ᠵᠤᠨ ᠤ ᠡᠬᠢᠨ ᠳᠤ ᠂ ᠡᠵᠡᠨ ᠬᠤᠷᠤᠭ᠎ᠠ ᠬᠤᠰᠢᠭᠤᠨ ᠤ ᠨᠠᠢᠮᠠᠳᠠᠢ ᠲᠣᠰᠬᠤᠨ ᠳᠤ᠂ ᠡᠪᠡᠰᠦ ᠮᠣᠳᠣ ᠢᠭᠴᠤ ᠰᠠᠬᠤᠯᠢᠭᠵᠢᠨ᠂ ᠬᠥᠳᠡᠭᠡ ᠲᠣᠰᠬᠤᠨ ᠤ | ᠬᠦᠭᠵᠢᠨ ᠮᠠᠨᠳᠤᠯᠳᠠ ᠶᠢᠨ ᠪᠠᠶᠢᠳᠠᠯ ᠲᠤᠳᠤᠷᠠᠨ᠎ᠠ᠃ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠬᠦ ᠳᠤ᠂ ᠠᠵᠢᠯᠴᠢᠳ ᠭᠠᠩᠨᠠᠨ ᠵᠠᠯᠭᠠᠬᠤ᠂ ᠤᠭᠰᠠᠷᠠᠬᠤ᠂ ᠵᠥᠭᠡᠭᠡᠪᠦᠷᠢᠯᠡᠬᠦ ᠪᠠᠷ | ᠶᠠᠭᠠᠷᠠᠵᠤ᠂ ᠬᠦᠷ ᠬᠥᠭᠵᠢᠶᠡᠨ ᠲᠠᠢ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢᠯᠡᠷᠡᠵᠦ ᠪᠠᠶᠢᠯ᠎ᠠ᠃ | ᠲᠦᠷᠦᠯ ᠵᠤᠶᠢᠯ ᠤᠨ ᠬᠠᠷᠢᠭᠤᠴᠠᠯᠭᠠᠳᠠᠨ ᠤ ᠲᠠᠨᠢᠯᠴᠠᠭᠤᠯᠤᠭᠰᠠᠨ ᠢᠶᠠᠷ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 4382.71 ᠲᠦᠮᠡᠨ | ᠲᠥᠭᠦᠷᠢᠭ ᠤᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠲᠦᠷᠦᠯ ᠵᠦᠢᠯ ᠢ 2023 ᠣᠨ ᠤ 9 | ᠳ᠋ᠤᠬᠡᠷ ᠰᠠᠷ᠎ᠠ ᠶᠢᠨ 26 ᠤ ᠡᠳᠦᠷ ᠡᠬᠢᠯᠡᠭᠦᠯᠵᠦ᠂ ᠶᠡᠷᠦᠩᠬᠡᠢ ᠲᠠᠯᠠᠪᠠᠢ ᠨᠢ 43205.04 ᠲᠡᠭᠰᠢ ᠳᠥᠷᠪᠡᠯᠵᠢᠨ ᠮᠧᠲᠷ ᠪᠠᠶᠢᠵᠤ᠂ ᠲᠥᠯᠥᠪᠵᠢᠭᠦᠯᠦᠭᠰᠡᠨ ᠶᠡᠷᠦᠩᠬᠡᠢ | ᠲᠠᠯᠠᠪᠠᠢ ᠨᠢ 32095.2 ᠲᠡᠭᠰᠢ ᠳᠥᠷᠪᠡᠯᠵᠢᠨ ᠮᠧᠲᠷ ᠪᠣᠯᠣᠨ᠎ᠠ᠃ ᠡᠭᠦᠨ ᠳᠤ ᠪᠦᠬᠦᠨ ᠢ ᠪᠢᠲᠡᠭᠦᠮᠵᠢᠯᠡᠨ ᠬᠠᠳᠠᠭᠠᠯᠠᠬᠤ ᠰᠠᠷᠠᠪᠴᠢ 3᠂ ᠠᠯᠪᠠᠯᠠᠬᠤ ᠲᠣᠭᠤᠷᠢᠭ | ︵ᠠᠮᠢᠳᠤᠷᠠᠯ ᠤᠨ ᠲᠣᠭᠤᠷᠢᠭ︶ 2 ᠪᠠᠶᠢᠭᠤᠯᠵᠤ᠂ ᠦᠢᠯᠡᠳᠪᠦᠷᠢ ᠶᠢᠨ ᠲᠣᠭᠤᠷᠢᠭ ᠤᠨ ᠰᠠᠯᠬᠢ ᠶᠢ ᠰᠡᠷᠭᠡᠶᠢᠯᠡᠵᠦ ᠲᠣᠭᠤᠰᠣ ᠶᠢ ᠬᠤᠷᠢᠭᠯᠠᠬᠤ ᠲᠣᠣᠷ᠂ ᠹᠦᠨᠲ ᠤᠨ | ᠭᠡᠷ᠂ ᠦᠢᠯᠡᠳᠪᠦᠷᠢ ᠶᠢᠨ ᠲᠣᠭᠤᠷᠢᠭ ᠤᠨ ᠨᠣᠭᠤᠭᠠᠷᠠᠭᠤᠯᠤᠯᠲᠠ᠂ ᠬᠠᠲᠠᠭᠤᠷᠠᠯ ᠵᠢᠴᠢ ᠤᠰᠤ ᠬᠠᠩᠭᠠᠬᠤ᠂ ᠴᠠᠬᠢᠯᠭᠠᠨ ᠬᠠᠩᠭᠠᠬᠤ᠂ ᠳᠤᠯᠠᠭᠠᠯᠠᠭ᠎ᠠ ᠬᠠᠩᠭᠠᠬᠤ ᠵᠡᠷᠭᠡ | ᠰᠠᠭᠤᠷᠢ ᠲᠥᠬᠦᠭᠡᠷᠦᠮᠵᠢ ᠶᠢ ᠪᠠᠶᠢᠭᠤᠯᠬᠤ ᠪᠠᠷ ᠪᠠᠶᠢᠨ᠎ᠠ᠃ | ᠨᠠᠢᠮᠠᠳᠠᠢ ᠲᠣᠰᠬᠤᠨ ᠨᠢ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠪᠣᠯᠤᠨ᠎ᠠ᠂ 2022 ᠣᠨ ᠤ ᠲᠣᠰᠬᠤᠨ ᠤ ᠬᠠᠮᠲᠤ ᠶᠢᠨ ᠠᠵᠤ ᠠᠬᠤᠢ ᠶᠢᠨ | ᠡᠵᠡᠩᠨᠡᠯᠲᠡ ᠶᠢᠨ ᠴᠢᠨᠠᠷᠲᠠᠢ ᠣᠷᠣᠯᠭ᠎ᠠ 23 ᠲᠦᠮᠡᠨ ᠲᠥᠭᠦᠷᠢᠭ᠂ ᠴᠡᠪᠡᠷ ᠣᠷᠣᠯᠭ᠎ᠠ ᠵᠥᠪᠬᠡᠨ 10 ᠲᠦᠮᠡᠨ ᠲᠥᠭᠦᠷᠢᠭ ᠪᠠᠶᠢᠯ᠎ᠠ ᠃ ᠣᠳᠣᠬᠢ | ᠬᠥᠭᠵᠢᠯᠲᠡ ᠶᠢᠨ ᠪᠠᠶᠢᠳᠠᠯ ᠳᠤ ᠬᠠᠨᠳᠤᠭᠤᠯᠤᠨ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠪᠣᠯᠤᠨ | ᠲᠣᠰᠬᠤᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠣᠯᠠᠨ ᠲᠠᠯ᠎ᠠ ᠪᠠᠷ ᠰᠢᠨᠵᠢᠯᠡᠨ ᠪᠠᠶᠢᠴᠠᠭᠠᠵᠤ᠂ ᠰᠡᠳᠬᠢᠯ ᠳᠡᠯᠪᠢᠨ ᠲᠥᠯᠥᠪᠵᠢᠭᠦᠯᠵᠦ᠂ ᠨᠠᠢᠮᠠᠳᠠᠢ | ᠲᠣᠰᠬᠤᠨ ᠳᠤ ᠬᠠᠮᠲᠤ ᠶᠢᠨ ᠠᠵᠤ ᠠᠬᠤᠶ ᠶᠢᠨ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠢ ᠪᠥᠲᠥᠭᠡᠨ ᠪᠠᠶᠢᠭᠤᠯᠵᠤ ᠡᠵᠡᠩᠨᠡᠬᠦ ᠪᠠᠷ | ᠲᠣᠭᠲᠠᠪᠠ᠃ ᠲᠥᠷᠥᠯ ᠵᠤᠶᠢᠯ ᠪᠠᠶᠢᠭᠤᠯᠤᠭᠳᠠᠭᠰᠠᠨ ᠤ ᠳᠠᠷᠠᠭ᠎ᠠ᠂ ᠨᠠᠢᠮᠠᠳᠠᠢ ᠲᠣᠰᠬᠤᠨ ᠤ ᠨᠠᠮ ᠤᠨ ᠬᠤᠷᠢᠶ᠎ᠠ ᠪᠣᠯᠤᠨ ᠬᠤᠷᠰᠢᠭᠰᠠᠨ ᠠᠵᠤ ᠠᠬᠤᠶᠢᠯᠠᠯ ᠬᠤᠪᠢ | ᠣᠷᠣᠭᠤᠯᠤᠨ ᠡᠵᠡᠩᠨᠡᠵᠦ᠂ ᠵᠢᠯ ᠪᠦᠷᠢ ᠪᠠᠷᠤᠭ 600 ᠲᠦᠮᠡᠨ ᠲᠥᠭᠦᠷᠢᠭ ᠤᠨ ᠠᠰᠢᠭ ᠬᠤᠨᠵᠢᠪᠣᠷᠢ ᠶᠢ ᠪᠡᠶᠡᠯᠡᠭᠦᠯᠵᠦ ᠪᠣᠯᠤᠨ᠎ᠠ᠃ ᠨᠠᠢᠮᠠᠳᠠᠢ ᠲᠣᠰᠬᠤᠨ ᠤ | ᠬᠠᠮᠲᠤ ᠶᠢᠨ ᠬᠤᠪᠢ ᠣᠷᠣᠭᠤᠯᠤᠭᠰᠠᠨ ᠬᠠᠷᠢᠴᠠᠯ ᠤᠨ ᠶᠣᠰᠣᠭᠠᠷ᠂ ᠵᠢᠯ ᠪᠦᠷᠢ ᠲᠣᠰᠬᠤᠨ ᠤ ᠬᠠᠮᠲᠤ ᠶᠢᠨ ᠠᠵᠤ ᠠᠬᠤᠶ ᠳᠤ 100 ᠲᠦᠮᠡᠨ ᠲᠥᠭᠦᠷᠢᠭ ᠠᠴᠠ | ᠳᠡᠭᠡᠭᠰᠢ ᠣᠷᠣᠯᠭ᠎ᠠ ᠣᠯᠵᠤ ᠥᠭᠬᠦ ᠶᠢᠨ ᠬᠠᠮᠲᠤ ᠲᠣᠰᠬᠤᠨ ᠤ ᠠᠷᠠᠳ ᠤᠨ ᠭᠡᠷ ᠤᠨ ᠡᠭᠦᠳᠡᠨ ᠳᠤ ᠠᠵᠢᠯ ᠣᠯᠭᠤᠬᠤ ᠶᠢ ᠪᠡᠶᠡᠯᠡᠭᠦᠯᠦᠨ᠎ᠡ᠃ | ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠲᠦᠷᠦᠯ ᠵᠦᠢᠯ ᠢ ᠬᠥᠭᠵᠢᠭᠦᠯᠬᠦ ᠠᠴᠠ ᠭᠠᠳᠠᠨ᠎ᠠ᠂ | ᠪᠠᠰᠠ ᠪᠤᠰᠤᠳ ᠠᠵᠤ ᠦᠢᠯᠡᠰ ᠢ ᠬᠥᠭᠵᠢᠭᠦᠯᠬᠦ ᠪᠠᠨ ᠮᠡᠷᠳᠡᠭ᠌ᠰᠠᠨ ᠦᠭᠡᠢ᠃ ᠲᠦᠷᠦᠯ ᠵᠦᠢᠯ ᠤᠨ ᠣᠷᠣᠨ ᠤ ᠲᠠᠷᠢᠶᠠᠨ ᠭᠠᠵᠠᠷ ᠤᠨ ᠤᠰᠤ ᠬᠠᠳᠠᠭᠠᠯᠠᠵᠤ ᠭᠠᠩ | ᠬᠠᠭᠰᠠᠷᠠᠭᠠᠨ ᠲᠠᠢ ᠲᠡᠮᠡᠴᠡᠬᠦ ᠴᠢᠳᠠᠪᠤᠷᠢ ᠶᠢ ᠪᠦᠲᠦᠮᠵᠢᠲᠡᠢ ᠨᠡᠮᠡᠭᠳᠡᠭᠦᠯᠵᠦ᠂ ᠪᠠᠶᠢᠭᠠᠯᠢ ᠶᠢᠨ ᠬᠤᠷ᠎ᠠ ᠲᠣᠨᠣᠳᠠᠰᠤ ᠪᠠ ᠤᠰᠤᠯᠠᠯᠲᠠ ᠶᠢᠨ ᠤᠰᠤ ᠶᠢ ᠶᠡᠷᠦᠩᠬᠡᠶᠢᠯᠡᠨ | ᠠᠰᠢᠭᠯᠠᠬᠤ ᠶᠢ ᠪᠡᠶᠡᠯᠡᠭᠦᠯᠵᠦ᠂ ᠭᠠᠵᠠᠷ ᠳᠡᠭᠡᠷᠡᠬᠢ ᠤᠰᠤᠨ ᠤ ᠡᠬᠢ ᠪᠠᠶᠠᠯᠢᠭ ᠢ ᠬᠡᠲᠦᠷᠡᠲᠡᠯ᠎ᠡ ᠨᠡᠭᠡᠭᠡᠨ ᠠᠰᠢᠭᠯᠠᠬᠤ ᠪᠠ ᠲᠦᠰᠢᠭᠯᠡᠬᠦ ᠶᠢ ᠪᠠᠭᠠᠰᠬᠠᠵᠤ᠂ ᠬᠥᠷᠥᠰᠥ | ᠰᠢᠷᠣᠢ ᠶᠢᠨ ᠢᠳᠡᠭᠳᠡᠯ ᠪᠠ ᠭᠠᠵᠠᠷ ᠰᠢᠷᠣᠢ ᠶᠢᠨ ᠡᠯᠡᠰᠦᠷᠬᠡᠭᠵᠢᠯ ᠢ ᠪᠠᠭᠠᠰᠬᠠᠬᠤ ᠶᠢᠨ ᠲᠥᠯᠥᠭᠡ᠂ 2023 ᠣᠨ ᠳᠤ᠂ ᠴᠠᠭᠠᠨᠲᠤᠭᠤᠷᠢᠮ ᠲᠣᠰᠬᠤᠨ ᠤ ︽ᠬᠤᠶᠠᠷ | ᠵᠥᠪᠯᠡᠯ︾ ᠰᠢᠨᠵᠢᠯᠡᠨ ᠪᠠᠶᠢᠴᠠᠭᠠᠵᠤ᠂ ᠴᠠᠭᠠᠨᠲᠤᠭᠤᠷᠢᠮ ᠲᠣᠰᠬᠤᠨ ᠤ ᠤᠰᠤ ᠠᠷᠪᠢᠯᠠᠬᠤ ᠤᠰᠤᠯᠠᠯᠲᠠ ᠶᠢᠨ ᠳᠤᠰᠤᠯᠭᠠᠨ ᠤᠰᠤᠯᠠᠬᠤ ᠪᠦᠰᠡ ᠶᠢᠨ | ᠦᠢᠯᠡᠳᠪᠦᠷᠢᠯᠡᠯ ᠪᠠ ᠬᠠᠶᠠᠭᠳᠠᠮᠠᠯ ᠬᠠᠭᠤᠴᠢᠨ ᠲᠦᠭᠦᠬᠡᠢ ᠮᠠᠲ᠋ᠧᠷᠢᠶᠠᠯ ᠢ ᠬᠤᠷᠢᠶᠠᠨ ᠠᠪᠬᠤ ᠶᠢ ᠬᠡᠷᠡᠭᠵᠢᠬᠦᠯᠦᠭᠰᠡᠨ ᠪᠠᠶᠢᠨ᠎ᠠ᠃ | ᠲᠤᠰᠬᠤᠨ ᠤ ᠬᠠᠷᠢᠭᠤᠴᠠᠯᠭᠠᠳᠠᠨ ᠰᠤᠷᠪᠤᠯᠵᠢᠯᠠᠭᠴᠢ ᠳᠤ ᠄ ︽ᠲᠣᠰ ᠲᠥᠷᠥᠯ ᠵᠦᠢᠯ ᠢ ᠬᠡᠷᠡᠭᠵᠢᠭᠦᠯᠬᠦ ᠭᠤᠤᠯ ᠴᠣᠭᠴᠠ ᠨᠢ ᠡᠵᠡᠨ ᠬᠤᠷᠤᠭ᠎ᠠ | ᠬᠤᠰᠢᠭᠤᠨ ᠤ ᠴᠠᠭᠠᠨᠲᠣᠭᠤᠷᠢᠮ ᠤᠨ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠪᠣᠯᠤᠨ᠎ᠠ᠂ 2023 ᠣᠨ ᠤ 11 ᠳ᠋ᠤᠬᠡᠷ ᠰᠠᠷ᠎ᠠ ᠠᠴᠠ 2024 ᠣᠨ ᠤ | 5 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ ᠨᠢᠭᠡᠳᠦᠭᠡᠷ ᠦᠶᠡᠯᠡᠯ ᠤᠨ ᠬᠤᠭᠤᠴᠠᠭ᠎ᠠ ᠪᠠᠶᠢᠵᠤ᠂ ᠨᠡᠶᠢᠲᠡ 320 ᠲᠣᠨ ᠬᠤᠷᠢᠶᠠᠨ ᠠᠪᠴᠤ᠂ ᠬᠤᠷᠢᠶᠠᠨ | ᠠᠪᠤᠭᠰᠠᠨ ᠦᠷᠳᠡᠭ ᠨᠢ ᠳᠤᠮᠳᠠᠴᠢ ᠪᠠᠷ ᠭᠤᠷᠪᠠᠨ ᠮᠢᠩᠭᠠᠨ ᠲᠥᠭᠦᠷᠢᠭ ᠣᠷᠴᠢᠮ ᠪᠠᠶᠢᠵᠤ᠂ ᠣᠷᠣᠯᠭ᠎ᠠ ᠨᠢ 30 ᠲᠦᠮᠡᠨ ᠲᠥᠭᠦᠷᠢᠭ ᠪᠤᠯᠪᠠ᠃ ᠲᠣᠰᠬᠤᠨ ᠤ | ᠬᠠᠮᠲᠤ ᠶᠢᠨ ᠣᠷᠣᠯᠭ᠎ᠠ 14 ᠲᠦᠮᠡᠨ ᠲᠥᠭᠦᠷᠢᠭ ᠲᠤ ᠬᠦᠷᠴᠦ᠂ ᠠᠰᠢᠭ ᠲᠤᠰᠨ ᠶᠢᠨ ᠤᠷᠤᠯᠭ᠎ᠠ ᠪᠠᠷ ᠲᠣᠰᠬᠤᠨ ᠤ ᠠᠷᠠᠳ ᠢ ᠲᠣᠬᠤᠨᠢᠭᠤᠯᠬᠤ᠂ ᠰᠦᠢᠳᠬᠡᠯ | ᠬᠤᠷᠢᠶᠠᠬᠤ ᠦᠭᠡᠢ ᠪᠠᠷ ᠳᠤᠰᠤᠯᠭᠠᠨ ᠤᠰᠤᠯᠠᠬᠤ ᠪᠦᠰᠡ ᠬᠦᠷᠬᠡᠬᠦ᠂ ᠣᠷᠣᠯᠠᠨ ᠲᠤᠰᠢᠶᠠᠬᠤ ᠵᠡᠷᠭᠡ ᠠᠯᠢ ᠣᠯᠠᠨ ᠦᠢᠯᠡᠴᠢᠯᠡᠭᠡ ᠶᠢ ᠬᠢᠭᠰᠡᠨ ᠪᠠᠶᠢᠨ᠎ᠠ︾ ᠬᠡᠵᠤ | ᠪᠠᠶᠢᠪᠠ᠃ | ᠣᠶᠢᠯᠠᠭᠠᠭᠰᠠᠨ ᠢᠶᠠᠷ᠂ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠬᠠᠶᠠᠭᠳᠠᠮᠠᠯ ᠬᠠᠭᠤᠴᠢᠨ ᠳᠤᠰᠤᠯᠭᠠᠨ ᠤᠰᠤᠯᠠᠬᠤ ᠪᠦᠰᠡ ᠶᠢ ᠡᠭᠡᠭᠦᠯᠦᠨ | ᠬᠤᠷᠢᠶᠠᠵᠤ᠂ ᠮᠥ ᠪᠦᠷᠢ ᠳᠤ ᠪᠠᠷᠤᠭ 34 ᠲᠥᠭᠦᠷᠢᠭ ᠲᠠᠭᠠᠷᠠᠵᠤ᠂ ᠰᠠᠭᠤᠭᠠᠯᠢ ᠡᠷᠦᠬᠡ ᠶᠢᠨ ᠡᠷᠦᠬᠡ ᠪᠦᠷᠢ ᠪᠠᠷᠤᠭ 1000- 2000 ᠲᠥᠭᠦᠷᠢᠭ ᠤᠨ | ᠣᠷᠣᠯᠭ᠎ᠠ ᠣᠯᠵᠤ ᠪᠠᠶᠢᠨ᠎ᠠ᠃ ᠡᠭᠦᠨ ᠤ ᠬᠠᠮᠲᠤ ᠲᠣᠭᠲᠠᠮᠠᠯ ᠠᠵᠢᠯ ᠤᠨ ᠪᠠᠶᠢᠷᠢ ᠪᠠ ᠲᠦᠷ ᠴᠠᠭ ᠤᠨ ᠠᠵᠢᠯ ᠤᠨ ᠪᠠᠶᠢᠷᠢ ᠪᠠᠷ ᠳᠠᠮᠵᠢᠭᠤᠯᠤᠨ 30 ᠬᠥᠮᠦᠨ ᠳᠤ | ᠠᠵᠢᠯ ᠣᠯᠭᠤᠬᠤ ᠲᠣᠬᠢᠶᠠᠯ ᠬᠠᠩᠭᠠᠵᠤ᠂ ᠠᠵᠢᠯ ᠤᠨ ᠪᠠᠶᠢᠷᠢ ᠶᠢᠨ ᠣᠷᠣᠯᠭ᠎ᠠ ᠨᠢ 80 ᠲᠦᠮᠡᠨ ᠲᠥᠭᠦᠷᠢᠭ ᠣᠷᠴᠢᠮ ᠪᠤᠯᠤᠭᠰᠠᠨ ᠪᠠᠶᠢᠨ᠎ᠠ᠃ ᠲᠣᠰᠬᠤᠨ ᠤ ᠠᠷᠠᠳ | ᠪᠠᠰᠠ ᠳᠤᠰᠤᠯᠭᠠᠨ ᠤᠰᠤᠯᠠᠬᠤ ᠪᠦᠰᠡ ᠶᠢ ᠰᠢᠭᠤᠳ ᠣᠷᠣᠯᠠᠨ ᠪᠣᠷᠣᠯᠠᠭᠤᠯᠵᠤ᠂ ᠬᠤᠳᠠᠯᠳᠤᠭ᠎ᠠ ᠡᠷᠬᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠭᠡᠷ ᠪᠦᠯᠢ ᠶᠢᠨ | ᠣᠷᠣᠯᠭ᠎ᠠ ᠪᠠᠨ ᠰᠢᠭᠤᠳ ᠨᠡᠮᠡᠭᠳᠡᠭᠦᠯᠵᠦ᠂ ᠨᠢᠭᠡ ᠮᠦ ᠭᠠᠵᠠᠷ ᠤᠨ ᠦᠢᠯᠡᠳᠬᠦᠨ ᠪᠣᠷᠣᠯᠠᠭᠤᠯᠬᠤ ᠪᠦᠷᠢ 10 ᠲᠥᠭᠦᠷᠢᠭ ᠤᠨ ᠠᠰᠢᠭ ᠣᠯᠵᠤ ᠪᠠᠶᠢᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠳᠤ ᠠᠵᠤ ᠦᠢᠯᠡᠰ ᠤᠨ ᠬᠥᠭᠵᠢᠯᠲᠡ ᠪᠣᠯ ᠵᠠᠩᠭᠢᠯᠠᠭ᠎ᠠ ᠪᠣᠯᠤᠨ᠎ᠠ᠂ ᠲᠣᠰᠬᠤᠨ ᠤ | ᠱᠠᠲᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠪᠠᠯ ᠰᠠᠶ᠋ᠢ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠵᠤ ᠴᠢᠳᠠᠨ᠎ᠠ᠃ ᠤᠢᠢᠷ᠎ᠠ ᠶᠢᠨ ᠵᠢᠯ ᠠᠴᠠ ᠨᠠᠰᠢ᠂ | ᠡᠯ᠎ᠡ ᠭᠠᠴᠠᠭ᠎ᠠ ᠲᠣᠰᠬᠤᠨ ᠤ ᠠᠳᠠᠯᠢ ᠪᠤᠰᠤ ᠡᠬᠢ ᠪᠠᠶᠠᠯᠢᠭ ᠤᠨ ᠳᠠᠪᠠᠭᠤᠯᠢᠭ ᠪᠠ ᠬᠥᠭᠵᠢᠯᠲᠡ ᠶᠢᠨ ᠣᠳᠣᠬᠢ ᠪᠠᠶᠢᠳᠠᠯ ᠳᠤ ᠰᠠᠭᠤᠷᠢᠯᠠᠵᠤ᠂ ︽ᠬᠦᠴᠦᠷᠬᠡᠭ ᠢᠶᠠᠷ | ᠪᠠᠭᠤᠷᠠᠢ ᠶᠢ ᠳᠠᠶᠢᠴᠢᠯᠠᠬᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ︾ ᠠᠵᠢᠯ ᠤᠨ ᠰᠡᠳᠬᠢᠴᠡ ᠶᠣᠰᠣᠭᠠᠷ᠂ | ︽ᠪᠠᠯᠭᠠᠰᠤ ᠬᠦᠳᠦᠯᠦᠨ ᠵᠢᠯᠣᠭᠤᠳᠬᠤ᠂ ᠲᠣᠰᠬᠤᠨ ᠢᠶᠠᠷ ᠭᠤᠣᠯᠯᠠᠭᠤᠯᠬᠤ᠂ ᠠᠷᠠᠳ ᠲᠤ ᠠᠰᠢᠭ ᠬᠦᠷᠲᠡᠭᠡᠬᠦ︾ ᠵᠠᠷᠴᠢᠮ ᠢ ᠪᠠᠷᠢᠮᠲᠠᠯᠠᠵᠤ᠂ ︽ᠲᠦᠷᠦᠯ | ᠵᠦᠢᠯ ᠢᠶᠠᠷ ᠳᠡᠮᠵᠢᠬᠦ᠂ ᠠᠵᠤ ᠦᠢᠯᠡᠰ ᠢᠶᠠᠷ ᠲᠤᠯᠭᠠᠭᠤᠷᠢᠯᠠᠬᠤ᠂ ᠲᠦᠷᠦ ᠶᠢᠨ ᠪᠤᠳᠤᠯᠭ᠎ᠠ ᠪᠠᠷ ᠪᠠᠲᠤᠯᠠᠬᠤ︾ ᠬᠥᠭᠵᠢᠯᠲᠡ ᠶᠢᠨ ᠠᠷᠭ᠎ᠠ ᠬᠡᠮᠵᠢᠶ᠎ᠡ ᠪᠠᠷ ᠳᠠᠮᠵᠢᠭᠤᠯᠵᠤ᠂ | ᠡᠯ᠎ᠡ ᠲᠣᠰᠬᠤᠨ ᠤ ᠠᠵᠤ ᠦᠢᠯᠡᠰ ᠤᠨ ᠣᠨᠴᠠᠯᠢᠭ ᠢ ᠭᠦᠨᠵᠡᠭᠡᠢ ᠠᠭᠤᠳᠠᠯᠵᠤ᠂ ᠪᠣᠳᠠᠲᠤ ᠴᠣᠭᠴᠠ ᠶᠢᠨ ᠬᠥᠭᠵᠢᠯᠲᠡ᠂ ᠬᠤᠪᠢ ᠣᠷᠣᠭᠤᠯᠵᠤ ᠠᠰᠢᠭ ᠬᠤᠪᠢᠶᠠᠬᠤ᠂ | ᠪᠦᠯᠬᠦᠮ ᠢᠶᠠᠷ ᠢᠶᠠᠨ ᠬᠥᠭᠵᠢᠭᠦᠯᠬᠦ᠂ ᠲᠣᠰᠬᠤᠨ ᠠᠵᠤ ᠠᠬᠤᠶᠢᠯᠠᠯ ᠬᠠᠮᠲᠤᠪᠠᠷ ᠪᠠᠶᠢᠭᠤᠯᠬᠤ ᠵᠡᠷᠭᠡ ᠤᠯᠠᠨ ᠵᠦᠢᠯ ᠤᠨ ᠬᠡᠯᠪᠡᠷᠢ ᠶᠢ ᠢᠳᠡᠪᠬᠢᠲᠡᠢ ᠰᠦᠪᠡᠭᠴᠢᠯᠡᠵᠦ᠂ | ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠨ ᠪᠤᠵᠠᠭᠠᠢᠢᠷᠠᠬᠤ ᠶᠢ ᠠᠬᠢᠭᠤᠯᠵᠤ᠂ ᠮᠠᠯᠴᠢᠨ ᠲᠠᠷᠢᠶᠠᠴᠢᠨ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ | ᠪᠠᠶᠠᠵᠢᠭᠤᠯᠪᠠ᠃ | ᠡᠵᠡᠨ ᠬᠤᠷᠤᠭ᠎ᠠ ᠪᠠᠯᠭᠠᠰᠤ ᠨᠢ ︽ᠭᠤᠷᠪᠠᠨ ᠲᠣᠭᠤᠷᠢᠭ ᠭᠤᠷᠪᠠᠨ ᠦᠢᠯᠡᠰ︾ ᠤᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠵᠤ᠂ ᠪᠤᠯᠠᠭ ᠭᠠᠴᠠᠭ᠎ᠠ᠂ | ᠰᠢᠪᠠᠷᠲᠠᠢ ᠭᠠᠴᠠᠭ᠎ᠠ ᠵᠡᠷᠭᠡ ᠡᠷᠬᠢᠨ ᠲᠣᠭᠤᠷᠢᠨ ᠤ ᠭᠠᠴᠠᠭ᠎ᠠ ᠲᠣᠰᠬᠤᠨ ᠳᠤ ᠠᠷᠠᠳ ᠤᠨ ᠵᠠᠩ ᠳᠠᠳᠬᠠᠯ ᠢᠶᠠᠷ ᠪᠡᠶᠡᠴᠢᠯᠡᠨ ᠣᠶᠢᠯᠠᠭᠠᠬᠤ᠂ ᠲᠠᠯ᠎ᠠ ᠨᠤᠲᠤᠭ ᠢᠶᠠᠷ | ᠲᠣᠭᠤᠷᠢᠬᠤ ᠪᠠᠷ ᠭᠤᠤᠯ ᠪᠣᠯᠭᠠᠭᠰᠠᠨ ︽ᠠᠷᠠᠳ ᠤᠨ ᠵᠠᠩ ᠳᠠᠳᠬᠠᠯ ᠰᠣᠶᠣᠯ ᠵᠢᠭᠤᠯᠴᠢᠯᠠᠯ ᠤᠨ ᠦᠢᠯᠡᠰ︾ ᠢ ᠬᠥᠭᠵᠢᠭᠦᠯᠵᠦ᠂ ᠯᠤᠩᠬᠤ ᠶᠢᠨ ᠵᠠᠪᠠ ᠲᠣᠰᠬᠤᠨ᠂ | ᠭᠠᠨᠵᠤᠤᠷ ᠤᠨ ᠰᠦᠮ᠎ᠡ ᠲᠣᠰᠬᠤᠨ ᠵᠡᠷᠭᠡ ᠬᠤᠲᠠ ᠶᠢᠨ ᠲᠡᠭᠦᠷᠭᠡ ᠶᠢᠨ ᠠᠭᠤᠯᠵᠠᠷ ᠭᠠᠵᠠᠷ ᠲᠤ ᠬᠥᠳᠡᠭᠡ ᠲᠣᠰᠬᠤᠨ ᠢ ᠲᠣᠭᠤᠷᠢᠨ ᠦᠵᠡᠬᠦ᠂ ᠰᠡᠯᠡᠭᠦᠴᠡᠨ | ᠠᠮᠠᠷᠠᠬᠤ ᠪᠠᠷ ᠭᠤᠤᠯ ᠪᠣᠯᠭᠠᠭᠰᠠᠨ ︽ᠬᠤᠲᠠ ᠶᠢᠨ ᠲᠡᠭᠦᠷᠭᠡ ᠶᠢᠨ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ︾ ᠢ ᠬᠥᠭᠵᠢᠭᠦᠯᠵᠦ᠂ ᠪᠠᠷᠠᠭᠤᠨ ᠬᠡᠰᠡᠭ ᠤᠨ | ᠡᠯ᠎ᠡ ᠲᠣᠰᠬᠤᠨ ᠳᠤ ᠳᠠᠷᠢᠵᠤ ᠲᠡᠵᠢᠭᠡᠨ ᠦᠷᠡᠵᠢᠭᠦᠯᠬᠦ ᠪᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠷᠣᠯᠠᠭᠤᠯᠬᠤ ᠪᠠᠷ ᠭᠤᠤᠯ | ᠪᠣᠯᠭᠠᠭᠰᠠᠨ ︽ᠣᠲᠣ ᠦᠶ᠎ᠡ ᠶᠢᠨ ᠰᠣᠳᠣᠨ ᠲᠠᠷᠢᠶᠠᠯᠠᠩ ᠮᠠᠯ ᠠᠵᠤ ᠠᠬᠤᠶ︾ ᠶᠢ ᠬᠥᠭᠵᠢᠭᠦᠯᠵᠦ᠂ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠶ ᠶᠢ | ᠲᠣᠭᠲᠠᠭᠤᠨ ᠤ ᠳᠤᠮᠳᠠ ᠤᠷᠤᠭᠰᠢᠯᠠᠭᠤᠯᠬᠤ᠂ ᠣᠲᠣ ᠦᠶ᠎ᠡ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ᠂ ᠰᠣᠶᠣᠯ | ᠵᠢᠭᠤᠯᠴᠢᠯᠠᠯ ᠤᠨ ᠠᠵᠤ ᠦᠢᠯᠡᠰ ᠢ ᠥᠷᠨᠢᠩᠭᠦᠶ ᠬᠥᠭᠵᠢᠭᠦᠯᠬᠦ ᠰᠢᠨ᠎ᠡ ᠪᠠᠶᠢᠷᠢᠰᠢᠯ ᠢ ᠪᠣᠶ ᠪᠣᠯᠭᠠᠪᠠ᠃ | ᠨᠤᠮᠢᠨ ᠲᠠᠩᠰᠤᠭ ᠪᠡᠯᠴᠢᠬᠡᠷ ᠲᠤ ᠪᠠᠨ ᠦᠬᠡᠷ ᠮᠠᠯ ᠤᠨ ᠰᠦᠷᠦᠭ ᠢᠶᠠᠨ ᠪᠠᠯᠴᠢᠬᠡᠭᠰᠡᠨ ᠮᠠᠯᠴᠢᠨ ᠲᠠᠷᠢᠶᠠᠴᠢᠨ ᠮᠠᠯᠵᠢᠬᠤ ᠶᠢᠨ ᠳᠠᠭᠠᠤ ᠠᠷᠠᠳ ᠤᠨ ᠳᠠᠭᠤᠤ | ᠪᠠᠨ ᠳᠠᠭᠤᠯᠠᠨ᠎ᠠ᠃ | ᠮᠠᠯᠴᠢᠨ ᠲᠠᠷᠢᠶᠠᠴᠢᠳ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠲᠤᠬᠠᠶ ᠶᠠᠷᠢᠬᠤ ᠳᠤ᠂ ︽ᠡᠲᠡᠭᠡᠷ ᠵᠢᠯ ᠤᠳ ᠲᠤ᠂ ᠮᠠᠨ ᠤ | ᠪᠠᠯᠭᠠᠰᠤᠨ ᠤ ᠬᠠᠮᠲᠤ ᠶᠢᠨ ᠠᠵᠤ ᠠᠬᠤᠶ ᠤᠯᠠᠮ ᠠᠴᠠ ᠤᠯᠠᠮ ᠰᠠᠶᠢᠵᠢᠷᠠᠵᠤ᠂ ᠮᠠᠨ ᠤ ᠵᠤᠭᠤᠰᠤᠨ ᠪᠤᠭᠴᠤ ᠴᠤ ᠤᠯᠠᠮ ᠠᠴᠠ ᠤᠯᠠᠮ ᠬᠦᠳᠡᠶᠢᠭᠰᠡᠨ︾ ᠬᠡᠵᠤ | ᠤᠮᠤᠭ ᠲᠠᠢ ᠶᠠᠷᠢᠨ᠎ᠠ᠃ | 2023 ᠣᠨ ᠳᠤ ᠡᠵᠡᠨ ᠬᠤᠷᠤᠭ᠎ᠠ ᠪᠠᠯᠭᠠᠰᠤ ᠪᠦᠬᠦ ᠰᠢᠰᠲ᠋ᠧᠮ ᠤᠨ ᠭᠠᠶᠢᠯᠢ ᠲᠠᠲᠠᠪᠤᠷᠢ ᠶᠢᠨ ᠣᠷᠣᠯᠭ᠎ᠠ ᠶᠢ 6611 ᠲᠦᠮᠡᠨ ᠲᠥᠭᠦᠷᠢᠭ ᠪᠡᠶᠡᠯᠡᠭᠦᠯᠵᠦ᠂ | ᠪᠦᠬᠦ ᠵᠢᠯ ᠤᠨ ᠶᠡᠷᠦᠩᠬᠡᠶ ᠡᠭᠦᠷᠭᠡ ᠶᠢᠨ 183% ᠶᠢ ᠪᠡᠶᠡᠯᠡᠭᠦᠯᠵᠦ᠂ ᠲᠠᠪᠠᠭᠤᠯᠤᠭᠰᠠᠨ ᠤᠷᠤᠯᠭ᠎ᠠ1094 ᠲᠦᠮᠡᠨ ᠲᠥᠭᠦᠷᠢᠭ ᠲᠤ ᠬᠦᠷᠪᠠ᠃ ᠪᠦᠬᠦ ᠣᠷᠣᠨ | ᠪᠦᠰᠡ ᠶᠢᠨ ᠵᠢᠭᠤᠯᠴᠢᠯᠠᠯ ᠤᠨ ᠬᠥᠭᠵᠢᠯᠲᠡ ᠴᠢᠩᠭᠠᠷᠠᠪᠠ᠃ ᠰᠣᠶᠣᠯ ᠤᠨ ᠠᠭᠤᠯᠬᠤᠨ ᠢ ᠵᠤᠵᠠᠭᠠᠳᠬᠠᠵᠤ᠂ ᠴᠠᠭᠠᠨ ᠰᠦᠷᠦᠭ ᠤᠨ ᠶᠡᠭᠡ ᠲᠠᠶᠢᠯᠭ᠎ᠠ᠂ ᠰᠠᠷᠭᠠᠢ ᠶᠢᠨ | ᠰᠣᠶᠣᠯ ᠤᠨ ᠨᠠᠶᠢᠷ᠂ ᠠᠷᠪᠠᠨ ᠲᠠᠪᠤᠳᠤᠭᠠᠷ ᠬᠤᠭᠤᠴᠠᠭᠠᠨ ᠤ ᠤᠯᠠᠮᠵᠢᠯᠠᠯᠲᠤ ᠨᠠᠭᠠᠳᠤᠮ ᠤᠨ ᠶᠡᠭᠡ ᠬᠤᠷᠠᠯ᠂ ᠵᠤᠰᠠᠯᠠᠩ ᠤᠨ ᠳᠠᠭᠤᠤ ᠬᠥᠭᠵᠢᠮ ᠤᠨ ᠨᠠᠶᠢᠷ ᠵᠡᠷᠭᠡ | ᠰᠢᠷᠢᠰ ᠰᠣᠶᠣᠯ ᠵᠤᠭᠠᠴᠠᠯ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠪᠥᠬᠦ ᠪᠠᠯᠭᠠᠰᠤᠨ ᠳᠤ ᠣᠲᠣ 70 ᠭᠠᠷᠤᠶ ᠮᠠᠯᠴᠢᠨ ᠲᠠᠷᠢᠶᠠᠴᠢᠨ ᠠᠶᠢᠯ ᠤᠨ ᠪᠠᠶᠠᠰᠤᠯ | ᠬᠤᠭᠤᠯᠠᠨ ᠬᠡᠷ ᠢ ᠲᠣᠭᠲᠠᠭᠤᠨ ᠢᠶᠠᠷ ᠡᠷᠭᠢᠯᠡᠬᠦ ᠶᠢ ᠳᠠᠶᠢᠴᠢᠯᠠᠪᠠ᠃ 400 ᠲᠦᠮᠡᠨ ᠲᠥᠭᠦᠷᠢᠭ ᠤᠨ ᠪᠡᠯᠡ ᠣᠷᠣᠭᠤᠯᠵᠤ ᠪᠠᠶᠠᠨ ᠴᠠᠩᠬᠤᠭ ᠤᠨ ᠲᠠᠯ᠎ᠠ | ᠨᠤᠲᠤᠭ ᠤᠨ ᠬᠤᠳᠠᠯᠳᠤᠭᠠᠨ ᠤ ᠶᠡᠷᠦᠩᠬᠡᠶ ᠴᠣᠭᠴᠠ᠂ ᠯᠤᠩᠬᠤ ᠶᠢᠨ ᠵᠡᠪᠡ ᠲᠣᠰᠬᠤᠨ ᠤ ᠬᠡᠭᠡᠷ᠎ᠡ ᠪᠠᠭᠤᠳᠠᠯᠯᠠᠬᠤ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠪᠡᠶᠡᠯᠡᠭᠦᠯᠵᠦ᠂ ᠡᠵᠡᠨ ᠬᠤᠷᠤᠭ᠎ᠠ ᠪᠠᠯᠭᠠᠰᠤᠨ ᠤ ︽ᠬᠠᠭᠠᠰ ᠴᠠᠭ︾ ᠤᠨ ᠬᠤᠲᠠ ᠶᠢᠨ ᠲᠡᠭᠦᠷᠭᠡ ᠲᠠᠢ ᠤᠶᠠᠯᠳᠤᠭᠤᠯᠤᠨ ᠰᠡᠯᠡᠭᠦᠴᠡᠯ ᠲᠠᠷᠢᠶᠠᠯᠠᠩ ᠮᠠᠯ ᠠᠵᠤ | ᠠᠬᠤᠶ ᠶᠢᠨ ᠵᠢᠭᠤᠯᠴᠢᠯᠠᠯ ᠤᠨ ᠲᠣᠭᠤᠷᠢᠭ ᠢ ᠪᠠᠶᠢᠭᠤᠯᠵᠤ ᠦᠷ᠎ᠡ ᠠᠰᠢᠭ ᠢ ᠨᠢ ᠨᠡᠮᠡᠭᠳᠡᠭᠦᠯᠪᠠ᠃ ᠪᠥᠬᠦ ᠵᠢᠯ ᠳᠤ ᠵᠤᠭᠠᠴᠠᠭᠰᠠᠳ ᠢ ᠨᠡᠶᠢᠲᠡ 62.45 ᠲᠦᠮᠡᠨ | ᠬᠥᠮᠦᠨ ᠤᠳᠠᠭ᠎ᠠ ᠵᠤᠴᠢᠯᠠᠵᠤ᠂ ᠣᠷᠣᠯᠭ᠎ᠠ ᠨᠢ 4354 ᠲᠦᠮᠡᠨ ᠲᠥᠭᠦᠷᠢᠭ ᠲᠤ ᠬᠦᠷᠴᠡᠶ᠃ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ | ᠡᠮᠬᠢ ᠳᠠᠷᠠᠭ᠎ᠠ ᠲᠠᠢ ᠪᠠᠶᠢᠨ᠎ᠠ᠃ ᠴᠠᠭᠠᠨ ᠦᠳᠤᠳᠤ ᠮᠢᠬᠠᠨ ᠲᠠᠬᠢᠶ᠎ᠠ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠢ ᠬᠠᠮᠤᠭ ᠤᠨ ᠡᠷᠲᠡ | ᠦᠢᠯᠡᠳᠪᠦᠷᠢ ᠳᠤ ᠣᠷᠣᠭᠤᠯᠬᠤ ᠶᠢ ᠪᠡᠶᠡᠯᠡᠭᠦᠯᠵᠦ᠂ ᠣᠲᠣ ᠨᠢᠭᠡᠨᠲᠡ ᠲᠡᠵᠢᠬᠡᠵᠤ ᠪᠠᠶᠢᠭ᠎ᠠ ᠲᠠᠬᠢᠶ᠎ᠠ ᠶᠢᠨ ᠲᠤᠭ᠎ᠠ ᠲᠤᠯᠤᠭᠠᠢ 32 ᠲᠦᠮᠡᠨ ᠬᠦᠷᠴᠦ᠂ 1606 | ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠠᠶᠠᠯᠡᠬᠦᠯᠪᠠ᠃ A ᠲᠣᠭᠤᠷᠢᠭ ᠤᠨ ᠪᠣᠬᠢᠷ ᠤᠰᠤ ᠵᠢᠴᠢ ᠪᠠᠭᠤᠷᠠᠶ ᠴᠠᠬᠢᠯᠭᠠᠨ ᠤ ᠬᠤᠭᠤᠯᠠᠶ ᠶᠢᠨ ᠲᠣᠤᠷ ᠢ | ᠥᠭᠡᠷᠡᠴᠢᠯᠡᠬᠦ᠂ ᠪᠤᠯᠠᠭ ᠭᠠᠴᠠᠭᠠᠨ ᠤ ᠵᠡᠭᠡᠯᠢ ᠭᠤᠳᠤᠮᠵᠢ ᠶᠢᠨ ᠬᠠᠲᠠᠭᠤᠷᠠᠭᠤᠯᠤᠭᠰᠠᠨ ᠵᠠᠮ ᠤᠨ ᠳ᠋ᠧᠩ ᠤᠨ ᠬᠡᠷᠡᠯᠳᠤᠬᠦᠯᠬᠡ ᠶᠢ ᠥᠭᠡᠷᠡᠴᠢᠯᠡᠬᠦ᠂ ᠪᠠᠯᠭᠠᠰᠤᠨ ᠤ | ᠲᠣᠭᠤᠷᠢᠭ ᠤᠨ ᠨᠡᠭᠦᠷᠡᠰᠦᠨ ᠳᠠᠪᠬᠤᠷᠭ᠎ᠠ ᠶᠢᠨ ᠤᠰᠤ ᠶᠢ ᠠᠰᠢᠭᠯᠠᠬᠤ ᠵᠡᠷᠭᠡ ᠶᠢ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠵᠤ᠂ | ᠪᠠᠯᠭᠠᠰᠤ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠠᠯᠭᠠᠰᠤᠨ ᠤ ᠬᠡᠪᠴᠢᠶᠡᠨ ᠤ ᠠᠵᠤ ᠠᠬᠤᠶ ᠶᠢᠨ ᠰᠠᠶᠢᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ | ᠢᠯᠡᠳᠲᠡ ᠳᠡᠭᠡᠭᠰᠢᠯᠡᠭᠦᠯᠪᠡ᠃ ᠰᠢᠨ᠎ᠡ ᠬᠠᠭᠤᠴᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠱᠠᠲᠤ ᠳᠠᠷᠠᠭᠠᠯᠠᠨ ᠠᠬᠢᠭᠤᠯᠬᠤ ᠰᠢᠨ᠎ᠡ ᠪᠠᠶᠢᠷᠢᠰᠢᠯ ᠢ | ᠬᠦᠴᠦᠯᠡᠨ ᠪᠠᠶᠢᠭᠤᠯᠪᠠ᠃ | |