ᠯᠢᠦ ᠰᠢᠶᠤᠤ ᠳ᠋ᠦᠩ
ᠨᠡᠶᠢᠲᠡᠯᠡᠭᠰᠡᠨ ᠴᠠᠭ᠄
2024/3/13
刘晓东.jpg
 ᠲᠤᠰᠢᠶᠠᠯ      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠤᠷᠳᠤᠨ ᠤ ᠲᠡᠳ᠋ ᠲᠠᠷᠤᠭ᠎ᠠ ᠠᠵᠢᠯ ᠤᠨ ᠬᠤᠪᠢᠶᠠᠷᠯᠠᠯ      ᠴᠢᠶᠤᠤ ᠰᠢᠶᠤᠤ ᠵᠢᠶᠦ᠋ᠨ ᠨᠦᠬᠦᠷ ᠢ ᠬᠠᠪᠰᠤᠷᠴᠤ᠂ ᠲᠠᠷᠢᠶᠠᠯᠠᠩ ᠮᠠᠯ ᠠᠵᠤ ᠠᠬᠤᠢ᠂ ᠬᠦᠳᠡᠭᠡ ᠲᠤᠰᠬᠤᠨ ᠮᠠᠯᠵᠢᠬᠤ ᠤᠷᠤᠨ᠂ ᠰᠤᠶᠤᠯ ᠵᠢᠭᠤᠯᠴᠢᠯᠠᠯ᠂ ᠦᠨᠳᠦᠰᠦᠳᠡᠨ ᠤ ᠬᠡᠷᠡᠭ ᠡᠷᠬᠢᠯᠡᠬᠦ ᠵᠡᠷᠬᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠤᠷᠳᠤᠰ ᠬᠤᠳᠠ ᠶᠢᠨ ᠰᠤᠶᠤᠯ ᠤᠨ ᠠᠵᠤ ᠦᠢᠯᠡᠰ ᠤᠨ ᠬᠦᠭᠵᠢᠯᠳᠡ ᠶᠢᠨ ᠲᠦᠪ᠂ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠬᠤᠰᠢᠭᠤᠨ ᠤ ᠤᠰᠤᠨ ᠠᠰᠢᠭᠯᠠᠯᠳᠠ ᠶᠢᠨ ᠲᠤᠪᠴᠢᠶ᠎ᠠ᠂ ᠬᠤᠰᠢᠭᠤᠨ ᠤ ᠰᠤᠶᠤᠯ ᠪᠠ ᠵᠢᠭᠤᠯᠴᠢᠯᠠᠯ ᠤᠨ ᠲᠤᠪᠴᠢᠶ᠎ᠠ᠂ ᠬᠤᠰᠢᠭᠤᠨ ᠤ ᠤᠢ ᠰᠢᠭᠤᠢ ᠪᠠ ᠡᠪᠡᠰᠦ ᠪᠡᠯᠴᠢᠬᠡᠷ ᠤᠨ ᠲᠤᠪᠴᠢᠶ᠎ᠠ᠂ ᠬᠤᠰᠢᠭᠤᠨ ᠤ ᠸᠧᠨ ᠪᠥᠸᠧ ᠠᠵᠢᠯ ᠦᠢᠯᠡᠰ ᠤᠨ ᠬᠦᠭᠵᠢᠯᠳᠡ ᠶᠢᠨ ᠲᠦᠪ᠂ ᠬᠤᠰᠢᠭᠤᠨ ᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠲᠦᠯᠦᠪᠵᠢᠬᠦᠯᠦᠨ ᠬᠦᠭᠵᠢᠬᠦᠯᠬᠦ ᠲᠦᠪ᠂ ᠬᠤᠰᠢᠭᠤᠨ ᠤ ᠬᠠᠩᠭᠠᠨ ᠪᠤᠷᠤᠯᠠᠭᠤᠯᠬᠤ ᠬᠤᠯᠪᠤᠭᠠᠳᠤ ᠬᠤᠷᠰᠢᠶ᠎ᠠ᠂ ᠤᠷᠳᠤᠰ ᠬᠤᠳᠠ ᠶᠢᠨ ᠶᠦᠨ ᠳ᠋ᠦᠩ ᠲᠠᠷᠢᠶᠠᠯᠠᠩ ᠤᠢ ᠰᠢᠭᠤᠢ ᠮᠠᠯ ᠤᠨ ᠠᠵᠤ ᠦᠢᠯᠡᠰ ᠤᠨ ᠪᠡᠯᠡ ᠤᠷᠤᠭᠤᠯᠤᠯᠳᠠ ᠶᠢᠨ ᠪᠦᠯᠦᠭᠯᠡᠯ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠡᠵᠡᠨ ᠬᠤᠷᠤᠭ᠎ᠠ ᠬᠤᠰᠢᠭᠤᠨ ᠤ ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠪᠡᠯᠡ ᠤᠷᠤᠭᠤᠯᠤᠯᠳᠠ ᠶᠢᠨ ᠪᠦᠯᠦᠭᠯᠡᠯ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂  ᠤᠷᠳᠤᠰ ᠡᠷᠳᠡᠨᠢ ᠶᠢᠨ ᠲᠤᠪᠴᠢ ᠰᠤᠶᠤᠯ ᠤᠨ ᠠᠵᠤ ᠦᠢᠯᠡᠰ ᠤᠨ ᠬᠦᠭᠵᠢᠯᠳᠡ ᠶᠢᠨ ᠬᠢᠵᠠᠭᠠᠷᠳᠤ ᠺᠤᠮᠫᠠᠨᠢ ᠶᠢ ᠬᠤᠪᠢᠳᠠᠨ ᠬᠠᠮᠢᠶᠠᠷᠤᠨ᠎ᠠ᠃ ᠤᠷᠳᠤᠰ ᠬᠤᠳᠠ ᠶᠢᠨ ᠴᠢᠩᠭᠢᠰ ᠬᠠᠭᠠᠨ ᠤ ᠤᠩᠭᠤᠨ ᠤ ᠵᠢᠭᠤᠯᠴᠢᠯᠠᠯ ᠤᠨ ᠤᠷᠤᠨ ᠤ ᠬᠠᠮᠢᠶᠠᠷᠤᠯᠳᠠ ᠶᠢᠨ ᠵᠦᠪᠯᠡᠯ᠂ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠬᠤᠰᠢᠭᠤᠨ ᠤ ᠴᠠᠭ ᠠᠭᠤᠷ ᠤᠨ ᠲᠤᠪᠴᠢᠶ᠎ᠠ ᠲᠠᠢ ᠬᠠᠷᠢᠯᠴᠠᠵᠤ᠂ ᠤᠯᠠᠭᠠᠨᠮᠦ᠋ᠷᠡᠨ ᠪᠠᠯᠭᠠᠰᠤ ᠶᠢ ᠲᠠᠭᠠᠭᠠᠴᠢᠯᠠᠨ ᠬᠤᠯᠪᠤᠭᠠᠯᠠᠨ᠎ᠠ᠃ ᠬᠤᠪᠢ ᠬᠦᠮᠦᠨ ᠤ ᠲᠤᠪᠴᠢ ᠨᠠᠮᠳᠠᠷ      ᠯᠢᠦ ᠰᠢᠶᠤᠤ ᠳ᠋ᠦᠩ᠂ ᠡᠷᠡᠭᠳᠠᠢ᠂ ᠬᠢᠳᠠᠳ ᠦᠨᠳᠦᠰᠦᠳᠡᠨ᠂ 1981 ᠤᠨ ᠤ 10 ᠰᠠᠷ᠎ᠠ ᠳᠤ ᠲᠦᠷᠦᠵᠦ᠂ ᠠᠰᠫᠢᠷᠠᠨᠲ ᠤᠨ ᠰᠤᠷᠤᠯᠭ᠎ᠠ ᠶᠢᠨ ᠨᠠᠮᠳᠠᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠃ ᠡᠳᠦᠬᠡ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ