ᠦ᠋ ᠶᠦᠨ ᠪᠦᠯᠬᠦᠮ ᠳᠠᠭᠠᠭᠤᠯᠤᠨ ᠾᠧᠨᠠᠨ ᠬᠤᠨᠠᠨ ᠵᠢᠶᠠᠩᠰᠢ ᠳᠤ ᠬᠦᠷᠴᠦ ᠲᠦᠷᠦᠯ ᠵᠦᠢᠯ ᠢ ᠵᠣᠯᠭᠠᠭᠤᠯᠬᠤ ᠶᠢᠨ ᠬᠠᠮᠲᠤ ᠠᠵᠤ ᠠᠬᠤᠶᠢᠯᠠᠯ ᠢ ᠰᠤᠷᠪᠤᠯᠵᠢᠯᠠᠪᠠ
ᠨᠡᠶᠢᠲᠡᠯᠡᠭᠰᠡᠨ ᠴᠠᠭ᠄
2024/3/15
       3 ᠰᠠᠷ᠎ᠠ ᠶᠢᠨ 12᠎ ᠤᠨ ᠡᠳᠦᠷ ᠠᠴᠠ 14᠎ ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠦ᠋ ᠶᠦᠨ ᠪᠦᠯᠬᠦᠮ ᠳᠠᠭᠠᠭᠤᠯᠤᠨ ᠾᠧᠨᠠᠨ ᠤ ᠫᠢᠩ ᠳ᠋ᠢᠩ ᠱᠠᠨ ᠬᠤᠲᠠ᠂ ᠬᠤᠨᠠᠨ ᠤ ᠴᠠᠩᠱᠠ ᠬᠤᠲᠠ᠂ ᠵᠢᠶᠠᠩᠰᠢ ᠶᠢᠨ ᠢᠴᠦ᠋ᠨ ᠬᠤᠲᠠ ᠳᠤ ᠬᠦᠷᠴᠦ ᠲᠥᠷᠥᠯ ᠵᠦᠢᠯ ᠢ ᠵᠣᠯᠭᠠᠭᠤᠯᠬᠤ ᠶᠢᠨ ᠬᠠᠮᠲᠤ ᠠᠵᠤ ᠠᠬᠤᠶᠢᠯᠠᠯ ᠢ ᠡᠷᠭᠢᠵᠦ ᠰᠤᠷᠪᠤᠯᠵᠢᠯᠠᠪᠠ᠃  ᠮᠧᠩ ᠰᠤ᠋ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯ ᠤᠨ ᠵᠦᠪᠯᠡᠯ ᠤᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠪᠠᠢ ᠵᠢᠶᠠᠨ ᠭᠠᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠵᠣᠣ ᠸᠧᠢ᠂ ᠮᠧᠩ ᠰᠤ᠋ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠰᠢᠦᠢ ᠵᠢᠶᠠᠨ ᠭᠠᠩ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠪᠠ᠃
1.jpg
2.jpg
          ᠦ᠋ ᠶᠦᠨ ᠨᠠᠷ ᠫᠢᠩ ᠮᠧᠶ ᠯᠦᠩ ᠵᠢᠢ ᠭᠡᠷᠡᠯ ᠸᠣᠯᠲ ᠤᠨ ᠮᠠᠲ᠋ᠧᠷᠢᠶᠠᠯ ᠤᠨ ᠺᠣᠮᠫᠠᠨᠢ᠂ ᠪᠥᠸᠧ ᠱᠧᠩ ᠲᠢᠶᠠᠨ ᠬᠤᠩ ᠰᠢᠨ᠎ᠡ ᠮᠠᠲ᠋ᠧᠷᠢᠶᠠᠯ ᠤᠨ ᠺᠣᠮᠫᠠᠨᠢ᠂ ᠢ ᠶᠢᠨ ᠰᠢᠨ᠎ᠡ ᠡᠨᠧᠷᠭᠢ ᠶᠢᠨ  ᠰᠢᠨᠵᠢᠯᠡᠭᠡ ᠮᠡᠷᠭᠡᠵᠢᠯ ᠤᠨ ᠺᠣᠮᠫᠠᠨᠢ ᠵᠢᠴᠢ ᠬᠤᠯᠪᠣᠭᠳᠠᠯ ᠪᠦᠬᠦᠢ ᠦᠢᠯᠡᠳᠪᠦᠷᠢᠯᠡᠯ ᠤᠨ ᠲᠠᠰᠤᠭ ᠢ ᠲᠣᠭᠤᠷᠢᠨ ᠦᠵᠡᠪᠡ᠃ ᠦᠢᠯᠡᠳᠪᠦᠷᠢᠯᠡᠯ ᠤᠨ ᠶᠠᠪᠤᠴᠠ᠂ ᠲᠤᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠬᠦ᠂ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠳᠤ ᠡᠵᠡᠨ ᠬᠤᠷᠤᠭ᠎ᠠ ᠬᠤᠰᠢᠭᠤᠨ ᠤ ᠠᠵᠤ ᠠᠬᠤᠢ ᠶᠢᠨ ᠬᠥᠭᠵᠢᠯᠲᠡ᠂ ᠠᠵᠤ ᠦᠢᠯᠡᠰ ᠤᠨ ᠪᠠᠶᠢᠷᠢᠰᠢᠭᠤᠯᠤᠯᠲᠠ᠂ ᠴᠢᠬᠤᠯᠠ ᠵᠦᠢᠯ ᠤᠨ ᠪᠠᠲᠤᠯᠠᠭ᠎ᠠ ᠵᠡᠷᠭᠡ ᠦᠨᠳᠦᠰᠦᠨ ᠪᠠᠶᠢᠳᠠᠯ ᠢ ᠲᠠᠨᠢᠯᠴᠠᠭᠤᠯᠵᠤ᠂ ᠭᠡᠷᠡᠯ ᠸᠤᠯᠲ ᠤᠨ ᠲᠤᠨᠤᠭ ᠲᠥᠬᠦᠭᠡᠷᠦᠮᠵᠢ ᠦᠢᠯᠡᠳᠬᠦ᠂ ᠲᠠᠩ ᠲᠠᠯᠠᠰᠲᠤ ᠵᠤᠤᠬ᠎ᠠ ᠶᠢᠨ ᠢᠰᠡᠭᠡᠢ᠂ ᠴᠠᠬᠢᠭᠤᠷ ᠨᠡᠭᠦᠷᠡᠰᠦᠲᠥ᠋ᠷᠥᠭᠴᠢ ᠶᠢᠨ ᠪᠢᠯᠢᠭ ᠲᠤᠶᠢᠯ ᠤᠨ ᠮᠠᠲ᠋ᠧᠷᠢᠶᠠᠯ ᠵᠡᠷᠭᠡ ᠲᠦᠷᠦᠯ ᠵᠦᠢᠯ ᠤᠨ ᠬᠡᠷᠡᠭᠴᠡᠭᠡ ᠶᠢ ᠶᠠᠷᠢᠯᠴᠠᠨ ᠰᠣᠯᠢᠯᠴᠠᠵᠤ᠂ ᠠᠵᠤ ᠠᠬᠤᠶᠢᠯᠠᠯ ᠤᠨ ᠡᠮᠦᠨᠡᠬᠢ ᠬᠤᠭᠤᠴᠠᠭᠠᠨ ᠤ ᠠᠵᠢᠯ ᠢᠶᠠᠨ ᠲᠦᠷᠭᠡᠨ ᠠᠬᠢᠭᠤᠯᠵᠤ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠬᠦᠰᠡᠪᠡ᠃
3.jpg
4.jpg
      ᠡᠨᠡ ᠬᠤᠭᠤᠴᠠᠭᠠᠨ ᠳᠤ᠂ ᠦ᠋ ᠶᠦᠨ ᠨᠠᠷ ᠬᠤᠨᠠᠨ ᠤ ᠷᠦᠩ ᠯᠢ ᠶᠢᠨ ᠰᠢᠨ᠎ᠡ ᠮᠠᠲ᠋ᠧᠷᠢᠶᠠᠯ ᠤᠨ ᠰᠢᠨᠵᠢᠯᠡᠭᠡ ᠮᠡᠷᠭᠡᠵᠢᠯ ᠤᠨ ᠺᠣᠮᠫᠠᠨᠢ ᠶᠢ ᠰᠤᠷᠪᠤᠯᠵᠢᠯᠠᠵᠤ᠂ ᠬᠠᠮᠲᠤᠷᠠᠯᠴᠠᠭ᠎ᠠ ᠪᠠᠨ ᠤᠯᠠᠮ ᠨᠢᠬᠡ ᠠᠯᠬᠤᠮ ᠭᠦᠨᠵᠡᠭᠡᠶᠢᠷᠡᠭᠦᠯᠬᠦ ᠲᠠᠨᠢᠯᠲᠠ ᠲᠠᠢ ᠪᠣᠯᠵᠤ᠂ ᠦᠢᠯᠡᠴᠢᠯᠡᠭᠡ ᠪᠠᠳᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠦᠷᠦᠯ ᠵᠦᠢᠯ ᠢ ᠲᠦᠷᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ ᠭᠡᠪᠡ᠃  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ