ᠣᠷᠳᠣᠰ ᠬᠤᠲᠠ ᠶᠢᠨ 12345 ᠬᠠᠯᠠᠭᠤᠨ ᠤᠲᠠᠰᠤᠨ ᠤ ᠲᠡᠷᠭᠡ ᠨᠡᠬᠦᠯᠬᠡᠬᠦ ᠦᠢᠯᠡᠴᠢᠯᠡᠭᠡ ᠶᠢ ᠵᠢᠩᠬᠢᠨᠢ ᠪᠠᠷ ᠰᠦᠯᠵᠢᠶᠡᠨ ᠳᠤ ᠣᠷᠣᠭᠤᠯᠪᠠ
ᠨᠡᠶᠢᠲᠡᠯᠡᠭᠰᠡᠨ ᠴᠠᠭ᠄
2024/3/14
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠤᠭ᠎ᠠ ᠪᠠᠷᠢᠮᠲᠠ ᠶᠢᠨ ᠲᠣᠪᠴᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ 12345 ᠬᠠᠯᠠᠭᠤᠨ ᠤᠲᠠᠰᠤ ᠶᠢ ᠰᠢᠰᠲ᠋ᠧᠮ ᠲᠠᠢ ᠨᠡᠭᠡᠭᠡᠨ ᠬᠥᠭᠵᠢᠭᠦᠯᠬᠦ᠂ ᠴᠢᠳᠠᠮᠵᠢ ᠶᠢ ᠨᠢ ᠲᠣᠬᠢᠷᠠᠭᠤᠯᠬᠤ᠂ ᠳᠠᠬᠢᠨ ᠳᠠᠪᠲᠠᠨ ᠰᠢᠯᠭᠠᠨ ᠬᠡᠮᠵᠢᠬᠦ ᠪᠠᠷ ᠳᠡᠮᠵᠢᠨ᠂ ᠲᠡᠷᠭᠡ ᠨᠡᠭᠦᠯᠭᠡᠬᠦ ᠦᠢᠯᠡᠴᠢᠯᠡᠭᠡ ᠨᠢ ᠨᠢᠭᠡᠨᠲᠡ ᠠᠵᠢᠯᠯᠠᠬᠤ ᠨᠥᠬᠦᠴᠡᠯ ᠢ ᠦᠨᠳᠦᠰᠦᠨ ᠳᠡᠭᠡᠨ ᠪᠦᠷᠢᠯᠳᠦᠭᠦᠯᠦᠭᠰᠡᠨ ᠪᠠᠶᠢᠨ᠎ᠠ᠃ 3 ᠰᠠᠷ᠎ᠠ ᠶᠢᠨ 13᠎ ᠤ ᠡᠳᠦᠷ ᠠᠴᠠ ᠡᠬᠢᠯᠡᠨ᠂ ᠳᠤᠯᠠᠭᠠᠨ ᠬᠤᠲᠠ ᠣᠷᠳᠣᠰ ᠤᠨ 12345 ᠬᠠᠯᠠᠭᠤᠨ ᠤᠲᠠᠰᠤᠨ ᠤ ᠲᠡᠷᠭᠡ ᠨᠡᠬᠦᠯᠬᠡᠬᠦ ᠦᠢᠯᠡᠴᠢᠯᠡᠭᠡ ᠵᠢᠩᠬᠢᠨᠢ ᠪᠠᠷ ᠠᠰᠢᠭᠯᠠᠯᠲᠠ ᠳᠤ ᠣᠷᠣᠪᠠ᠃     ᠣᠳᠣᠬᠠᠨ ᠳᠤ᠂ 12345 ᠬᠠᠯᠠᠭᠤᠨ ᠤᠲᠠᠰᠤ ᠨᠢ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠫᠠᠶᠢᠰᠠ ᠦᠨᠡᠮᠯᠡᠯ ᠲᠠᠢ ᠲᠡᠷᠭᠡᠨ ᠤ ᠲᠡᠷᠭᠡ ᠨᠡᠬᠦᠯᠬᠡᠬᠦ ᠦᠢᠯᠡᠴᠢᠯᠡᠭᠡ ᠶᠢ ᠳᠡᠮᠵᠢᠵᠦ᠂ ᠬᠤᠲᠠ ᠶᠢᠨ ᠠᠷᠠᠳ ︽12345︾᠎ ᠶᠢᠨ ︽0︾ ᠨᠣᠮᠧᠷ ᠤᠨ ᠳᠠᠷᠤᠪᠴᠢ ᠶᠢ ᠳᠠᠷᠤᠵᠤ ᠲᠡᠷᠭᠡ ᠨᠡᠬᠦᠯᠬᠡᠬᠦ ᠦᠢᠯᠡᠴᠢᠯᠡᠭᠡ ᠶᠢ ᠭᠤᠶᠤᠴᠢᠯᠠᠵᠤ᠂ ᠤᠲᠠᠰᠤ  ᠲᠤᠰᠤᠭᠴᠢ ᠬᠤᠲᠠ ᠶᠢᠨ ᠠᠷᠠᠳ ᠤᠨ ᠬᠠᠩᠭᠠᠭᠰᠠᠨ ᠲᠡᠷᠭᠡᠨ ᠫᠠᠶᠢᠰᠠ ᠶᠢᠨ ᠨᠣᠮᠧᠷ ᠢ ᠦᠨᠳᠦᠰᠦᠯᠡᠨ᠂ ᠲᠡᠷᠭᠡᠨ ᠤ ᠡᠵᠡᠨ ᠤ ᠬᠠᠮᠢᠶ᠎ᠠ ᠪᠦᠬᠦᠢ ᠮᠡᠳᠡᠭᠡ ᠵᠠᠩᠭᠢ ᠶᠢ ᠳᠠᠷᠤᠢ ᠲᠦᠷᠭᠡᠨ ᠪᠠᠶᠢᠴᠠᠭᠠᠨ ᠯᠠᠪᠯᠠᠵᠤ᠂ ᠤᠳᠠᠰᠤᠨ ᠤ ᠴᠢᠮᠡᠭᠡ ᠨᠡᠪᠳᠡᠷᠡᠯᠬᠡ ᠶᠢᠨ ᠦᠢᠯᠡᠰ ᠢᠶᠠᠷ ᠳᠠᠮᠵᠢᠨ ᠲᠡᠷᠭᠡᠨ ᠤ ᠡᠵᠡᠨ ᠳᠤ ᠤᠳᠠᠰᠤᠳᠠᠬᠤ ᠶᠢᠨ ᠬᠠᠮᠲᠤ ᠲᠡᠷᠭᠡ ᠨᠡᠬᠦᠯᠬᠡᠬᠦ  ᠣᠬᠤᠷ ᠮᠡᠳᠡᠭᠡ ᠶᠠᠪᠤᠭᠤᠯᠣᠨ᠎ᠠ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ