ᠬᠤᠰᠢᠭᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 100 ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/22
        3 ᠰᠠᠷ᠎ᠠ ᠶᠢᠨ 19᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠦ᠋ ᠶᠦᠨ ᠬᠤᠰᠢᠭᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 100 ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃
1.jpg
    ᠬᠤᠷᠠᠯ ᠠᠴᠠ ᠬᠤᠷᠢᠳᠤᠭᠠᠷ ᠬᠤᠭᠤᠴᠠᠭᠠᠨ ᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠤᠯᠠᠮᠵᠢᠯᠠᠯᠲᠤ ᠠᠵᠤ ᠦᠢᠯᠡᠰ ᠢ ᠶᠡᠭᠡ ᠪᠠᠷ ᠥᠭᠡᠷᠡᠴᠢᠯᠡᠨ ᠳᠡᠭᠡᠭᠰᠢᠯᠡᠭᠦᠯᠵᠦ᠂ ᠲᠤᠮᠤ ᠬᠡᠪᠴᠢᠶᠡᠨ ᠤ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠦᠨ᠂ ᠤᠯᠠᠮᠵᠢᠯᠠᠯᠲᠤ ᠠᠵᠤ ᠦᠢᠯᠡᠰ ᠤᠨ ᠲᠠᠬᠢᠨ ᠴᠤᠭᠴᠠᠯᠠᠬᠤ ᠬᠡᠷᠡᠭᠲᠡᠶ᠃ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠲᠦᠷᠭᠡᠨ ᠪᠤᠶᠢᠵᠢᠭᠤᠯᠤᠨ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠪᠠᠷ ᠨᠠᠷᠢᠨ ᠤᠨᠤᠴᠠᠳᠠᠢ ᠪᠠᠷ ᠬᠤᠳᠠᠯᠳᠤᠭᠠᠴᠢᠨ ᠤᠷᠢᠬᠤ ᠶᠢ ᠢᠳᠡᠪᠬᠢᠲᠡᠢ ᠥᠷᠨᠢᠭᠦᠯᠵᠦ᠂ ᠰᠢᠨ᠎ᠡ ᠡᠨᠧᠷᠭᠢ ᠶᠢᠨ ᠲᠦᠬᠦᠬᠡᠷᠦᠮᠵᠢ ᠦᠢᠯᠡᠳᠬᠦ ᠶᠡᠭᠡ ᠬᠡᠪᠴᠢᠶ᠎ᠡ᠂ ᠥᠨᠳᠥᠷ ᠬᠠᠷᠢᠴᠠᠯ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠵᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠪᠠᠨ ᠤᠯᠠᠮ ᠨᠢᠬᠡ ᠠᠯᠬᠤᠮ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠨᠢᠭᠡ ᠪᠦᠯᠦᠭ ᠠᠵᠢᠯ ᠲᠦᠷᠦᠯ ᠤᠨ ᠲᠡᠷᠢᠭᠦᠨ ᠤ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠴᠢᠷᠮᠠᠶᠢᠨ ᠤᠯᠬᠤ ᠬᠡᠷᠡᠭᠲᠡᠢ ᠬᠡᠵᠦ ᠴᠢᠬᠤᠯᠠᠴᠢᠯᠠᠪᠠ᠃
2.jpg
    ᠬᠤᠷᠠᠯ ᠠᠴᠠ ᠪᠦᠬᠦ ᠣᠷᠣᠨ᠂ ᠪᠦᠬᠦ ᠬᠤᠳᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠰᠡᠳᠬᠢᠯ ᠰᠠᠨᠠᠭ᠎ᠠ ᠪᠠᠨ ᠨᠢᠭᠲᠠᠷᠠᠭᠤᠯᠵᠤ᠂ ᠬᠠᠮᠲᠤ ᠶᠢᠨ ᠲᠠᠨᠢᠯᠲᠠ ᠪᠠᠨ ᠲᠦᠪᠯᠡᠷᠡᠬᠦᠯᠦᠨ ᠂ ︽ᠳᠥᠷᠪᠡᠨ ᠤᠬᠠᠮᠰᠠᠷ︾᠎ ᠢᠶᠠᠨ ᠲᠠᠰᠤᠷᠠᠯᠲᠠ ᠥᠬᠡᠶ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠨᠢᠭᠡᠳᠦᠮᠡᠯ ᠹᠷᠣᠨᠲ ᠤᠨ ᠠᠵᠢᠯ ᠤᠨ ᠰᠢᠨ᠎ᠡ ᠪᠠᠶᠢᠳᠠᠯ ᠢ ᠲᠦᠷᠭᠡᠳᠬᠡᠨ ᠡᠭᠦᠳᠬᠦ ᠬᠡᠷᠡᠭᠲᠡᠶ᠃ ᠬᠦᠴᠢᠷ ᠠᠰᠠᠭᠤᠳᠠᠯ ᠢ ᠰᠢᠢᠳᠪᠦᠷᠢᠯᠡᠨ᠂ ᠬᠥᠭᠵᠢᠯᠲᠡ ᠶᠢ ᠠᠬᠢᠭᠤᠯᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠᠬᠢ ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ ᠨᠠᠮ ᠢᠶᠠᠨ ᠳᠠᠭᠠᠵᠤ᠂ ᠡᠩᠨᠡᠭᠡ ᠪᠠᠨ ᠬᠦᠴᠦᠷᠬᠡᠭᠵᠢᠭᠦᠯᠤᠨ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠦ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠦᠷᠦ ᠡᠷᠡᠰ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠬᠡᠪ ᠰᠤᠷᠲᠠᠯ ᠪᠠᠲᠤ ᠴᠢᠩᠭ᠎ᠠ ᠨᠢᠭᠡᠳᠦᠮᠡᠯ ᠹᠷᠣᠨᠲ ᠤᠨ ᠠᠵᠢᠯ ᠤᠨ ᠡᠩᠨᠡᠭᠡ ᠶᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ︽ᠤᠢᠢᠷ᠎ᠠ ᠬᠠᠪᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ︾᠂ ︽ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾᠂ ︽ᠤᠢᠢᠷ᠎ᠠ ᠬᠠᠪᠢ ᠶᠢᠨ ᠨᠠᠰᠤᠵᠢᠯ ᠤᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾᠂ ︽ᠠᠵᠢᠯ ᠣᠯᠭᠤᠯᠲᠠ ᠶᠢ ᠳᠡᠭᠡᠭᠰᠢᠯᠡᠭᠦᠯᠬᠦ ᠠᠵᠢᠯ ᠤᠨ ᠬᠡᠷᠡᠭᠵᠢᠭᠦᠯᠬᠦ ᠲᠥᠰᠦᠯ︾᠎ ᠢ ᠬᠢᠨᠠᠨ ᠵᠥᠪᠯᠡᠪᠡ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ