ᠡᠵᠡᠨ ᠬᠤᠷᠤᠭ᠎ᠠ ᠬᠤᠰᠢᠭᠤᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠵᠢᠯ ᠲᠥᠷᠥᠯ ᠤᠨ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/12/20
      ᠣᠶᠢᠷ᠎ᠠ ᠶᠢᠨ ᠡᠳᠦᠷ᠂ ᠡᠵᠡᠨ ᠬᠤᠷᠤᠭ᠎ᠠ ᠬᠤᠰᠢᠭᠤᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠵᠢᠯ ᠲᠥᠷᠥᠯ ᠤᠨ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ ᠤᠨ ᠠᠩᠬᠠᠳᠤᠭᠠᠷ ᠤᠳᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠬᠤᠷᠠᠯ ᠤᠷᠤᠭᠰᠢᠲᠠᠶ ᠬᠤᠷᠠᠯᠳᠤᠪᠠ᠃ ᠪᠥᠬᠦ ᠬᠤᠰᠢᠭᠤᠨ ᠤ ᠮᠸᠢ ᠲᠤᠸᠠᠨ᠂ ᠱᠦᠨ ᠹᠸᠡᠭ᠂ ᠰᠦᠯᠵᠢᠶ᠎ᠡ ᠪᠠᠷ ᠪᠣᠯᠵᠣᠬᠤ ᠲᠡᠷᠭᠡ᠂ ᠠᠴᠢᠶᠠᠨ ᠤ ᠮᠠᠰᠢᠨ ᠤ ᠵᠢᠯᠣᠭᠤᠴᠢ ᠵᠡᠷᠭᠡ ᠰᠢᠨ᠎ᠡ ᠬᠡᠯᠪᠡᠷᠢ ᠶᠢᠨ ᠬᠥᠳᠡᠯᠮᠦᠷᠢᠴᠢᠨ 30 ᠭᠠᠷᠤᠶ ᠬᠥᠮᠦᠨ ᠣᠷᠣᠯᠴᠠᠵᠠᠶ᠃      ᠠᠵᠢᠯ ᠲᠦᠷᠦᠯ ᠤᠨ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ ᠪᠠᠶᠢᠭᠤᠯᠤᠭᠳᠠᠭᠰᠠᠨ ᠨᠢ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠠᠵᠤ ᠠᠬᠤᠶᠢᠯᠠᠯ ᠪᠣᠯᠤᠨ ᠠᠵᠢᠯᠯᠠᠭᠰᠠᠳ ᠤᠨ ᠲᠤᠯᠭᠠᠮ᠎ᠠ ᠬᠡᠷᠡᠭᠴᠡᠭᠡ ᠪᠣᠯᠤᠨ ᠥᠷᠢᠰᠥᠯᠳᠦᠭᠡᠨ ᠳᠤ ᠰᠢᠭᠤᠳ ᠬᠠᠨᠳᠤᠵᠤ᠂ ︽ᠰᠢᠨ᠎ᠡ︾᠎ ᠳᠤ ᠠᠩᠬᠠᠷᠤᠯ ᠢᠶᠠᠨ ᠲᠥᠪᠯᠡᠷᠡᠭᠦᠯᠦᠨ ᠪᠠᠶᠢᠷᠢᠰᠢᠭᠤᠯᠵᠤ᠂ ︽ᠪᠣᠳᠠᠲᠠᠢ︾᠎ ᠳᠤ ᠰᠠᠭᠤᠷᠢᠯᠠᠨ ᠨᠠᠷᠢᠯᠢᠭ ᠲᠠᠷᠢᠵᠤ ᠨᠢᠮᠪᠠᠢ ᠠᠷᠠᠴᠢᠯᠠᠵᠤ᠂ ︽ᠬᠡᠷᠡᠭᠴᠡᠭᠡ︾᠎ ᠶᠢᠨ ᠲᠣᠭᠤᠷᠢᠨ ᠳᠤ ᠠᠵᠢᠯᠯᠠᠭ᠎ᠠ ᠥᠷᠨᠢᠭᠦᠯᠵᠦ᠂ ᠠᠳᠠᠯᠢ ᠪᠤᠰᠤ ᠠᠵᠢᠯ ᠲᠦᠷᠦᠯ ᠤᠨ ᠣᠨᠴᠠᠯᠢᠭ ᠢ ᠦᠨᠳᠦᠰᠦᠯᠡᠵᠦ᠂ ᠪᠡᠶ᠎ᠡ ᠪᠠᠨ ᠬᠡᠮᠵᠢᠵᠦ ᠬᠤᠪᠴᠠᠰᠤ ᠡᠰᠬᠡᠬᠦ ᠬᠡᠯᠪᠡᠷᠢ ᠶᠢᠨ ᠵᠢᠷᠤᠭ ᠲᠥᠯᠥᠪᠯᠡᠭᠡ ᠶᠢ ᠦᠨᠳᠦᠰᠦᠯᠡᠨ ᠠᠵᠢᠯᠯᠠᠭ᠎ᠠ ᠦᠷᠨᠢᠭᠦᠯᠵᠦ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠠᠵᠢᠯᠴᠢᠨ ᠤ ᠡᠪᠯᠡᠯ ᠤᠨ ᠭᠡᠰᠢᠭᠦᠨ ᠢ ᠡᠷᠢᠵᠦ ᠤᠯᠬᠤ᠂ ᠢᠲᠡᠭᠡᠮᠵᠢᠲᠡᠶ᠂ ᠨᠠᠶᠢᠳᠠᠪᠤᠷᠢᠲᠠᠶ᠂ ᠰᠠᠯᠵᠤ ᠪᠣᠯᠤᠰᠢ ᠦᠭᠡᠢ ︽ᠠᠵᠢᠯᠳᠠᠨ ᠠᠵᠢᠯᠴᠢᠨ ᠤ ᠭᠡᠷ ᠪᠦᠯᠢ︾ ᠪᠣᠯᠭᠠᠨ ᠵᠢᠩᠬᠢᠨᠢ ᠪᠠᠷ ᠪᠠᠶᠢᠭᠤᠯᠬᠤ ᠎ ᠪᠠᠷ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠡᠵᠡᠨ ᠬᠤᠷᠤᠭ᠎ᠠ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠨᠢ ᠠᠵᠢᠯ ᠲᠥᠷᠥᠯ ᠤᠨ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ ᠢᠶᠠᠷ ᠲᠦᠰᠢᠭ ᠪᠣᠯᠭᠠᠵᠤ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠲᠤ ᠦᠢᠯᠡᠴᠢᠯᠡᠬᠦ ᠪᠠ ᠡᠷᠬᠡ ᠠᠰᠢᠭ ᠢᠶᠠᠨ ᠬᠠᠮᠠᠭᠠᠯᠠᠬᠤ ᠠᠵᠢᠯ ᠢ ᠦᠷᠭᠦᠯᠵᠢᠯᠡᠨ ᠭᠦᠨᠵᠡᠭᠡᠶ ᠠᠬᠢᠭᠤᠯᠤᠨ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠦᠷᠢᠶᠡᠨ ᠳᠠᠬᠢ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠮᠤᠷᠬᠤ ᠬᠡᠪᠴᠢᠶ᠎ᠡ ᠶᠢ ᠲᠣᠭᠲᠠᠭᠤᠨ ᠢᠶᠠᠷ ᠥᠷᠭᠡᠳᠬᠡᠵᠦ᠂ ᠥᠪᠡᠷᠮᠢᠴᠡ ᠣᠨᠴᠠᠯᠢᠭ ᠲᠠᠢ᠂ ᠬᠢᠯᠠᠰ ᠴᠡᠭ ᠲᠠᠢ᠂ ᠦᠷ᠎ᠡ ᠪᠦᠲᠦᠮᠵᠢ ᠲᠠᠢ ᠠᠵᠢᠯ ᠲᠥᠷᠥᠯ ᠤᠨ ᠠᠵᠢᠯᠯᠠᠭ᠎ᠠ ᠶᠢ ᠰᠦᠪᠡᠭᠴᠢᠯᠡᠨ ᠥᠷᠨᠢᠭᠦᠯᠵᠦ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠵᠢᠯ ᠲᠥᠷᠥᠯ ᠤᠨ ᠠᠵᠢᠯᠲᠠᠨ ᠠᠵᠢᠯᠴᠢᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠡᠵᠡᠨ ᠬᠤᠷᠤᠭ᠎ᠠ ᠬᠤᠰᠢᠭᠤ ᠶᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠳᠤ ︽ᠰᠢᠨ᠎ᠡ︾ ᠮᠠᠨᠳᠤᠭᠤᠯᠬᠤ ᠬᠦᠴᠦᠨ ᠢ ᠨᠡᠮᠡᠷᠢᠯᠡᠬᠦ ᠪᠤᠯᠤᠨ᠎ᠠ᠃  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ