ᠦ᠋ ᠶᠦᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠪᠠ ᠲᠥᠷᠥᠯ ᠵᠦᠢᠯ ᠤᠨ ᠠᠬᠤᠢ ᠲᠠᠯᠠᠪᠠᠢ ᠳᠤ ᠭᠦᠨᠵᠡᠭᠡᠶᠢᠷᠡᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/3/22
    ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠭᠦᠨᠵᠡᠭᠡᠢ ᠦᠢᠯᠡᠳᠦᠯᠭᠡᠵᠢᠭᠦᠯᠬᠦ ᠶᠢᠨ ᠲᠥᠯᠥᠭᠡ᠂ 3 ᠰᠠᠷ᠎ᠠ ᠶᠢᠨ 18᠎ ᠤ ᠡᠳᠦᠷ ᠠᠴᠠ 19᠎ ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠱᠦᠵᠢ ᠦ᠋ ᠶᠦᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠪᠠ ᠲᠥᠷᠥᠯ ᠵᠦᠢᠯ ᠤᠨ ᠠᠬᠤᠢ ᠲᠠᠯᠠᠪᠠᠢ ᠳᠤ ᠭᠦᠨᠵᠡᠭᠡᠶᠢᠷᠡᠨ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠦᠭᠵᠢᠭᠰᠡᠨ ᠪᠠᠶᠢᠳᠠᠯ ᠢ ᠪᠠᠶᠢᠴᠠᠭᠠᠨ ᠰᠤᠳᠤᠯᠵᠤ᠂ ᠭᠤᠤᠯᠳᠠᠯᠭᠠᠳᠤ ᠲᠥᠷᠥᠯ ᠵᠦᠢᠯ ᠤᠨ ᠠᠵᠢᠯ ᠢᠶᠠᠨ ᠡᠬᠢᠯᠡᠭᠦᠯᠬᠦ ᠪᠠ ᠰᠡᠷᠭᠦᠭᠡᠬᠦ ᠠᠵᠢᠯ ᠢ ᠬᠢᠨᠠᠨ ᠵᠢᠯᠤᠭᠤᠳᠬᠤ ᠶᠢᠨ ᠬᠠᠮᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠤ᠂ ᠠᠬᠤᠢ ᠲᠠᠯᠠᠪᠠᠢ ᠳᠤ ᠠᠵᠢᠯᠯᠠᠵᠤ ᠬᠦᠴᠢᠷ ᠠᠰᠠᠭᠤᠳᠠᠯ ᠢ ᠰᠢᠢᠳᠪᠦᠷᠢᠯᠡᠪᠡ᠃ ᠬᠤᠰᠢᠭᠤᠨ ᠤ ᠤᠳᠤᠷᠢᠳᠤᠯᠭ᠎ᠠ ᠵᠣᠣ ᠸᠧᠢ ᠣᠷᠣᠯᠴᠠᠪᠠ᠃
1.png
    ᠵᠠᠰᠠᠭ ᠤᠨ ᠡᠬᠡ ᠬᠠᠭᠤᠷᠠᠢ ᠶᠢᠨ ᠭᠠᠷᠠᠮ ᠤᠨ ᠲᠤᠷᠰᠢᠯᠲᠠ ᠶᠢᠨ ᠴᠢᠭ ᠤᠨ ᠲᠦᠷᠦᠯ ᠵᠦᠢᠯ ᠤᠨ ᠭᠠᠵᠠᠷ ᠰᠣᠩᠭᠤᠬᠤ ᠭᠠᠵᠠᠷ ᠪᠣᠯᠣᠨ ᠯᠦᠩ ᠵᠢᠢ 5GW ᠥᠨᠳᠥᠷ ᠦᠷ᠎ᠡ ᠠᠰᠢᠭ ᠲᠠᠢ ᠭᠡᠷᠡᠯ ᠸᠤᠯᠲ ᠤᠨ ᠲᠦᠷᠦᠯ ᠵᠦᠢᠯ ᠤᠨ ᠠᠬᠤᠢ ᠲᠠᠯᠠᠪᠠᠢ ᠳᠤ᠂ ᠦ᠋ ᠶᠦᠨ ᠲᠦᠷᠦᠯ ᠵᠦᠢᠯ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠠᠬᠢᠴᠠ ᠪᠠᠨ ᠲᠦᠷᠭᠡᠳᠬᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠪᠠ᠃
2.png
    ᠦ᠋ ᠶᠦᠨ ᠰᠢᠨ ᠵᠢᠦᠢ ᠶᠤᠸᠠᠨ ᠨᠡᠭᠦᠷᠡᠰᠦᠨ ᠤ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠤ᠂ ᠪᠠᠷᠠᠭ᠎ᠠ ᠲᠡᠬᠡᠬᠡᠪᠦᠷᠢᠯᠡᠨ ᠬᠤᠷᠢᠶᠠᠬᠤ᠂ ᠡᠵᠡᠩᠨᠡᠯᠲᠡ ᠶᠢᠨ ᠥᠪᠡᠷ ᠤᠨ ᠦᠷᠳᠡᠭ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠲᠡᠭᠡᠭᠡᠪᠦᠷᠢ ᠶᠢᠨ ᠲᠦᠪᠰᠢᠨ ᠢ ᠳᠡᠭᠡᠭᠰᠢᠯᠡᠭᠦᠯᠬᠦ᠂ ᠡᠳ᠋ ᠪᠠᠷᠠᠭᠠᠨ ᠤ ᠭᠦᠢᠯᠭᠡᠭᠡᠨ ᠤ ᠠᠵᠤ ᠦᠢᠯᠡᠰ ᠢ ᠪᠤᠵᠠᠭᠠᠶᠢᠷᠠᠭᠤᠯᠬᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃
3.png
     ᠬᠤ᠋ ᠨᠧᠩ ᠪᠦᠯᠦᠭᠯᠡᠯ ᠤᠨ ᠳ᠋ᠢᠩ ᠵᠢᠶᠠ ᠯᠢᠶᠠᠩ ᠤᠨ ᠨᠡᠭᠦᠷᠡᠰᠦᠨ ᠠᠭᠤᠷᠬᠠᠢ ᠳᠤ᠂ ᠦ᠋ ᠶᠦᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠤᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠷᠭᠡᠳᠬᠡᠵᠦ᠂ ᠠᠶᠤᠯᠭᠦᠢ ᠦᠢᠯᠡᠳᠪᠦᠷᠢᠯᠡᠯ ᠤᠨ ᠲᠠᠯ᠎ᠠ ᠪᠠᠷ ᠬᠡᠪ ᠳᠠᠭᠤᠷᠢᠶᠠᠯ ᠦᠵᠡᠭᠦᠯᠬᠦ ᠬᠡᠷᠡᠭᠲᠡᠢ ᠭᠡᠵᠦ ᠱᠠᠭᠠᠷᠳᠠᠪᠠ᠃ ᠳᠠᠷᠠᠭ᠎ᠠ ᠨᠢ᠂ ᠦ᠋ ᠶᠦᠨ ᠵᠧᠩ ᠨᠧᠩ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ ᠳᠤ ᠬᠦᠷᠴᠦ᠂ ᠠᠵᠤ ᠠᠬᠤᠶᠢᠯᠠᠯ ᠳᠤ ᠬᠡᠷᠡᠯ ᠸᠤᠯᠲ ᠤᠰᠤᠲᠥ᠋ᠷᠥᠭᠴᠢ ᠦᠢᠯᠡᠳᠬᠦ ᠤᠰᠤᠲᠥ᠋ᠷᠥᠭᠴᠢ ᠨᠮᠡᠬᠦ ᠶᠢ ᠨᠢᠭᠡ ᠴᠣᠭᠴᠠᠵᠢᠭᠤᠯᠬᠤ ᠵᠢᠱᠢᠶ᠎ᠡ ᠦᠵᠡᠭᠦᠯᠬᠦ ᠲᠦᠷᠦᠯ ᠵᠦᠢᠯ ᠪᠣᠯᠣᠨ ᠮᠠᠭᠨᠢ ᠶᠢᠨ ᠬᠠᠶᠢᠯᠤᠰᠢ ᠶᠢ ᠴᠢᠳᠬᠤᠬᠤ ᠲᠦᠷᠦᠯ ᠵᠦᠢᠯ ᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠪᠠ᠃
4.png
5.jpg
   ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠦ᠋ ᠶᠦᠨ ᠯᠦᠩ ᠵᠢᠢ ᠺᠣᠮᠫᠠᠨᠢ ᠳᠤ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠤᠸᠠᠨ ᠵᠢᠩ ᠂ ᠯᠦᠩ ᠵᠢᠢ᠂ ᠬᠤᠸᠠ ᠵᠢᠩ᠂ ᠵᠢᠶᠧ ᠴᠢᠩ ᠵᠡᠷᠭᠡ ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠶᠢᠨ ᠲᠣᠭᠤᠷᠢᠨ ᠳᠤ ᠰᠠᠨᠠᠯ ᠢᠶᠠᠨ ᠰᠤᠯᠢᠯᠴᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠠᠵᠤ ᠠᠬᠤᠶᠢᠯᠠᠯ ᠤᠨ ᠬᠥᠭᠵᠢᠯᠲᠡ ᠳᠤ ᠣᠷᠣᠰᠢᠵᠤ ᠪᠠᠶᠢᠭ᠎ᠠ ᠪᠣᠳᠠᠲᠠᠢ ᠠᠰᠠᠭᠤᠳᠠᠯ ᠳᠤ ᠲᠠᠷᠠᠭᠠᠯᠠᠨ ᠬᠠᠷᠢᠭᠤᠯᠲᠠ ᠦᠭᠪᠡ᠃ ᠮᠧᠩ ᠰᠤ᠋ ᠠᠵᠤ ᠠᠬᠤᠢ ᠶᠢᠨ ᠨᠡᠭᠡᠭᠡᠯᠲᠡ ᠶᠢᠨ ᠤᠷᠤᠨ ᠢ ᠠᠵᠢᠯ ᠤᠨ ᠭᠤᠣᠯᠳᠠᠯᠭ᠎ᠠ ᠪᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠳᠤᠯᠠᠭ᠎ᠠ ᠠᠴᠠ ᠲᠥᠷᠥᠯ ᠵᠦᠢᠯ ᠢ ᠠᠳᠬᠤᠬᠤ᠂ ᠡᠵᠡᠩᠨᠡᠯᠲᠡ ᠶᠢ ᠵᠡᠷᠭᠡ ᠪᠠᠷ ᠴᠢᠬᠤᠯᠠᠴᠢᠯᠠᠬᠤ ᠳᠠᠰᠢ ᠠᠯᠬᠤᠮ ᠠᠯᠬᠤᠮ ᠢᠶᠠᠷ ᠬᠤᠪᠢᠷᠠᠭᠤᠯᠵᠤ᠂ ᠠᠵᠤ ᠠᠬᠤᠶᠢᠯᠠᠯ ᠤᠨ ᠳᠤᠷᠠᠳᠤᠭᠰᠠᠨ ᠠᠰᠠᠭᠤᠳᠠᠯ ᠢ ᠨᠡᠷᠢᠨ ᠬᠠᠭᠤᠳᠠᠰᠤ ᠪᠠᠷ ᠰᠢᠢᠳᠪᠦᠷᠢᠯᠡᠬᠦ ᠶᠢ ᠲᠦᠯᠬᠢᠨ ᠠᠬᠢᠭᠤᠯᠬᠤ ᠬᠡᠷᠡᠭᠲᠡᠢ︔ ᠬᠤᠯᠪᠣᠭᠳᠠᠯ ᠪᠦᠬᠦᠢ ᠰᠠᠯᠠᠭ᠎ᠠ ᠮᠥᠴᠢᠷ ᠳᠡᠭᠡᠭᠰᠢ ᠵᠣᠬᠢᠴᠠᠭᠤᠯᠬᠤ ᠪᠠ ᠲᠦᠷᠦ ᠶᠢᠨ ᠪᠣᠳᠣᠯᠭ᠎ᠠ ᠶᠢ ᠪᠡᠶᠡᠯᠡᠭᠦᠯᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠤᠨ ᠬᠥᠭᠵᠢᠯᠲᠡ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠡᠬᠦᠳᠬᠦ ᠶᠢᠨ ᠬᠠᠮᠳᠤ᠂ ᠡᠯ᠎ᠡ ᠠᠵᠤ ᠠᠬᠤᠶᠢᠯᠠᠯ ᠤᠨ ᠪᠥᠬᠦ ᠬᠤᠰᠢᠭᠤᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠵᠦ᠂ ᠥᠷᠭᠡᠨ ᠣᠯᠠᠨ ᠠᠵᠤ ᠠᠬᠤᠶᠢᠯᠠᠯ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ ᠶᠢ ᠦᠷᠭᠦᠯᠵᠢᠯᠡᠨ ᠠᠬᠢᠭᠤᠯᠵᠤ᠂ ᠬᠤᠰᠢᠭᠤ ᠨᠠᠮ ᠤᠨ ᠬᠤᠷᠢᠶ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠳᠤ ᠢᠯᠡᠭᠦᠬᠡᠨ ᠰᠠᠨᠠᠯ ᠰᠠᠨᠠᠭᠤᠯᠭ᠎ᠠ ᠳᠤᠷᠠᠳᠴᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠪᠠ ᠡᠬᠢ ᠪᠠᠶᠠᠯᠢᠭ ᠢ ᠤᠯᠠᠷᠢᠭᠤᠯᠤᠨ ᠠᠰᠢᠭᠯᠠᠬᠤ ᠠᠵᠢᠯ ᠢ ᠬᠠᠮᠲᠤ ᠪᠠᠷ ᠰᠠᠶᠢᠲᠤᠷ ᠬᠢᠬᠦ ᠶᠢ ᠵᠣᠷᠢᠭᠵᠢᠭᠤᠯᠤᠨ᠎ᠠ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ