ᠪᠥᠬᠦ ᠬᠤᠰᠢᠭᠤᠨ ᠤ ᠠᠵᠤ ᠠᠬᠤᠢ ᠶᠢᠨ ᠡᠷᠬᠢᠯᠳᠡ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/19
      3 ᠰᠠᠷ᠎ᠠ ᠶᠢᠨ 18᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢᠶᠣᠤ ᠰᠢᠶᠣᠣ ᠵᠢᠶᠦ᠋ᠨ ᠪᠥᠬᠦ ᠬᠤᠰᠢᠭᠤᠨ ᠤ ᠠᠵᠤ ᠠᠬᠤᠢ ᠶᠢᠨ ᠡᠷᠬᠢᠯᠳᠡ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠳᠣᠬᠠᠨ ᠤ ᠪᠠᠶᠢᠳᠠᠯ ᠢ ᠵᠠᠳᠠᠯᠤᠨ ᠰᠤᠳᠤᠯᠵᠤ᠂ ᠲᠠᠷᠠᠭ᠎ᠠ ᠠᠯᠬᠤᠮ ᠤᠨ ᠠᠵᠢᠯ ᠳᠤ ᠪᠠᠶᠢᠷᠢᠯᠠᠭᠤᠯᠤᠯᠳᠠ ᠬᠢᠪᠡ᠃       ᠴᠢᠶᠣᠤ ᠰᠢᠶᠣᠣ ᠵᠢᠶᠦ᠋ᠨ ᠶᠠᠷᠢᠬᠤ ᠳᠠᠭᠠᠨ ᠡᠯ᠎ᠡ ᠬᠦᠷᠢᠶᠡᠯᠡᠩ ᠲᠣᠭᠤᠷᠢᠭ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠨᠢᠭᠡᠳᠦᠭᠡᠷ ᠤᠯᠠᠷᠢᠯ ᠤᠨ ᠬᠠᠷᠠᠯᠳᠠᠳᠤ ᠡᠭᠦᠷᠭᠡ ᠶᠢ ᠠᠩᠬᠠᠷᠴᠤ᠂ ᠲᠦᠷᠦᠯ ᠵᠦᠢᠯ ᠤᠨ ᠪᠡᠯᠡ ᠣᠷᠣᠭᠤᠯᠤᠯᠲᠠ᠂ ᠠᠵᠤ ᠦᠢᠯᠡᠳᠪᠦᠷᠢ ᠶᠢᠨ ᠡᠷᠬᠢᠯᠳᠡ᠂ ᠬᠡᠷᠡᠭᠯᠡᠭᠡ ᠶᠢ ᠠᠬᠢᠭᠤᠯᠬᠤ᠂ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠠᠳᠬᠤᠵᠤ᠂ ᠠᠵᠤ ᠠᠬᠤᠢ ᠶᠢᠨ ᠡᠷᠬᠢᠯᠳᠡ ᠶᠢᠨ ᠦᠨᠳᠦᠰᠦᠨ ᠪᠠᠶᠢᠳᠠᠯ ᠤᠨ ᠲᠣᠭᠲᠠᠭᠤᠨ ᠪᠠᠶᠢᠯᠭᠠᠬᠤ ᠬᠡᠷᠡᠭᠲᠡᠢ ᠭᠡᠪᠡ᠃ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠦᠢᠯᠡᠴᠢᠯᠡᠵᠦ᠂ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠶᠢᠨ ᠬᠠᠭᠤᠳᠠᠰᠤ ᠡᠷᠢᠵᠦ᠂ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠᠬᠢ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠦᠴᠢᠷᠳᠡᠯ ᠢ ᠦᠨᠡᠨ ᠪᠣᠳᠠᠲᠠᠢ ᠪᠠᠷ ᠰᠢᠢᠳᠪᠦᠷᠢᠯᠡᠵᠦ ᠥᠭᠬᠦ ᠬᠡᠷᠡᠭᠲᠡᠢ᠃ ᠲᠥᠷᠥᠯ ᠬᠤᠪᠢᠶᠠᠨ ᠵᠢᠯᠤᠭᠤᠳᠬᠤ ᠪᠠᠨ ᠴᠢᠩᠭᠠᠳᠬᠠᠵᠤ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠥᠮᠥᠷᠭᠡ ᠳᠤ ᠣᠷᠣᠭᠤᠯᠬᠤ ᠵᠢᠯᠣᠭᠤᠳᠤᠯᠭ᠎ᠠ ᠪᠠᠨ ᠴᠢᠩᠭᠠᠳᠬᠠᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠡᠪᠴᠢᠶᠡᠵᠢᠯ ᠢᠶᠠᠨ ᠳᠡᠭᠡᠭᠰᠢᠯᠡᠭᠦᠯᠦᠨ ᠪᠦᠷᠢᠳᠬᠡᠬᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠨᠡᠮᠡᠭᠳᠡᠯ ᠤᠨ ᠳᠠᠯᠳᠠ ᠬᠦᠴᠦᠨ ᠢ ᠠᠭᠤᠳᠠᠯᠬᠤ ᠬᠡᠷᠡᠭᠲᠡᠢ᠃ ︽ᠬᠤᠪᠢᠶᠠᠷᠢ ᠶᠢ ᠰᠠᠯᠪᠤᠷᠢ ᠪᠤᠯᠭᠠᠨ ᠦᠬᠡᠷᠡᠴᠢᠯᠡᠬᠦ︾ ︽ᠠᠵᠤ ᠦᠢᠯᠡᠰ ᠤᠨ ᠠᠵᠢᠯᠯᠠᠭ᠎ᠠ ᠶᠢᠨ ᠨᠢᠬᠡᠴᠢ ᠶᠢ ᠲᠤᠰᠠᠭᠠᠷ ᠲᠠᠩᠰᠠᠯᠠᠬᠤ ᠬᠠᠤᠯᠢ ᠶᠢᠨ ᠡᠷᠬᠡᠳᠡᠨ ᠤ ᠨᠢᠬᠡᠴᠢ ᠪᠤᠯᠭᠠᠬᠤ︾ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ︽ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠳᠠ︾᠎ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠡᠯ᠎ᠡ ᠲᠦᠷᠦᠯ ᠤᠨ ᠭᠤᠤᠯᠳᠠᠯᠭᠠᠳᠤ ᠠᠵᠢᠯ ᠢ ᠬᠦᠴᠦᠲᠡᠢ ᠡᠮᠬᠢ ᠵᠢᠷᠤᠮ ᠲᠠᠢ ᠠᠬᠢᠭᠤᠯᠵᠤ᠂ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠳᠤᠯᠠᠨ ᠪᠡᠶᠡᠯᠡᠬᠦᠯᠬᠦ ᠶᠢ ᠪᠠᠲᠤᠯᠠᠬᠤ ᠬᠡᠷᠡᠭᠲᠡᠢ ᠬᠡᠪᠡ᠃       ᠬᠤᠰᠢᠭᠤ ᠠᠷᠠᠳ ᠤᠨ ᠵᠠᠰᠠᠭ ᠤᠨ ᠣᠷᠳᠣᠨ᠂ ᠮᠧᠩ ᠰᠤ᠋ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠡᠯ᠎ᠡ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ