ᠪᠤᠯᠠᠭ ᠭᠠᠴᠠᠭᠠᠨ ᠤ ᠶᠣᠰᠣ ᠰᠤᠷᠲᠠᠬᠤᠨ ᠤ ᠦᠨᠡᠯᠡᠯᠲᠡ ᠶᠢᠨ ᠬᠤᠷᠠᠯ ᠲᠡᠷᠢᠭᠦᠨ ᠤ ᠵᠢᠱᠢᠶᠡᠴᠢ ᠶᠢ ᠰᠢᠯᠭᠠᠷᠠᠭᠤᠯᠤᠨ᠂ ᠪᠣᠯᠪᠠᠰᠤᠨ ᠰᠢᠨ᠎ᠡ ᠰᠤᠷᠲᠠᠯ ᠢ ᠡᠷᠬᠢᠮᠯᠡᠨ᠎ᠡ
ᠨᠡᠶᠢᠲᠡᠯᠡᠭᠰᠡᠨ ᠴᠠᠭ᠄
2024/12/30
      ᠣᠶᠢᠷ᠎ᠠ ᠶᠢᠨ ᠵᠢᠯ ᠠᠴᠠ ᠨᠠᠭᠠᠰᠢ᠂ ᠡᠵᠡᠨ ᠬᠤᠷᠤᠭ᠎ᠠ ᠪᠠᠯᠭᠠᠰᠤᠨ ᠤ ᠪᠤᠯᠠᠭ ᠭᠠᠴᠠᠭ᠎ᠠ ᠨᠢ ᠶᠣᠰᠣ ᠰᠤᠷᠲᠠᠬᠤᠨ ᠤ ᠦᠨᠡᠯᠡᠯᠲᠡ ᠶᠢᠨ ᠬᠦᠴᠦᠨ ᠢᠶᠠᠷ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠵᠤ᠂ ᠬᠠᠭᠤᠴᠢᠨ ᠶᠣᠰᠣ ᠪᠦᠳᠦᠭᠦᠯᠢᠭ ᠳᠠᠳᠬᠠᠯ ᠢ ᠠᠷᠢᠯᠭᠠᠨ᠂ ᠶᠣᠰᠣ ᠰᠤᠷᠲᠠᠬᠤᠨ ᠤ ᠦᠨᠡᠯᠡᠯᠲᠡ ᠶᠢᠨ ᠬᠤᠷᠠᠯ ᠢ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠬᠦᠴᠦᠨ ᠪᠣᠯᠭᠠᠪᠠ᠃ ᠶᠣᠰᠣ ᠮᠣᠷᠠᠯ ᠤᠨ ᠦᠨᠡᠯᠡᠯᠲᠡ ᠶᠢᠨ ᠬᠤᠷᠠᠯ ᠢ ᠠᠰᠢᠭᠯᠠᠨ ᠬᠡᠪ ᠵᠠᠩᠰᠢᠯ ᠢ ᠥᠭᠡᠷᠡᠴᠢᠯᠡᠬᠦ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠪᠣᠯᠪᠠᠰᠤᠨ ᠰᠢᠨ᠎ᠡ ᠰᠤᠷᠲᠠᠯ ᠢ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠨ᠎ᠠ᠃ ᠦᠨᠡᠯᠡᠨ ᠵᠥᠪᠯᠡᠬᠦ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠡᠷᠭᠢᠯᠡᠵᠦ᠂ ᠪᠤᠯᠠᠭ ᠭᠠᠴᠠᠭ᠎ᠠ ᠶᠢᠨ ᠲᠣᠰᠬᠤᠨ ᠤ ᠠᠷᠠᠳ ᠤᠨ ᠲᠣᠭᠲᠠᠭᠠᠯ ᠭᠡᠷ᠎ᠡ ᠶᠢ ᠶᠠᠷᠢᠯᠴᠠᠨ ᠲᠡᠭᠦᠯᠳᠡᠷᠵᠢᠭᠦᠯᠦᠨ᠎ᠡ᠃       ᠶᠣᠰᠣ ᠰᠤᠷᠲᠠᠬᠤᠨ ᠤ ᠦᠨᠡᠯᠡᠯᠲᠡ ᠶᠢᠨ ᠬᠤᠷᠠᠯ ᠤᠨ ᠠᠬᠤᠢ ᠲᠠᠯᠠᠪᠠᠢ ᠳᠤ᠂ ᠪᠤᠯᠠᠭ ᠭᠠᠴᠠᠭᠠᠨ ᠤ ᠨᠠᠮ ᠤᠨ ᠡᠭᠦᠷ ᠤᠨ ᠱᠦᠵᠢ ᠰᠡᠷᠭᠦᠯᠡᠩ ᠲᠦᠷᠦᠭᠦᠯᠡᠨ ᠵᠠᠩ ᠳᠠᠳᠬᠠᠯ ᠢ ᠥᠭᠡᠷᠡᠴᠢᠯᠡᠬᠦ ᠰᠠᠨᠠᠭᠠᠴᠢᠯᠠᠭ᠎ᠠ ᠶᠢᠨ ᠪᠢᠴᠢᠭ ᠢ ᠤᠩᠰᠢᠵᠤ᠂ ᠮᠠᠯᠴᠢᠨ ᠲᠠᠷᠢᠶᠠᠴᠢᠨ ᠲᠦᠷᠦᠭᠦᠯᠡᠨ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠬᠤ ᠎ ᠶᠢ ᠰᠠᠨᠠᠭᠠᠴᠢᠯᠠᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠬᠦ ᠶᠢ ᠰᠠᠨᠠᠭᠠᠴᠢᠯᠠᠵᠤ᠂ ᠨᠡᠶᠢᠲᠡ ᠶᠢᠨ ᠮᠣᠷᠠᠯ ᠢ ᠪᠠᠳᠠᠷᠠᠭᠤᠯᠬᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠨᠠᠰᠤᠲᠠᠨ ᠢᠶᠠᠨ ᠬᠦᠨᠳᠦᠯᠡᠵᠦ ᠰᠠᠳᠤᠨ ᠲᠦᠷᠦᠯ ᠢᠶᠠᠨ ᠬᠠᠶᠢᠷᠠᠯᠠᠬᠤ᠂ ᠰᠢᠨ᠎ᠡ ᠶᠠᠪᠤᠳᠠᠯ ᠢ ᠰᠢᠨ᠎ᠡ ᠪᠠᠷ ᠡᠷᠬᠢᠯᠡᠬᠦ ᠶᠢ ᠪᠡᠶᠡᠯᠡᠭᠦᠯᠵᠦ᠂ ᠪᠣᠯᠪᠠᠰᠤᠨ ᠰᠢᠨ᠎ᠡ ᠰᠤᠷᠲᠠᠯ ᠢ ᠢᠳᠡᠪᠬᠢᠲᠡᠢ ᠰᠠᠨᠠᠭᠠᠴᠢᠯᠠᠭᠴᠢ ᠪᠠ ᠤᠬᠠᠮᠰᠠᠷᠲᠤ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠪᠠ᠃       ᠣᠳᠣᠬᠠᠨ ᠳᠤ ᠨᠢᠭᠡᠨᠲᠡ ︽ᠶᠣᠰᠣ ᠰᠤᠷᠲᠠᠬᠤᠨ ᠤ ᠵᠢᠱᠢᠶᠡᠴᠢ︾᠂ ︽ᠳᠡᠷᠭᠡᠳᠡᠬᠢ ᠰᠠᠶᠢᠨ ᠬᠥᠮᠦᠨ︾᠂ ︽ᠦᠵᠡᠰᠬᠦᠯᠡᠩᠲᠦ ᠰᠠᠶᠢᠬᠠᠨ ᠬᠡᠷ ᠬᠦᠷᠢᠶ᠎ᠡ︾᠂ ︽ᠬᠠᠮᠤᠭ ᠎ ᠤᠨ ᠭᠤᠶᠣ ᠬᠡᠷ ᠪᠦᠯᠢ︾᠂ ︽ᠣᠳᠣᠨ ᠲᠠᠰ ᠤᠨ ᠪᠣᠯᠪᠠᠰᠤᠨ ᠡᠷᠦᠬᠡ︾ ᠵᠡᠷᠭᠡ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠢᠯᠭᠠᠷᠠᠭᠤᠯᠬᠤ ᠠᠵᠢᠯᠯᠠᠭ᠎ᠠ ᠥᠷᠨᠢᠭᠦᠯᠪᠡ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ