ᠦ᠋ ᠶᠦᠨ ᠬᠡᠭᠡᠷ᠎ᠡ ᠪᠠᠭᠤᠳᠠᠯᠯᠠᠬᠤ ᠪᠠᠯᠭᠠᠰᠤᠨ ᠤ ᠲᠦᠷᠦᠯ ᠵᠦᠢᠯ ᠤᠨ ᠲᠥᠰᠥᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠣᠷᠳᠣᠰ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/3/12
     3 ᠰᠠᠷ᠎ᠠ ᠶᠢᠨ 8᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠦ᠋ ᠶᠦᠨ 2024 ᠣᠨ ᠤ 9 ᠳ᠋ᠣᠭᠡᠷ ᠤᠳᠠᠭ᠎ᠠ ᠶᠢᠨ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠥᠷ ᠮᠣᠩᠭᠤᠯ ᠤᠨ ᠬᠡᠭᠡᠷ᠎ᠡ ᠪᠠᠭᠤᠳᠠᠯᠯᠠᠬᠤ ᠪᠠᠯᠭᠠᠰᠤᠨ ᠤ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠲᠥᠰᠥᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃
1.png
    ᠬᠤᠷᠠᠯ ᠳᠡᠭᠡᠷ᠎ᠡ᠂ ᠦ᠋ ᠶᠦᠨ ᠪᠣᠯᠣᠨ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠪᠦᠯᠦᠭᠯᠡᠯ᠂ ᠵᠢᠷᠤᠭ ᠲᠥᠯᠥᠪᠯᠡᠭᠡ ᠶᠢᠨ ᠨᠢᠬᠡᠴᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠥᠷᠥᠯ ᠵᠦᠢᠯ ᠤᠨ ᠪᠦᠬᠦᠯᠢ ᠴᠣᠭᠴᠠ ᠶᠢᠨ ᠪᠠᠶᠢᠷᠢ ᠲᠣᠭᠲᠠᠭᠠᠯᠲᠠ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠂ ᠡᠵᠡᠩᠨᠡᠯᠲᠡ ᠬᠠᠮᠢᠶᠠᠷᠤᠯᠲᠠ ᠵᠡᠷᠭᠡ ᠲᠠᠯ᠎ᠠ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠵᠠᠰᠠᠪᠤᠷᠢ ᠣᠷᠣᠭᠤᠯᠬᠤ ᠰᠠᠨᠠᠯ ᠢᠶᠠᠨ ᠳᠤᠷᠠᠳᠴᠤ᠂ ᠲᠥᠰᠥᠯ ᠢᠶᠠᠨ ᠲᠦᠷᠭᠡᠬᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠲᠥᠷᠥᠯ ᠵᠦᠢᠯ ᠤᠨ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃     ᠬᠤᠷᠠᠯ ᠤᠨ ᠲᠠᠷᠠᠭ᠎ᠠ᠂ ᠦ᠋ ᠶᠦᠨ ᠣᠷᠳᠣᠰ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ ᠬᠦᠷᠴᠦ᠂ ᠬᠡᠭᠡᠷ᠎ᠡ ᠪᠠᠭᠤᠳᠠᠯᠯᠠᠬᠤ ᠪᠠᠯᠭᠠᠰᠤᠨ ᠤ ᠲᠦᠷᠦᠯ ᠵᠦᠢᠯ ᠤᠨ ᠰᠣᠩᠭᠤᠭᠰᠠᠨ ᠭᠠᠵᠠᠷ ᠢ ᠪᠠᠶᠢᠴᠠᠭᠠᠨ ᠦᠵᠡᠵᠦ᠂ ᠲᠦᠷᠦᠯ ᠵᠦᠢᠯ ᠤᠨ ᠲᠥᠯᠦᠪᠵᠢᠭᠦᠯᠭᠡ ᠶᠢ ᠰᠣᠨᠣᠰᠴᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠰᠣᠳᠣᠨ ᠰᠣᠶᠣᠯ ᠵᠢᠭᠤᠯᠴᠢᠯᠠᠯ ᠤᠨ ᠲᠦᠷᠦᠯ ᠵᠦᠢᠯ ᠢ ᠪᠠᠶᠢᠭᠤᠯᠬᠤ ᠬᠡᠷᠡᠭᠲᠡᠢ ᠭᠡᠪᠠ᠃
2.jpg
    ᠳᠠᠷᠠᠭ᠎ᠠ ᠨᠢ᠂ ᠦ᠋ ᠶᠦᠨ ᠪᠠᠰᠠ ᠰᠣᠶᠣᠯ ᠤᠨ ᠦᠵᠡᠰᠬᠦᠯᠡᠩ ᠤᠨ ᠣᠷᠳᠣᠨ ᠤ ᠪᠦᠯᠦᠭᠯᠡᠯ᠂ ᠬᠠᠭᠤᠴᠢ ᠰᠤᠳᠤᠯᠤᠯ ᠤᠨ ᠲᠤᠷᠰᠢᠯᠲᠠ ᠶᠢᠨ ᠣᠷᠳᠣᠨ ᠪᠣᠯᠣᠨ ᠰᠤᠳᠤᠯᠭᠠᠨ ᠤ ᠰᠠᠭᠤᠷᠢᠨ ᠭᠠᠵᠠᠷ ᠤᠨ ᠢᠵᠢ ᠪᠦᠷᠢᠳᠦᠭᠰᠡᠨ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠡᠵᠡᠨ ᠬᠤᠷᠤᠭ᠎ᠠ ᠶᠢᠨ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠤᠮᠠᠷᠠᠲᠤ ᠬᠢᠯᠢ ᠶᠢᠨ ᠰᠣᠶᠣᠯ ᠤᠨ ᠥᠯᠢᠭᠡᠷ ᠢ ᠨᠠᠷᠢᠨ ᠨᠢᠮᠪᠠᠢ ᠲᠥᠰᠥᠪᠯᠡᠨ ᠶᠠᠷᠢᠵᠤ᠂ ᠡᠵᠡᠩᠨᠡᠨ ᠪᠣᠷᠣᠯᠠᠭᠤᠯᠬᠤ ᠤᠬᠠᠭᠤᠯᠭ᠎ᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠵᠠᠬ᠎ᠠ ᠳᠡᠯᠭᠡᠭᠦᠷᠴᠢᠯᠡᠭᠰᠡᠨ ᠵᠠᠭᠪᠤᠷ ᠢᠶᠠᠷ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ ᠭᠡᠪᠠ᠃ ᠡᠭᠦᠨ ᠤ ᠬᠠᠮᠲᠤ᠂ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠪᠦᠬᠦᠯᠢ ᠴᠣᠭᠴᠠ ᠪᠠᠷ ᠢᠶᠠᠨ ᠬᠤᠯᠪᠤᠭᠠᠯᠠᠨ ᠬᠥᠭᠵᠢᠬᠦ ᠶᠢ ᠠᠬᠢᠭᠤᠯᠵᠤ᠂ ᠰᠤᠯᠠ ᠪᠠᠶᠢᠭ᠎ᠠ ᠡᠬᠢ ᠪᠠᠶᠠᠯᠢᠭ ᠢ ᠭᠦᠢᠴᠡᠳ ᠠᠮᠢᠯᠠᠭᠤᠯᠤᠨ ᠠᠰᠢᠭᠯᠠᠵᠤ᠂ ᠦᠵᠡᠮᠵᠢ ᠶᠢᠨ ᠣᠷᠣᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠪᠠᠶᠢᠷᠢᠰᠢᠭᠤᠯᠤᠯᠲᠠ ᠶᠢ ᠪᠠᠶᠠᠯᠢᠭᠵᠢᠭᠤᠯᠤᠨ ᠲᠡᠭᠦᠯᠳᠡᠷᠵᠢᠭᠦᠯᠵᠦ᠂ ᠦᠵᠡᠮᠵᠢ ᠶᠢᠨ ᠣᠷᠣᠨ ᠪᠠ ᠰᠣᠶᠣᠯ ᠤᠨ ᠵᠢᠭᠤᠯᠴᠢᠯᠠᠯ ᠤᠨ ᠲᠥᠷᠥᠯ ᠵᠦᠢᠯ ᠤᠨ ᠬᠠᠮᠢᠶᠠᠷᠤᠯᠲᠠ ᠡᠵᠡᠩᠨᠡᠯᠲᠡ ᠶᠢ ᠴᠢᠩᠭᠠᠳᠬᠠᠨ᠂ ᠵᠢᠭᠤᠯᠴᠢᠯᠠᠭᠴᠢᠳ ᠤᠨ ᠪᠡᠶᠡᠴᠢᠯᠡᠨ ᠣᠶᠢᠯᠠᠭᠠᠬᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠩ ᠣᠯᠠᠨ ᠬᠥᠮᠥᠰ ᠤᠨ ᠬᠦᠷᠢᠶᠡᠯᠡᠯ ᠢ ᠣᠯᠬᠤ ᠪᠠ ᠬᠤᠳᠠᠯᠳᠤᠭᠠᠨ ᠤ ᠪᠠᠶᠢᠳᠠᠯ ᠢ ᠲᠥᠪᠯᠡᠷᠡᠭᠦᠯᠬᠦ ᠬᠡᠷᠡᠭᠲᠡᠢ ᠭᠡᠪᠠ᠃     ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠴᠢ ᠬᠤᠩ ᠮᠧᠢ᠂ ᠱᠧ ᠰᠢᠶᠠᠨ ᠶᠢᠨ ᠪᠠᠷ᠎ᠠ ᠪᠣᠯᠪᠠ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ