ᠮᠡᠨᠳᠦᠪᠠᠶᠠᠷ
ᠨᠡᠶᠢᠲᠡᠯᠡᠭᠰᠡᠨ ᠴᠠᠭ᠄
2024/3/13
孟都巴雅尔.jpg
ᠲᠤᠰᠢᠶᠠᠯ         ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠤᠷᠳᠤᠨ ᠤ ᠲᠡᠳ᠋ ᠲᠠᠷᠤᠭ᠎ᠠᠠᠵᠢᠯ ᠤᠨ ᠬᠤᠪᠢᠶᠠᠷᠯᠠᠯ      ᠴᠢᠶᠣᠤ ᠰᠢᠶᠣᠣ ᠵᠢᠶᠦ᠋ᠨ ᠢ ᠬᠠᠪᠰᠤᠷᠤᠨ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠲᠤᠭ᠎ᠠ ᠪᠦᠷᠢᠳᠬᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠠᠰᠠᠭ ᠤᠨ ᠶᠠᠪᠤᠳᠠᠯ ᠢ ᠢᠯᠡ ᠨᠡᠶᠢᠳᠡᠯᠡᠬᠦ᠂ ᠤᠯᠤᠰ ᠤᠨ ᠡᠳ᠋ ᠬᠥᠷᠥᠩᠭᠡ᠂ ᠭᠠᠶᠢᠯᠢ ᠶᠢᠨ ᠶᠠᠪᠤᠳᠠᠯ᠂ ᠮᠥᠩᠭᠦᠨ ᠭᠦᠢᠯᠭᠡᠭᠡ᠂ ᠭᠠᠳᠠᠭᠠᠳᠤ ᠠᠷᠠᠯᠵᠢᠶ᠎ᠠ ᠵᠡᠷᠭᠡ ᠠᠵᠢᠯ ᠢ ᠬᠤᠪᠢᠳᠠᠨ ᠬᠠᠮᠢᠶᠠᠷᠤᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︵ᠮᠦᠩᠭᠦᠨ ᠬᠦᠯᠬᠡᠬᠡᠨ ᠤ ᠦᠢᠯᠡᠴᠢᠯᠡᠬᠡᠨ ᠤ ᠲᠦᠪ︶᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ︵ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠬᠦ ᠲᠥᠪ︶᠂ ᠬᠤᠰᠢᠭᠤᠨ ᠤ ᠠᠵᠤ ᠦᠢᠯᠡᠳᠪᠦᠷᠢ ᠪᠠ ᠴᠢᠮᠡᠭᠡ ᠵᠠᠩᠭᠢᠵᠢᠯᠲᠠ ᠶᠢᠨ ᠲᠣᠪᠴᠢᠶ᠎ᠠ ︵ᠭᠠᠳᠠᠭᠠᠳᠤ ᠠᠷᠠᠯᠵᠢᠶᠠᠨ ᠤ ᠠᠵᠢᠯ︶᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠦᠮᠴᠢᠯᠡᠯᠳᠦ ᠡᠳ᠋ ᠬᠦᠷᠦᠩᠬᠡ ᠤᠯᠤᠰ ᠤᠨ ᠦᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠳᠡ ᠶᠢᠨ ᠲᠦᠪ︶᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠎ ᠤ ᠲᠤᠭ᠎ᠠ ᠪᠦᠷᠢᠳᠬᠡᠯ ᠤᠨ ᠲᠣᠪᠴᠢᠶ᠎ᠠ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ︵ᠬᠠᠮᠲᠤᠷᠠᠯᠴᠠᠭ᠎ᠠ ᠰᠣᠯᠢᠯᠴᠠᠭᠠᠨ ᠤ ᠲᠥᠪ︶᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠠᠭᠤᠷᠬᠠᠢ ᠶᠢᠨ ᠣᠷᠣᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠣᠷᠳᠣᠰ ᠬᠤᠲᠠ ᠶᠢᠨ ᠱᠧᠩ ᠶᠤᠸᠠᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠣᠷᠳᠣᠰ ᠬᠤᠲᠠ ᠶᠢᠨ ᠯᠢ ᠢᠦᠢ ᠦᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠬᠤᠸᠠ ᠹᠧᠩ ᠠᠮᠤ ᠲᠣᠰᠣ ᠬᠤᠳᠠᠯᠳᠤᠨ ᠠᠪᠴᠤ ᠪᠣᠷᠣᠯᠠᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠬᠤᠰᠢᠭᠤ ᠳᠠᠷᠤᠭ᠎ᠠ ᠶᠢ ᠬᠠᠪᠰᠤᠷᠤᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠡᠵᠡᠨ ᠬᠤᠷᠤᠭ᠎ᠠ ᠬᠤᠰᠢᠭᠤᠨ ᠤ ᠬᠤᠷᠢᠶ᠎ᠠ᠂ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠡᠪ ᠬᠠᠮᠲᠤ ᠵᠠᠯᠠᠭᠤᠴᠤᠳ ᠤᠨ ᠡᠪᠯᠡᠯ ᠤᠨ ᠡᠵᠡᠨ ᠬᠤᠷᠤᠭ᠎ᠠ ᠬᠤᠰᠢᠭᠤᠨ ᠤ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠯᠤᠰ ᠲᠠᠭᠠᠨ ᠪᠤᠴᠠᠵᠤ ᠢᠷᠡᠭᠰᠡᠨ ᠳᠤᠮᠳᠠᠳᠤ ᠶᠢᠨ ᠬᠠᠷᠢᠶᠠᠲᠤ ᠨᠠᠷ ᠤᠨ ᠬᠤᠯᠪᠣᠭᠠᠲᠤ ᠬᠤᠷᠠᠯ᠂ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠰᠤᠷᠭᠠᠭᠤᠯᠢ᠂ ᠨᠡᠶᠢᠭᠡᠮ ᠵᠢᠷᠤᠮ ᠤᠨ ᠰᠤᠷᠭᠠᠭᠤᠯᠢ︶᠂ ᠠᠬᠠᠮᠠᠳ ᠺᠠᠳ᠋ᠷᠴᠤᠳ ᠤᠨ ᠦᠢᠯᠡᠴᠢᠯᠡᠭᠡᠨ ᠤ ᠲᠥᠪ᠂ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠲᠥᠪ ᠤᠨ ᠡᠵᠡᠨ ᠬᠤᠷᠤᠭ᠎ᠠ ᠬᠤᠰᠢᠭᠤᠨ ᠤ ᠬᠤᠪᠢᠶᠠᠷᠢ ᠲᠥᠪ᠂ ᠠᠷᠠᠳ ᠤᠨ ᠪᠠᠩᠬᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠪᠠᠩᠬᠢ᠂ ᠣᠷᠳᠣᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠶᠢᠨ ᠡᠵᠡᠨ ᠬᠤᠷᠤᠭ᠎ᠠ ᠬᠢᠨᠠᠯᠲᠠ ᠬᠠᠮᠢᠶᠠᠷᠤᠯᠲᠠ ᠶᠢᠨ ᠳᠤᠭᠤᠶᠢᠯᠠᠩ ᠵᠢᠴᠢ ᠰᠠᠭᠤᠭ᠎ᠠ ᠭᠠᠵᠠᠷ ᠤᠨ ᠮᠥᠩᠭᠦᠨ ᠭᠦᠢᠯᠭᠡᠭᠡᠨ ᠤ ᠳᠠᠭᠠᠳᠬᠠᠯ ᠤᠨ ᠪᠠᠶᠢᠭᠤᠯᠤᠮᠵᠢ᠂ ᠣᠷᠳᠣᠰ ᠤᠨ ᠡᠵᠡᠨ ᠬᠤᠷᠤᠭ᠎ᠠ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠬᠢᠵᠠᠭᠠᠷᠲᠤ ᠺᠣᠮᠫᠠᠨᠢ᠂ ᠣᠷᠳᠣᠰ ᠤᠨ ᠡᠵᠡᠨ ᠬᠤᠷᠤᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠢᠵᠠᠭᠠᠷᠲᠤ ᠺᠣᠮᠫᠠᠨᠢ ᠵᠡᠷᠭᠡ ᠲᠡᠮᠦᠷ ᠵᠠᠮ ᠠᠷᠠᠳ ᠤᠨ ᠠᠭᠠᠷ ᠤᠨ ᠲᠡᠭᠡᠭᠡᠪᠦᠷᠢ ᠶᠢᠨ ᠠᠵᠤ ᠠᠬᠤᠶᠢᠯᠠᠯ ᠲᠠᠢ ᠬᠠᠷᠢᠯᠴᠠᠵᠤ᠂ ᠬᠤᠷᠤᠭ᠎ᠠ ᠪᠠᠯᠭᠠᠰᠤ ᠶᠢ ᠳᠠᠭᠠᠭᠠᠴᠢᠯᠠᠨ ᠬᠤᠯᠪᠤᠭᠠᠯᠠᠨ᠎ᠠ᠃ᠬᠤᠪᠢ ᠬᠦᠮᠦᠨ ᠤ ᠲᠤᠪᠴᠢ ᠨᠠᠮᠳᠠᠷ           ᠮᠡᠨᠳᠦᠪᠠᠶᠠᠷ᠂ ᠡᠷᠡᠭᠳᠠᠢ᠂ ᠮᠤᠩᠭᠤᠯ ᠦᠨᠳᠦᠰᠦᠳᠡᠨ᠂ 1972 ᠤᠨ ᠤ 9 ᠰᠠᠷ᠎ᠠ ᠳᠤ ᠲᠦᠷᠦᠵᠦ᠂ ᠨᠡᠶᠢᠳᠡ ᠶᠢᠨ ᠬᠠᠮᠢᠶᠠᠷᠤᠯᠳᠠ ᠶᠢᠨ ᠮᠠᠰᠲ᠋ᠧᠷ ᠴᠤᠯᠠ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠂ 1991 ᠤᠨ ᠤ 9 ᠰᠠᠷ᠎ᠠ ᠠᠵᠢᠯ ᠤᠨ ᠪᠠᠶᠢᠷᠢᠨ ᠳᠤ ᠭᠠᠷᠪᠠ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ