᠡᠯᠲᠡᠢ ᠡᠷᠦᠬᠡ᠂ ᠵᠡᠮᠳᠡᠭᠴᠦᠳ ᠤᠨ ᠭᠡᠷ ᠪᠦᠯᠢ᠂ ᠡᠩ ᠤᠨ ᠲᠠᠷᠢᠶᠠᠴᠢᠨ ᠡᠷᠦᠬᠡ ᠶᠢ ᠬᠠᠪᠰᠤᠷᠤᠨ ᠲᠣᠰᠬᠤᠨ ᠤ ᠬᠠᠮᠲᠤ ᠶᠢᠨ ᠠᠵᠤ ᠠᠬᠤᠢ ᠪᠠᠷ 3000 ᠭᠠᠷᠤᠢ ᠲᠦᠮᠡᠨ ᠲᠥᠭᠦᠷᠢᠭ ᠤᠨ ᠲᠠᠷᠢᠶᠠᠯᠠᠩ ᠤᠨ ᠣᠨᠴᠠ ᠪᠦᠲᠦᠭᠡᠭᠳᠡᠬᠦᠨ ᠢ ᠪᠤᠷᠤᠯᠠᠭᠤᠯᠵᠠᠢ᠃ ᠣᠶᠢᠯᠠᠭᠠᠭᠰᠠᠨ ᠢᠶᠠᠷ 110 ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠨᠢᠭᠡᠨᠲᠡ ᠲᠢᠺ ᠲᠤᠺ ᠰᠢᠭᠤᠳ ᠨᠡᠪᠲᠡᠷᠡᠭᠦᠯᠭᠡ ᠶᠢᠨ ᠲᠠᠰᠤᠭ ᠢ ᠨᠡᠭᠡᠭᠡᠵᠦ᠂ 4000 ᠭᠠᠷᠤᠶ ᠤᠳᠠᠭ᠎ᠠ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠵᠤ᠂ ᠲᠠᠷᠢᠶᠠᠯᠠᠩ ᠤᠨ ᠣᠨᠴᠠ ᠭᠠᠷᠤᠯᠲᠠ ᠶᠢ 1 ᠲᠦᠮᠡ ᠭᠠᠷᠤᠶ ᠬᠤᠪᠢ ᠪᠣᠷᠣᠯᠠᠭᠤᠯᠵᠤ᠂ ᠪᠤᠷᠤᠯᠠᠭᠤᠯᠭ᠎ᠠ ᠶᠢᠨ ᠥᠷᠲᠡᠭ ᠨᠢ 67.5 ᠲᠦᠮᠡᠨ ᠲᠥᠭᠦᠷᠢᠭ ᠎ ᠲᠤ ᠬᠦᠷᠦᠭᠰᠡᠨ ᠪᠠᠶᠢᠨ᠎ᠠ᠃       ᠲᠠᠷᠠᠭᠠᠴᠢ ᠶᠢᠨ ᠠᠯᠬᠤᠮ ᠳᠤ᠂ ᠲᠣᠰᠬᠤᠨ ᠳᠤ ᠰᠠᠭᠤᠭ᠎ᠠ ᠨᠢᠭᠡᠳᠤᠭᠡᠷ ᠱᠦᠵᠢ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠲᠠᠪᠴᠠᠩ ᠢ ᠰᠠᠶᠢᠲᠤᠷ ᠠᠰᠢᠭᠯᠠᠵᠤ᠂ ᠮᠠᠯᠴᠢᠨ ᠲᠠᠷᠢᠶᠠᠴᠢᠨ ᠢ ᠬᠠᠪᠰᠤᠷᠤᠨ ᠮᠠᠯ ᠲᠠᠷᠢᠶᠠᠯᠠᠩ ᠤᠨ ᠪᠥᠲᠦᠭᠡᠭᠳᠡᠬᠦᠨ ᠢ ᠪᠣᠷᠣᠯᠠᠭᠤᠯᠬᠤ ᠡᠷᠴᠢᠮ ᠢᠶᠠᠨ ᠴᠢᠩᠭᠠᠷᠠᠭᠤᠯᠵᠤ᠂ ᠮᠠᠯᠴᠢᠨ ᠲᠠᠷᠢᠶᠠᠴᠢᠨ ᠤ ᠬᠦᠴᠢᠷ ᠲᠥᠪᠡᠭ ᠲᠠᠢ ᠠᠰᠠᠭᠤᠳᠠᠯ ᠢ ᠨᠢ ᠦᠨᠡᠨ ᠬᠦ ᠰᠢᠢᠳᠪᠦᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠳᠤ ᠬᠦᠴᠦᠨ ᠨᠡᠮᠡᠷᠢᠯᠡᠬᠦ ᠪᠠᠷ ᠪᠠᠶᠢᠨ᠎ᠠ᠃    
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ