ᠥᠪᠥᠷ ᠮᠤᠩᠭᠤᠯ ᠤᠨ ᠢ ᠲᠠᠢ ᠳ᠋ᠠ ᠮᠦᠸᠧ ᠶᠢᠨ ᠠᠳᠤᠭᠤᠨ ᠥᠢᠯᠡᠰ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ
ᠨᠡᠶᠢᠲᠡᠯᠡᠭᠰᠡᠨ ᠴᠠᠭ᠄
2024/3/13
      ᠥᠪᠥᠷ ᠮᠤᠩᠭᠤᠯ ᠤᠨ ᠢ ᠲᠠᠢ ᠳ᠋ᠠ ᠮᠦᠸᠧ ᠶᠢᠨ ᠠᠳᠤᠭᠤᠨ ᠥᠢᠯᠡᠰ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ 2016 ᠤᠨ ᠤ 6 ᠳ᠋ᠤᠭᠠᠷ ᠰᠠᠷ᠎ᠠ ᠶᠢᠨ 30᠎ ᠤ ᠡᠳᠥᠷ ᠲᠠᠩᠰᠠᠯᠠᠨ ᠪᠠᠶᠢᠭᠤᠯᠤᠭᠳᠠᠵᠠᠢ᠃ ᠲᠡᠷᠨ ᠨᠢ ᠤᠷᠳᠤᠰ ᠬᠤᠳᠠ ᠶᠢᠨ ᠡᠵᠡᠨ ᠬᠤᠷᠤᠭ᠎ᠠ ᠬᠤᠰᠢᠭᠤᠨ ᠤ ᠮᠤᠷᠢᠨ ᠤᠷᠤᠯᠳᠤᠭᠠᠨ ᠤ ᠲᠠᠯᠠᠪᠠᠢ ᠎ ᠳᠤ ᠪᠠᠶᠢᠷᠢᠰᠢᠵᠤ᠂ ᠳ᠋ᠥᠡᠭᠰᠢᠭᠤᠷ ᠲᠥᠬᠦᠷᠢᠭ ᠤᠨ ᠬᠥᠷᠥᠩᠭᠡ ᠲᠠᠩᠰᠠᠯᠠᠭᠤᠯᠤᠨ᠂ ᠲᠤᠮᠳᠠᠳᠤ ᠶᠢᠨ500 ᠬᠥᠴᠥᠷᠬᠡᠭ ᠠᠵᠤ ᠠᠬᠤᠶᠢᠯᠠᠯ ᠤᠨ ᠨᠢᠬᠡ ᠪᠤᠯᠬᠤ ᠥᠪᠥᠷ ᠮᠤᠩᠭᠤᠯ ᠤᠨ ᠢ ᠲᠠᠢ ᠪᠥᠯᠥᠭᠯᠡᠯ ᠤᠨ ᠬᠢᠨ ᠪᠤᠯᠤᠨ ᠳ᠋ᠠ ᠮᠦᠸᠧ ᠶᠢᠨ ᠠᠳᠤᠭᠤᠨ ᠥᠢᠯᠡᠰ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠪᠡᠯᠨ ᠨᠡᠶᠢᠯᠡᠬᠦᠯᠥᠨ ᠪᠠᠶᠢᠭᠤᠯᠤᠭᠰᠠᠨ ᠶᠤᠮ᠃ ᠭᠤᠤᠯᠳᠠᠭᠤ ᠮᠤᠷᠢᠨ ᠤᠷᠤᠯᠳᠤᠭᠠᠨ ᠡᠷᠬᠢᠯᠡᠬᠦ᠂ ᠮᠤᠷᠢᠨ ᠤᠷᠤᠯᠳᠤᠭᠠᠨ ᠤ ᠲᠠᠯᠠᠪᠠᠢ ᠶᠢᠨ ᠥᠢᠯᠡᠴᠢᠯᠡᠭᠡ ᠬᠢᠬᠦ᠂ ᠰᠢᠯᠢᠳᠡᠭ ᠡᠬᠦᠯᠳᠡᠷ  ᠤᠨ ᠮᠤᠷᠢ ᠠᠷᠠᠴᠢᠯᠠᠬᠤ᠂ ᠪᠤᠷᠤᠯᠠᠭᠤᠯᠬᠤ᠂ ᠮᠤᠷᠢᠨ ᠲᠠᠯᠠᠪᠠᠢ ᠶᠢᠨ ᠲᠤᠰᠬᠠᠢ ᠲᠥᠬᠦᠬᠡᠷᠥᠮᠵᠢ᠂ ᠡᠪᠡᠰᠥ ᠪᠤᠷᠳᠤᠭ᠎ᠠ ᠪᠤᠷᠤᠯᠠᠭᠤᠯᠬᠤ᠂ ᠨᠡᠶᠢᠭᠡᠮᠯᠢᠭ ᠤᠨ ᠬᠡᠰᠢᠬᠦᠨ  ᠤ ᠥᠢᠯᠡᠰ ᠡᠷᠬᠢᠯᠡᠬᠦ᠂ ᠺᠡᠯᠥ᠋ᠪ ᠡᠵᠡᠩᠨᠡᠬᠦ᠂ ᠮᠤᠷᠢ ᠤᠨᠤᠬᠤ ᠥᠢᠯᠡᠴᠢᠯᠡᠭᠡ ᠬᠠᠨᠭ᠍ᠭᠠᠬᠤ᠂ ᠤᠷᠤᠯᠳᠤᠭᠠᠨ ᠤ ᠬᠠᠮᠢᠶᠠᠷᠤᠯᠳᠠ ᠬᠢᠬᠦ ᠵᠡᠷᠬᠡ ᠶᠢᠨ ᠠᠵᠢᠯ ᠥᠢᠯᠡᠰ ᠡᠷᠬᠢᠯᠡᠵᠤ ᠪᠠᠶᠢᠨ᠎ᠠ᠃      2016 ᠤᠨ ᠤ7 ᠳ᠋ᠤᠭᠠᠷ ᠰᠠᠷ᠎ᠠ ᠠᠴᠠ ᠡᠵᠡᠨ ᠬᠤᠷᠤᠭ᠎ᠠ ᠬᠤᠰᠢᠭᠤᠨ ᠤ ᠠᠷᠠᠳ  ᠤᠨ ᠵᠠᠰᠠᠭ ᠤᠨ ᠤᠷᠳᠤᠨ ᠲᠠᠢ ︽ᠮᠤᠷᠢ ᠲᠡᠵᠢᠬᠡᠨ ᠥᠷᠡᠵᠢᠬᠦᠯᠬᠦ ᠲᠠᠯᠠᠪᠠᠢ  ᠶᠢᠨ ᠬᠠᠮᠵᠢᠯᠴᠠᠭᠠᠨ ᠤ ᠨᠡᠬᠡᠬᠡᠯᠳᠡ  ᠶᠢᠨ ᠬᠡᠷ᠎ᠡ︾ ᠲᠤᠭᠳᠠᠵᠤ᠂ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ ᠲᠥᠷᠥᠯ ᠵᠤᠶᠢᠯ ᠤᠨ ᠠᠵᠢᠯᠯᠠᠭᠠᠨ ᠤ ᠲᠠᠯᠠᠪᠠᠢ ︵ᠡᠵᠡᠨ ᠬᠤᠷᠤᠭ᠎ᠠ ᠬᠤᠰᠢᠭᠤᠨ ᠤ ᠮᠤᠷᠢᠨ ᠤᠷᠤᠯᠳᠤᠭᠠᠨ ᠤ ᠲᠠᠯᠠᠪᠠᠢ︶᠎ ᠶᠢ ᠺᠤᠮᠫᠠᠨᠢ ᠳᠤ ᠥᠭᠴᠤ᠂ ᠺᠤᠮᠫᠠᠨᠢ ᠶᠢᠨ ᠬᠢᠨ ᠮᠤᠷᠢ ᠲᠡᠵᠢᠬᠡᠨ ᠥᠷᠡᠵᠢᠬᠦᠯᠬᠦ ᠲᠥᠷᠥᠯ ᠵᠤᠶᠢᠯ ᠤᠨ ᠲᠥᠰᠥᠯ ᠭᠠᠷᠭᠠᠨ᠂ ᠡᠵᠡᠨ ᠬᠤᠷᠤᠭ᠎ᠠ ᠬᠤᠰᠢᠭᠤᠨ ᠤ ᠮᠤᠷᠢᠨ ᠤᠷᠤᠯᠳᠤᠭᠠᠨ ᠤ ᠲᠠᠯᠠᠪᠠᠢ  ᠶᠢ ᠥᠬᠡᠷᠡᠴᠢᠯᠡᠨ ᠪᠠᠶᠢᠭᠤᠯᠵᠠᠢ᠃      ᠮᠤᠷᠢ ᠲᠡᠵᠢᠬᠡᠨ ᠥᠷᠡᠵᠢᠬᠦᠯᠬᠦ ᠲᠥᠷᠥᠯ ᠵᠤᠶᠢᠯ ᠤᠨ ᠭᠠᠵᠠᠷ ᠨᠢ ᠬᠥᠬᠡᠬᠤᠳᠠ ᠪᠤᠭᠤᠳᠤ ᠤᠷᠳᠤᠰ ᠤᠨ ︽ᠠᠯᠳᠠᠨ ᠭᠤᠷᠪᠠᠯᠵᠢᠨ︾ ᠭᠠᠵᠠᠷ ᠲᠤ ᠪᠠᠶᠢᠷᠢᠰᠢᠵᠤ ᠪᠠᠶᠢᠭ᠎ᠠ ᠲᠤᠯᠨ᠂ ᠲᠤᠬᠠᠢ ᠶᠢᠨ ᠭᠠᠵᠠᠷ ᠤᠨ ᠠᠳᠤᠭᠤᠨ ᠰᠤᠶᠤᠯ ᠤᠨ ᠬᠥᠭᠵᠢᠯᠳᠡ ᠶᠢ ᠠᠬᠢᠭᠤᠯᠬᠤ  ᠶᠢᠨ ᠲᠥᠯᠥᠬᠡ᠂ ᠺᠤᠮᠫᠠᠨᠢ ᠨᠢ ᠡᠵᠡᠨ ᠬᠤᠷᠤᠭ᠎ᠠ ᠬᠤᠰᠢᠭᠤᠨ  ᠤ ᠬᠡᠪᠴᠢᠶᠡᠨ ᠳᠤ ᠲᠡᠭᠡᠳᠥ ᠵᠡᠷᠬᠡ ᠲᠡᠰ ᠤᠨ ᠠᠳᠤᠭᠤᠨ ᠥᠢᠯᠡᠰ ᠬᠥᠭᠵᠢᠬᠦᠯᠬᠦ ᠪᠠᠷ ᠲᠥᠯᠥᠪᠯᠡᠵᠤ ᠪᠠᠶᠢᠨ᠎ᠠ᠃ ᠪᠡᠶ᠎ᠡ ᠲᠠᠮᠢᠷ ᠤᠨ ᠤᠷᠤᠯᠳᠤᠭᠠᠨ ᠤ ᠠᠳᠤᠭᠤᠨ ᠥᠢᠯᠡᠰ᠂ ᠵᠢᠭᠤᠯᠴᠢᠯᠠᠯ ᠤᠨ ᠠᠳᠤᠭᠤᠨ ᠥᠢᠯᠡᠰ᠂ ᠲᠠᠸᠠᠷ ᠤᠨ ᠠᠳᠤᠭᠤᠨ ᠥᠢᠯᠡᠰ ᠵᠡᠷᠬᠡ ᠶᠢ ᠬᠥᠭᠵᠢᠬᠦᠯᠬᠦ ᠪᠠᠷ ᠲᠠᠮᠵᠢᠨ᠂ ︽ᠲᠤᠮᠳᠠᠳᠤ ᠤᠯᠤᠰ ᠎ ᠤᠨ ᠲᠡᠷᠢᠬᠦᠨ ᠤ ᠮᠤᠷᠢ ᠥᠷᠡᠵᠢᠬᠦᠯᠥᠨ ᠰᠤᠯᠢᠯᠴᠠᠬᠤ ᠲᠥᠪ︾᠎ ᠢ ᠪᠠᠶᠢᠭᠤᠯᠵᠤ᠂ ︽ᠤᠮᠠᠷᠠᠳᠤ ᠶᠢᠨ ᠲᠡᠷᠢᠬᠦᠨ ᠤ ᠠᠳᠤᠭᠤᠨ ᠰᠤᠶᠤᠯ ᠤᠨ ᠵᠢᠭᠤᠯᠴᠢᠯᠠᠯ ᠤᠨ ᠥᠪᠡᠳᠡᠭᠰᠢ ᠨᠠᠶᠢᠷ︾᠂ ︽ᠲᠤᠮᠳᠠᠳᠤ ᠤᠯᠤᠰ ᠤᠨ ᠠᠩᠬᠠᠨ ᠤ ᠡᠪᠥᠯ ᠤᠨ ᠤᠯᠠᠷᠢᠯ ᠤᠨ ᠴᠠᠰᠤᠳᠤ ᠲᠠᠯᠠᠪᠠᠢ ᠶᠢᠨ ᠮᠤᠷᠢᠨ ᠤᠷᠤᠯᠳᠤᠭᠠᠨ︾ ᠵᠡᠷᠬᠡ ᠶᠢ ᠡᠷᠬᠢᠯᠡᠬᠦ ᠲᠥᠰᠥᠯ ᠢᠶᠠᠷ᠂ ᠠᠳᠤᠭᠤᠨ ᠤ ᠠᠵᠤ ᠥᠢᠯᠡᠰ᠂ ᠲᠠᠯ᠎ᠠ ᠨᠤᠳᠤᠭ ᠤᠨ ᠰᠤᠶᠤᠯ᠂ ᠵᠢᠭᠤᠯᠴᠢᠯᠠᠯ ᠢ ᠬᠥᠨᠵᠡᠬᠡᠢ ᠠᠭᠤᠰᠤᠯᠴᠠᠭᠤᠯᠤᠨ᠂ ᠥᠪᠥᠷ ᠮᠤᠩᠭᠤᠯ ᠴᠢᠨᠠᠭᠰᠢᠯᠠᠭᠠᠳ ᠪᠥᠬᠦ ᠤᠯᠤᠰ ᠤᠨ ᠬᠡᠪᠴᠢᠶᠡᠨ ᠳᠤ ᠤᠯᠠᠮᠵᠢᠯᠠᠯᠳᠤ ᠪᠠ ᠤᠳᠤᠬᠢᠴᠢᠯᠠᠯᠳᠠ ᠶᠢ ᠤᠶᠠᠯᠳᠤᠭᠤᠯᠤᠭᠰᠠᠨ ᠠᠳᠤᠭᠤᠨ ᠥᠢᠯᠡᠰ ᠤᠨ ᠬᠥᠭᠵᠢᠯᠳᠡ ᠶᠢᠨ ᠭᠤᠤᠯ ᠤᠷᠤᠨ ᠢ ᠪᠠᠶᠢᠭᠤᠯᠵᠤ᠂ ᠲᠡᠯᠡᠬᠡᠢ ᠶᠢᠨ ᠬᠥᠭᠵᠢᠭᠰᠡᠨ ᠤᠯᠤᠰ  ᠤᠨ ᠰᠤᠨᠢᠷᠬᠠᠯ ᠢ ᠲᠠᠳᠠᠵᠤ᠂ ᠠᠳᠡ ︽ᠠᠳᠤᠭᠤᠨ ᠥᠢᠯᠡᠰ ᠤᠨ ᠡᠯᠴᠢᠨ ᠰᠠᠶᠢᠳ ᠤᠨ ᠭᠠᠵᠠᠷ︾ ᠭᠠᠷᠭᠠᠵᠤ᠂ ᠲᠤᠮᠳᠠᠳᠤ ᠤᠯᠤᠰ ᠤᠨ ᠠᠳᠤᠭᠤᠨ ᠤ ᠠᠵᠤ ᠥᠢᠯᠡᠰ ᠢ ︽ᠲᠤᠮᠳᠠᠳᠤ ᠤᠯᠤᠰ ᠠᠴᠠ ᠭᠠᠷᠴᠤ ᠲᠡᠯᠡᠬᠡᠢ ᠲᠡᠰᠢ ᠬᠥᠭᠵᠢᠬᠦ︾᠎ ᠶᠢ ᠪᠡᠶᠡᠯᠡᠬᠦᠯᠬᠦ ᠎ ᠪᠠᠷ ᠪᠠᠶᠢᠨ᠎ᠠ᠃      2016 ᠤᠨ ᠤ 8 ᠳ᠋ᠤᠭᠠᠷ ᠰᠠᠷ᠎ᠠ ᠳᠤ᠂ 2016 ᠤᠨ ᠤ ᠥᠪᠥᠷ ᠮᠤᠩᠭᠤᠯ ᠤᠨ ᠤᠷᠳᠤᠰ ᠤᠨ ᠤᠯᠠᠨ ᠤᠯᠤᠰ ᠤᠨ ᠮᠤᠷᠢᠨ ᠰᠤᠷᠭᠠᠭᠤᠯᠢᠯᠢᠯ ᠤᠨ ᠰᠤᠶᠤᠯ ᠤᠨ ᠨᠠᠶᠢᠷ ᠢ ᠡᠷᠬᠢᠯᠡᠨ ᠬᠢᠪᠡ᠃ ᠡᠬᠦᠨ ᠳᠤ ᠭᠤᠤᠯ ᠠᠵᠢᠯᠯᠠᠭ᠎ᠠ ᠪᠤᠯᠤᠭᠰᠠᠨ ᠤᠷᠳᠤᠰ ᠤᠨ ᠭᠤᠤᠯ ᠰᠡᠳᠥᠪᠳᠥ ᠥᠳᠡᠰᠢᠯᠡᠭᠡ ᠪᠤᠯᠤᠨ ᠤᠷᠤᠯᠳᠤᠭᠠᠨ ᠨᠢ ᠲᠤᠰ ᠲᠤᠰ ᠤᠨ ᠤᠨᠴᠠᠯᠢᠭ ᠢᠶᠠᠨ ᠪᠠᠳᠠᠷᠠᠭᠤᠯᠵᠤ᠂ ᠬᠠᠮᠵᠢᠯᠴᠠᠭᠠᠨ ᠤ ᠨᠡᠷ᠎ᠡ ᠲᠡᠮᠳᠡᠭ ᠢ ᠲᠠᠳᠠᠨ᠂ ᠬᠡᠶᠢᠴᠢᠳ ᠵᠤᠴᠢᠳ ᠥᠵᠡᠭᠴᠢᠳ ᠲᠥᠮᠡᠨ ᠤ ᠰᠠᠶᠢᠨ ᠥᠨᠡᠯᠡᠯᠳᠡ ᠶᠢ ᠤᠯᠤᠭᠰᠠᠨ ᠪᠢᠯᠨ᠃ 100 ᠭᠠᠷᠤᠢ ᠲᠥᠮᠡᠨ ᠬᠥᠮᠥᠨ ᠡᠯ᠎ᠡ ᠵᠠᠭᠤᠴᠢᠯᠠᠭᠤᠷ ᠢᠶᠠᠷ ᠲᠠᠮᠵᠢᠨ ᠡᠨ᠋ᠨ ᠤᠳᠠᠭᠠᠨ ᠤ ᠠᠵᠢᠯᠯᠠᠭ᠎ᠠ ᠳᠤ ᠤᠷᠤᠯᠴᠠᠵᠤ᠂ 350 ᠡᠷᠬᠢᠮ ᠵᠤᠴᠢᠳ ᠡᠨ᠋ᠨ ᠤᠳᠠᠭᠠᠨ ᠤ ᠠᠵᠢᠯᠯᠠᠭ᠎ᠠ ᠳᠤ ᠪᠡᠶᠡᠴᠢᠯᠡᠨ ᠤᠷᠤᠯᠴᠠᠪᠠ᠃ 26 ᠤᠯᠤᠰ ᠤᠨ 100 ᠲᠥᠮᠨ ᠰᠢᠬᠠᠮ ᠥᠵᠡᠭᠴᠢᠳ ᠤᠷᠤᠯᠳᠤᠭᠠᠨ ᠤ ᠠᠬᠤᠢ ᠨᠡᠪᠳᠡᠷᠡᠬᠦᠯᠬᠡ ᠶᠢ ᠰᠤᠨᠢᠷᠬᠠᠨ ᠥᠵᠡᠵᠤ᠂ ᠲᠤᠤᠷ ᠰᠥᠯᠵᠢᠶᠡᠨ ᠲᠡᠭᠡᠷ᠎ᠡ ᠤᠷᠤᠯᠳᠤᠭᠠᠨ ᠤ ᠲᠤᠬᠠᠢ ᠮᠡᠳᠡᠭᠡ 7 ᠲᠥᠮᠡᠨ ᠵᠤᠷᠪᠤᠰ ᠢ ᠲᠠᠪᠠᠪᠠ᠃ 50 ᠭᠠᠷᠤᠢ ᠤᠯᠤᠰ ᠤᠨ ᠬᠡᠪᠯᠡᠯ ᠵᠠᠭᠤᠴᠢᠯᠠᠭᠤᠷ ᠰᠤᠨᠢᠨ ᠮᠡᠳᠡᠬᠡᠨ ᠤ ᠬᠢᠨ ᠡᠨ᠋ᠨ ᠤᠳᠠᠭᠠᠨ ᠤ ᠠᠵᠢᠯᠯᠠᠭ᠎ᠠ ᠶᠢ ᠮᠡᠳᠡᠬᠡᠯᠡᠵᠤ᠂ ᠤᠷᠳᠤᠰ ᠤᠨ ᠬᠡᠷᠡᠯ ᠬᠢᠯᠪᠠᠭ᠎ᠠ ᠶᠢ ᠲᠡᠯᠡᠬᠡᠢ ᠲᠠᠬᠢᠨ ᠎ ᠳᠤ ᠬᠠᠷᠠᠭᠤᠯᠤᠭᠰᠠᠨ ᠪᠠᠶᠢᠨ᠎ᠠ᠃      ᠠᠳᠤᠭᠤᠨ ᠥᠢᠯᠡᠰ ᠤᠨ ᠬᠥᠭᠵᠢᠯᠳᠡ ᠶᠢ ᠠᠬᠢᠭᠤᠯᠵᠤ᠂ ᠤᠷᠳᠤᠰ ᠤᠨ ᠠᠳᠤᠭᠤᠨ ᠥᠢᠯᠡᠰ᠂ ᠤᠷᠤᠯᠳᠤᠭᠠᠨ ᠤ ᠮᠤᠷᠢᠨ ᠤ ᠲᠥᠷᠥᠯ ᠵᠤᠶᠢᠯ ᠢ ᠲᠡᠯᠡᠬᠡᠶᠢᠴᠢᠯᠡᠬᠦ ᠶᠢ ᠪᠡᠶᠡᠯᠡᠬᠦᠯᠥᠨ᠂ ᠲᠤᠬᠠᠢ ᠶᠢᠨ ᠭᠠᠵᠠᠷ ᠤᠨ ᠪᠠ ᠥᠪᠡᠷᠳᠡᠬᠡᠨ ᠵᠠᠰᠠᠬᠤ ᠤᠷᠤᠨ ᠤ ᠵᠢᠭᠤᠯᠴᠢᠯᠠᠯ  ᠤᠨ ᠥᠢᠯᠡᠰ ᠤᠨ ᠬᠥᠭᠵᠢᠯᠳᠡ ᠪᠤᠵᠠᠭᠠᠶᠢᠷᠠᠯ ᠢ ᠠᠬᠢᠭᠤᠯᠤᠨ ᠲᠠᠶᠢᠴᠢᠯᠠᠬᠤ ᠶᠢᠨ ᠲᠥᠯᠥᠬᠡ ᠺᠤᠮᠫᠠᠨᠢ ᠨᠢ 2017 ᠤᠨ  ᠤ 1 ᠰᠠᠷ᠎ᠠ ᠠᠴᠠ ᠡᠬᠢᠯᠡᠨ ᠮᠤᠷᠢᠨ ᠤ ᠲᠥᠷᠥᠯ ᠤᠨ ᠠᠮᠢᠳᠠᠨ ᠤ ᠬᠢᠵᠢᠭ  ᠥᠯᠥ ᠡᠬᠦᠰᠬᠦ ᠤᠷᠤᠨ ᠢ ᠪᠠᠶᠢᠭᠤᠯᠬᠤ ᠪᠠᠷ ᠭᠤᠶᠤᠪᠴᠢᠯᠠᠯ ᠲᠡᠪᠰᠢᠬᠦᠯᠵᠡᠢ᠃      2017 ᠤᠨ ᠳᠤ᠂ ᠤᠷᠳᠤᠰ ᠬᠤᠳᠠ ᠶᠢᠨ ᠡᠯ᠎ᠡ ᠱᠠᠳᠤᠨ ᠤ ᠵᠠᠰᠠᠭ ᠤᠨ ᠤᠷᠳᠤᠨ ᠪᠠ ᠬᠠᠮᠢᠶ᠎ᠠ ᠪᠥᠬᠦᠢ ᠪᠠᠶᠢᠭᠤᠯᠭ᠎ᠠ ᠨᠢᠬᠡᠴᠡ ᠶᠢᠨ ᠤᠳᠤᠷᠢᠳᠤᠯᠭ᠎ᠠ ᠵᠢᠯᠤᠭᠤᠳᠤᠯᠭ᠎ᠠ ᠪᠠᠷ᠂ 2016 ᠤᠨ  ᠤ CECF ᠤᠯᠠᠨ ᠤᠯᠤᠰ ᠤᠨ ᠮᠤᠷᠢᠨ ᠰᠤᠷᠭᠠᠭᠤᠯᠢᠯᠢᠯ  ᠤᠨ ᠰᠤᠶᠤᠯ ᠤᠨ ᠨᠠᠶᠢᠷ ᠢᠶᠠᠨ ᠵᠠᠯᠭᠠᠵᠤ᠂ ᠰᠢᠷᠢᠰ ᠭᠤᠤᠯ ᠰᠡᠳᠥᠪᠳᠥ ᠤᠷᠤᠯᠳᠤᠭᠠᠨ ᠢ ᠠᠮᠵᠢᠯᠳᠠ ᠲᠠᠢ ᠡᠷᠬᠢᠯᠡᠪᠡ᠃ ᠡᠬᠦᠨ ᠳᠤ 6 ᠰᠠᠷ᠎ᠠ ᠶᠢᠨ 24᠎ ᠳᠤ ︽ᠤᠷᠳᠤᠰ ᠠᠯᠳᠠᠨ ᠬᠤᠨᠳᠠᠭᠠᠳᠤ︾ ᠤᠷᠤᠯᠳᠤᠭᠠᠨ᠂ 7 ᠰᠠᠷ᠎ᠠ ᠎ ᠶᠢᠨ 22 ᠎ ᠤᠨ ᠡᠳᠥᠷ ︽ᠵᠢᠭᠤᠯᠴᠢᠯᠠᠯ ᠤᠨ ᠰᠤᠶᠤᠯ ᠤᠨ ᠬᠤᠨᠳᠠᠭᠠᠳᠤ︾ ᠤᠷᠤᠯᠳᠤᠭᠠᠨ᠂ 9 ᠰᠠᠷ᠎ᠠ ᠶᠢᠨ 16᠎ ᠤ ᠡᠳᠥᠷ ︽ᠪᠤᠬᠢᠷᠳᠤᠯ ᠥᠬᠡᠢ ᠡᠨᠧᠷᠬᠢ ᠶᠢᠨ ᠬᠤᠨᠳᠠᠭᠠᠳᠤ︾ ᠤᠷᠤᠯᠳᠤᠭᠠᠨ ᠬᠡᠬᠦ ︽ᠭᠤᠷᠪᠠᠨ ᠬᠤᠨᠳᠠᠭᠠᠳᠤ ᠤᠷᠤᠯᠳᠤᠭᠠᠨ ᠨᠢᠬᠡ ᠨᠠᠶᠢᠷ︾᠎ ᠤᠨ ᠨᠡᠷ᠎ᠡ ᠲᠡᠮᠳᠡᠭᠳᠥ ᠤᠷᠤᠯᠳᠤᠭᠠᠨ ᠢ ᠡᠷᠬᠢᠯᠡᠨ ᠬᠢᠵᠤ᠂ ᠲᠠᠯ᠎ᠠ ᠨᠤᠳᠤᠭ ᠤᠨ ᠬᠡᠷᠡᠯᠳᠥ ᠰᠤᠪᠤᠳ ᠪᠤᠯᠬᠤ ᠤᠷᠳᠤᠰ ᠤᠨ ᠬᠡᠯᠪᠡᠷᠢ ᠶᠢᠨ ᠬᠤᠪᠢᠷᠠᠭᠤᠯᠤᠯᠳᠠ ᠶᠢᠨ ᠤᠶᠢᠯᠠᠭᠠᠭᠳᠠᠬᠤᠨ ᠢ ᠲᠡᠭᠦᠯᠳᠡᠷ ᠢᠯᠡᠷᠡᠬᠦᠯᠵᠡᠢ᠃ ᠥᠪᠥᠷ ᠮᠤᠩᠭᠤᠯ ᠤᠨ ᠥᠪᠡᠷᠳᠡᠬᠡᠨ ᠵᠠᠰᠠᠬᠤ ᠤᠷᠤᠨ  ᠤ 70 ᠵᠢᠯ ᠤᠨ ᠤᠢ  ᠶᠢᠨ ᠪᠡᠯᠡᠭ ᠪᠤᠯᠬᠤ ᠲᠥᠷᠥᠯ ᠵᠤᠶᠢᠯ ᠤᠨ ᠬᠤᠪᠢ ᠳᠤ᠂ 2017 ᠤᠨ ᠤ ᠤᠯᠠᠨ ᠤᠯᠤᠰ ᠎ ᠤᠨ ᠮᠤᠷᠢᠨ ᠰᠤᠷᠭᠠᠭᠤᠯᠢᠯᠢᠯ ᠤᠨ ᠰᠤᠶᠤᠯ ᠤᠨ ᠨᠠᠶᠢᠷ ᠨᠢ 2017 ᠤᠨ  ᠤ 8 ᠰᠠᠷ᠎ᠠ  ᠶᠢᠨ 20 ᠎ ᠤ ᠡᠳᠥᠷ ᠤᠷᠳᠤᠰ ᠲᠤ ᠶᠠᠪᠤᠭᠳᠠᠪᠠ᠃ ᠰᠤᠶᠤᠯ  ᠤᠨ ᠨᠠᠶᠢᠷ ᠠᠮᠵᠢᠯᠳᠠ ᠲᠠᠢ ᠶᠠᠪᠤᠭᠳᠠᠵᠤ᠂ ᠤᠯᠠᠨ ᠤᠯᠤᠰ ᠤᠨ ᠪᠠᠷᠢᠮᠵᠢᠶ᠎ᠠ ᠪᠥᠬᠦᠢ ᠴᠡᠪᠡᠷ ᠡᠬᠦᠯᠳᠡᠷ ᠤᠨ ᠬᠤᠷᠳᠤᠨ ᠮᠤᠷᠢᠨ ᠤ ᠤᠷᠤᠯᠳᠤᠭᠠᠨ ᠤ ᠡᠬᠢ ᠪᠠᠶᠠᠯᠢᠭ ᠪᠠ ᠴᠡᠪᠡᠷ ᠡᠬᠦᠯᠳᠡᠷ ᠤᠨ ᠠᠳᠤᠭᠤᠨ ᠥᠢᠯᠡᠰ ᠤᠨ ᠡᠬᠢ ᠪᠠᠶᠠᠯᠢᠭ ᠢ ᠲᠤᠮᠳᠠᠳᠤ ᠤᠯᠤᠰ ᠲᠤ ᠤᠷᠢᠨ ᠤᠷᠤᠭᠤᠯᠵᠤ᠂ ᠥᠪᠥᠷ ᠮᠤᠩᠭᠤᠯ ᠤᠨ ᠠᠳᠤᠭᠤᠨ ᠥᠢᠯᠡᠰ ᠤᠨ ᠬᠥᠭᠵᠢᠯᠳᠡ ᠶᠢ ᠠᠬᠢᠭᠤᠯᠤᠭᠰᠠᠨ ᠤ ᠬᠠᠮᠳᠤ ᠲᠤᠬᠠᠢ ᠶᠢᠨ ᠭᠠᠵᠠᠷ ᠤᠨ ᠬᠤᠳᠠ ᠶᠢᠨ ᠪᠡᠶ᠎ᠡ ᠲᠠᠮᠢᠷ ᠵᠢᠭᠤᠯᠴᠢᠯᠠᠯ ᠤᠨ ᠨᠢᠬᠡ ᠴᠤᠭᠴᠠᠵᠢᠭᠤᠯᠤᠭᠰᠠᠨ ᠬᠥᠭᠵᠢᠯᠳᠡ ᠶᠢ ᠠᠬᠢᠭᠤᠯᠤᠨ᠂ ᠥᠪᠥᠷ ᠮᠤᠩᠭᠤᠯ ᠤᠨ ᠤᠨᠴᠠᠯᠢᠭᠳᠤ ᠰᠤᠶᠤᠯ ᠢ ᠲᠡᠯᠡᠬᠡᠶᠢᠵᠢᠬᠦᠯᠵᠤ᠂ ᠲᠡᠯᠡᠬᠡᠢ ᠳ᠋ᠠᠬᠢᠨ ᠳᠤ ᠲᠤᠮᠳᠠᠳᠤ ᠤᠯᠤᠰ ᠪᠠ ᠥᠪᠥᠷ ᠮᠤᠩᠭᠤᠯ ᠢᠶᠠᠨ ᠨᠡᠩ ᠰᠠᠶᠢᠨ ᠢᠶᠠᠷ ᠲᠠᠨᠢᠭᠤᠯᠤᠭᠰᠠᠨ ᠪᠢᠯᠨ᠃
2.jpg
4.jpg
6.jpg
7.jpg
5.jpg
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ