2024 ᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/3/6
                   ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ   ᠴᠢᠶᠣᠤ ᠰᠢᠶᠣᠣ ᠵᠢᠶᠦ᠋ᠨ ᠲᠥᠯᠥᠭᠡᠯᠡᠭᠴᠢᠳ ᠠ᠋᠄     ᠤᠲᠤ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠦᠷᠦ ᠶᠢᠨ ᠵᠦᠪᠯᠡᠯᠬᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃     ᠨᠢᠭᠡ᠂ 2023 ᠣᠨ ᠤ ᠠᠵᠢᠯ ᠤᠨ ᠡᠷᠭᠢᠴᠡᠭᠦᠯᠦᠯ     ᠥᠩᠭᠡᠷᠡᠭᠰᠡᠨ ᠨᠢᠭᠡ ᠵᠢᠯ ᠪᠣᠯ ᠲᠤᠶᠢᠯ ᠤᠨ ᠶᠡᠭᠡ ᠥᠷᠢᠰᠦᠯᠳᠦᠭᠡᠨ ᠲᠠᠢ᠂ ᠲᠤᠶᠢᠯ ᠤᠨ ᠶᠡᠷᠦ ᠪᠤᠰᠤ ᠶᠢᠨ ᠨᠢᠭᠡ ᠵᠢᠯ ᠪᠤᠯᠬᠤ ᠶᠤᠮ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠳᠠᠯ ᠳᠤ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠪᠠ ᠪᠥᠬᠦ ᠬᠤᠲᠠ ᠶᠢᠨ ︽ᠭᠤᠷᠪᠠᠨ ᠳᠥᠷᠪᠡ︾᠎ ᠶᠢᠨ ᠠᠵᠢᠯ ᠤᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠲᠠᠶᠢᠴᠢᠯᠠᠵᠤ ᠬᠦᠴᠢᠷ ᠢ ᠲᠤᠭᠤᠯᠤᠨ ᠤᠷᠤᠭᠰᠢᠯᠠᠵᠤ᠂ ᠡᠷᠡᠮᠡᠬᠡᠶᠢᠯᠡᠨ ᠤᠷᠤᠭᠰᠢᠯᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠩ ᠯᠠᠪᠳᠠᠭᠤᠨ ᠪᠠᠲᠤᠲᠠᠢ ᠠᠯᠬᠤᠵᠤ᠂ ᠬᠦᠴᠢᠷ ᠤᠨ ᠳᠤᠮᠳᠠ ᠠᠮᠵᠢᠯᠲᠠ ᠣᠯᠬᠤ ᠪᠠᠷ ᠴᠢᠷᠮᠠᠶᠢᠵᠤ᠂ ᠣᠨᠴᠠᠭᠠᠶ ᠬᠢᠯᠪᠠᠷ ᠪᠤᠰᠤ ᠰᠢᠨ᠎ᠡ ᠪᠦᠳᠦᠮᠵᠢ ᠶᠢᠨ ᠬᠠᠭᠤᠳᠠᠰᠤ ᠶᠢ ᠲᠤᠰᠢᠶᠠᠭᠰᠠᠨ ᠪᠠᠶᠢᠨ᠎ᠠ᠃     2023 ᠣᠨ ᠤ ᠦᠷ᠎ᠡ ᠪᠦᠳᠦᠮᠵᠢ ᠶᠢᠨ ᠬᠠᠭᠤᠳᠠᠰᠤᠨ ᠳᠤ᠂ ᠪᠢᠳᠡ ᠳᠤᠮᠳᠠᠳᠤ ᠤᠯᠤᠰ ᠤᠨ ᠬᠠᠮᠤᠭ ᠤᠨ ᠵᠣᠯ ᠵᠢᠷᠭᠠᠯ ᠤᠨ ᠲᠦᠷᠦᠭᠳᠡᠯ ᠲᠠᠢ ᠬᠤᠲᠠ᠂ ᠠᠵᠤ ᠠᠬᠤᠶᠢᠯᠠᠯᠲᠠᠨ ᠤ ᠵᠣᠯ ᠵᠢᠷᠭᠠᠯ ᠤᠨ ᠲᠦᠷᠦᠭᠳᠡᠯ ᠢᠶᠠᠷ ᠬᠠᠮᠤᠭ ᠤᠨ ᠴᠢᠩᠭ᠎ᠠ ᠬᠤᠲᠠ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠵᠡᠷᠭᠡ ᠰᠢᠨ᠎ᠡ ᠨᠡᠷ᠎ᠡ ᠶᠢᠨ ᠬᠠᠭᠤᠳᠠᠰᠤ ᠶᠢ ᠬᠦᠷᠳᠡᠪᠡ︔ ᠤᠯᠤᠰ ᠤᠨ ᠪᠣᠬᠢᠷᠲᠤᠯ ᠦᠭᠡᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ᠭᠠᠵᠠᠷ ᠵᠡᠷᠭᠡ ᠰᠢᠨ᠎ᠡ ᠢᠷᠠᠭᠤ ᠠᠯᠳᠠᠷ ᠢ ᠭᠥᠷᠳᠡᠪᠡ︔ ᠣᠯᠠᠨ ᠤᠯᠤᠰ ᠤᠨ ᠡᠨᠧᠷᠭᠢ ᠶᠢᠨ ᠰᠤᠷᠪᠤᠯᠵᠢ ᠶᠢᠨ ᠵᠠᠬᠢᠷᠭ᠎ᠠ ᠶᠢᠨ ᠲᠠᠨᠢᠯᠴᠠᠭᠤᠯᠤᠭᠰᠠᠨ ᠰᠢᠯᠢᠳᠡᠭ ᠬᠡᠷᠡᠭ ᠤᠨ ᠵᠢᠱᠢᠶ᠎ᠡ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠭᠰᠡᠨ ᠨᠡᠶᠢᠲᠡᠯᠢᠭ ᠬᠡᠷᠡᠭ ᠤᠨ ᠵᠢᠱᠢᠶ᠎ᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠠᠵᠤ ᠦᠢᠯᠡᠳᠪᠦᠷᠢ ᠶᠢᠨ ᠪᠣᠬᠢᠷᠲᠤᠯ ᠦᠭᠡᠢ ᠪᠢᠴᠢᠯ ᠴᠠᠬᠢᠯᠭᠠᠨ ᠲᠣᠣᠷ ᠤᠨ ᠨᠡᠶᠢᠲᠡᠯᠢᠭ ᠬᠡᠷᠡᠭᠯᠡᠯᠲᠡ ᠶᠢᠨ ᠦᠵᠡᠭᠳᠡᠯ ᠪᠠ ᠬᠡᠷᠡᠭ ᠤᠨ ᠵᠢᠱᠢᠶ᠎ᠡ᠂ ᠠᠮᠢ ᠠᠬᠤᠢ ᠶᠢᠨ ᠣᠷᠴᠢᠨ ᠲᠤᠭᠤᠷᠢᠨ ᠤ ᠶᠠᠮᠤᠨ ᠤ ᠪᠣᠬᠢᠷᠲᠤᠯ ᠦᠭᠡᠢ ᠲᠤᠤᠷ᠎ᠠ ᠨᠡᠬᠦᠷᠡᠰᠦᠳᠦ᠋ᠷᠦᠭᠴᠢᠳᠦ ᠨᠡᠶᠢᠲᠡᠯᠢᠭ ᠬᠡᠷᠡᠭ ᠤᠨ ᠵᠢᠱᠢᠶ᠎ᠡ ᠵᠡᠷᠭᠡ ᠰᠢᠨ᠎ᠡ ᠨᠡᠶᠢᠲᠡᠯᠢᠭ ᠲᠠᠭᠤᠷᠢᠶᠠᠯ ᠢ ᠬᠦᠷᠳᠡᠪᠡ︔ ᠪᠥᠬᠦ ᠤᠯᠤᠰ ᠤᠨ ᠰᠢᠨᠵᠢᠯᠡᠬᠦ ᠤᠬᠠᠭᠠᠨ ᠤ ᠲᠦᠬᠡᠮᠡᠯᠵᠢᠬᠦᠯᠦᠯᠳᠡ ᠶᠢᠨ ᠵᠢᠱᠢᠶ᠎ᠡ ᠦᠵᠡᠭᠦᠯᠬᠦ ᠬᠤᠰᠢᠭᠤ᠂ ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠬᠤ ᠰᠢᠯᠢᠳᠡᠭ ᠬᠤᠰᠢᠭᠤ᠂ ᠪᠥᠬᠦ ᠤᠯᠤᠰ ᠤᠨ ᠬᠥᠳᠡᠭᠡ ᠲᠣᠰᠬᠤᠨ ᠤ ᠡᠮᠴᠢ ᠶᠢᠨ ᠶᠡᠷᠦᠩᠬᠡᠶᠢᠯᠡᠭᠰᠡᠨ  ᠴᠢᠳᠠᠪᠤᠷᠢ ᠲᠡᠬᠡᠭᠰᠢᠯᠡᠬᠦᠯᠬᠦ ᠠᠵᠢᠯᠯᠠᠭ᠎ᠠ ᠶᠢᠨ ᠲᠥᠷᠥᠯ ᠵᠦᠢᠯ ᠤᠨ ᠲᠤᠷᠰᠢᠯᠲᠠ ᠶᠢᠨ ᠬᠤᠰᠢᠭᠤ᠂ ᠪᠥᠬᠦ ᠤᠯᠤᠰ ᠤᠨ ᠠᠩᠬᠠᠨ ᠤ ᠪᠦᠯᠦᠭ ᠰᠣᠶᠣᠯ ᠤᠨ ᠠᠵᠤ ᠦᠢᠯᠡᠰ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠷᠰᠢᠯᠲᠠ ᠴᠡᠭ ᠵᠡᠷᠭᠡ ᠰᠢᠨ᠎ᠡ ᠵᠠᠭᠪᠤᠷ ᠢ ᠡᠬᠦᠳᠪᠡ︔ ᠥᠪᠡᠷᠲᠡᠭᠡᠨ ᠵᠠᠰᠠᠬᠤ ᠣᠷᠣᠨ ᠤ ᠰᠡᠯᠡᠭᠦᠴᠡᠯ ᠵᠢᠭᠤᠯᠴᠢᠯᠠᠯ ᠤᠨ ᠵᠡᠭᠡᠯᠢ ᠲᠣᠭᠤᠷᠢᠭ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭᠠᠳᠤ ᠲᠣᠰᠬᠤᠨ᠂ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠵᠢᠵᠢᠭ ᠪᠠᠯᠭᠠᠰᠤ ᠵᠡᠷᠭᠡ ᠰᠢᠨ᠎ᠡ ᠵᠢᠱᠢᠶ᠎ᠡ ᠦᠵᠡᠬᠦᠯᠬᠦ ᠲᠠᠭᠤᠷᠢᠶᠠᠯ ᠪᠤᠯᠪᠠ᠃ ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 1221 ᠳ᠋ᠦᠩᠰᠢᠭᠤᠷ ᠲᠥᠭᠦᠷᠢᠭ ᠪᠡᠶᠡᠯᠡᠭᠦᠯᠵᠦ᠂ 3.5% ᠨᠡᠮᠡᠭᠳᠡᠪᠡ︔ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ 154 ᠳ᠋ᠦᠩᠰᠢᠭᠤᠷ ᠲᠥᠭᠦᠷᠢᠭ᠂ 14.8% ᠨᠡᠮᠡᠭᠳᠡᠪᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 60840 ᠲᠥᠭᠦᠷᠢᠭ᠂ 27042 ᠲᠥᠭᠦᠷᠢᠭ ᠲᠤ ᠬᠦᠷᠴᠦ᠂ ᠲᠣᠰ ᠲᠣᠰ 4.4% ᠪᠠ 7.8% ᠨᠡᠮᠡᠭᠳᠡᠨ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠪᠥᠬᠦ ᠤᠯᠤᠰ ᠤᠨ 20 ᠳ᠋ᠤᠭᠠᠷ ᠲᠤ ᠣᠷᠣᠵᠤ᠂ ᠪᠥᠬᠦ ᠤᠯᠤᠰ ᠤᠨ ᠵᠠᠭᠤᠨ ᠬᠦᠴᠦᠷᠬᠡᠭ ᠰᠢᠶᠠᠨ ᠤ 36 ᠳ᠋ᠤᠭᠠᠷ ᠲᠤ ᠵᠢᠭᠰᠠᠭᠠᠭᠳᠠᠪᠠ᠃ ᠨᠢᠭᠡ ᠵᠢᠯ ᠤᠨ ᠲᠤᠷᠰᠢ᠂ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠪᠡ᠃     ︵ᠨᠢᠭᠡ︶ ᠠᠵᠤ ᠠᠬᠤᠢ ᠶᠢᠨ ᠡᠷᠬᠢᠯᠳᠡ ᠶᠡᠷᠦᠩᠬᠡᠢ ᠳᠡᠭᠡᠨ ᠲᠣᠭᠲᠠᠭᠤᠨ ᠪᠠᠶᠢᠵᠤ ᠦᠷᠭᠦᠯᠵᠢᠯᠡᠨ ᠰᠠᠶᠢᠵᠢᠷᠠᠪᠠ᠃ ᠪᠦᠬᠦ ᠬᠦᠴᠦᠨ ᠢᠶᠠᠷ ᠢᠶᠠᠨ ᠨᠡᠭᠦᠷᠡᠰᠦ ᠶᠢ ᠲᠣᠭᠲᠠᠪᠤᠷᠢᠵᠢᠭᠤᠯᠵᠤ᠂ ᠬᠡᠷᠡᠭᠯᠡᠭᠡ ᠶᠢ ᠠᠬᠢᠭᠤᠯᠤᠨ᠂ ᠨᠡᠮᠡᠭᠳᠡᠯ ᠢ ᠪᠠᠲᠤᠯᠠᠵᠤ᠂ ᠲᠣᠭᠲᠠᠭᠤᠨ ᠤ ᠰᠠᠭᠤᠷᠢ ᠶᠢ ᠠᠯᠬᠤᠮ ᠠᠯᠬᠤᠮ ᠢᠶᠠᠷ ᠪᠠᠬᠢᠵᠢᠭᠦᠯᠵᠦ᠂ ᠤᠷᠤᠭᠰᠢᠯᠠᠯᠲᠠ ᠶᠢᠨ ᠬᠥᠳᠡᠯᠭᠡᠬᠦ ᠬᠦᠴᠦᠨ ᠢ  ᠲᠦᠷᠬᠡᠳᠬᠡᠨ ᠲᠥᠪᠯᠡᠷᠡᠭᠦᠯᠪᠡ᠃ ᠨᠠᠷᠢᠨᠰᠢᠯᠢ᠂ ᠰᠢᠨ᠎ᠡ ᠵᠡᠭᠡᠯᠢ᠂ ᠲᠤᠶᠢᠭ ᠤᠨ ᠨᠡᠬᠦᠷᠡᠰᠦᠨ ᠠᠭᠤᠷᠬᠠᠢ ᠶᠢᠨ ᠶᠡᠷᠦᠩᠬᠡᠢ ᠲᠥᠯᠦᠪᠵᠢᠭᠦᠯᠭᠡ ᠵᠥᠪᠰᠢᠶᠡᠷᠡᠭᠳᠡᠵᠦ᠂ ︽ᠨᠢᠭᠡ ᠠᠭᠤᠷᠬᠠᠢ ᠳᠤ ᠨᠢᠭᠡ ᠲᠦᠷᠦ ᠶᠢᠨ ᠪᠣᠳᠣᠯᠭ᠎ᠠ︾᠎ ᠪᠠᠷ 36 ᠨᠡᠭᠦᠷᠡᠰᠦᠨ ᠠᠭᠤᠷᠬᠠᠢ ᠶᠢ ᠬᠠᠪᠰᠤᠷᠤᠨ ᠦᠢᠯᠡᠳᠪᠦᠷᠢᠯᠡᠯ ᠢ ᠰᠡᠷᠭᠦᠭᠡᠨ ᠦᠢᠯᠡᠳᠪᠦᠷᠢᠯᠡᠵᠤ᠂ 2.03 ᠳ᠋ᠦᠩᠰᠢᠭᠤᠷ ᠲᠣᠨ ᠨᠡᠭᠦᠷᠡᠰᠦ ᠦᠢᠯᠡᠳᠪᠦᠷᠢᠯᠡᠵᠦ ᠪᠣᠷᠣᠯᠠᠭᠤᠯᠪᠠ᠃ ᠰᠢᠨ᠎ᠡ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠭᠠᠷᠭᠠᠬᠤ ᠬᠡᠮᠵᠢᠶ᠎ᠡ 13.7 ᠳ᠋ᠦᠩᠰᠢᠭᠤᠷ ᠺᠢᠯᠣᠸᠠᠲ ᠲᠤ ᠬᠦᠷᠴᠦ᠂ 104% ᠨᠡᠮᠡᠭᠳᠡᠪᠡ᠃ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠵᠢᠴᠢ ᠭᠠᠶᠢᠯᠢ ᠶᠢ ᠪᠤᠴᠠᠭᠠᠬᠤ ᠰᠦᠢᠳᠬᠡᠯ ᠢ ᠬᠤᠶᠢᠰᠢᠯᠠᠭᠤᠯᠤᠭᠰᠠᠨ 10.7 ᠳ᠋ᠦᠩᠰᠢᠭᠤᠷ ᠲᠥᠭᠦᠷᠢᠭ ᠢ ᠰᠢᠨ᠎ᠡ ᠪᠠᠷ ᠨᠡᠮᠡᠭᠳᠡᠭᠦᠯᠵᠦ᠂ 2.6 ᠲᠦᠮᠡᠨ ᠡᠷᠦᠬᠡ ᠭᠠᠶᠢᠯᠢ ᠲᠤᠰᠢᠶᠠᠭᠴᠢ ᠳᠤ ᠠᠰᠢᠭ ᠬᠦᠷᠲᠡᠭᠡᠪᠡ᠃ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ 18 ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ︽ᠨᠤᠸᠠᠨ ᠴᠧᠩ︾ ᠳᠠᠭᠤᠤ ᠬᠥᠭᠵᠢᠮ ᠤᠨ ᠨᠠᠶᠢᠷ᠂ ᠡᠯᠧᠺᠲᠷᠤᠨ ᠨᠠᠭᠠᠳᠤᠮ ᠤᠨ ᠥᠷᠢᠰᠦᠯᠳᠦᠭᠡᠨ ᠤ ᠳᠠᠭᠤᠤ ᠬᠥᠭᠵᠢᠮ ᠤᠨ ᠨᠠᠶᠢᠷ ᠵᠡᠷᠭᠡ ᠠᠵᠢᠯᠯᠠᠭ᠎ᠠ ᠶᠢ ᠡᠷᠭᠢᠯᠡᠵᠦ᠂ ᠬᠡᠷᠡᠭᠯᠡᠭᠡᠨ ᠤ ᠲᠡᠮᠳᠡᠭᠲᠦ ᠵᠢᠴᠢ ᠵᠢᠵᠢᠭ ᠪᠢᠴᠢᠯ ᠬᠤᠳᠠᠯᠳᠤᠭᠠᠨ ᠤ ᠡᠷᠦᠬᠡ ᠳᠤ 1000 ᠲᠦᠮᠡᠨ ᠲᠥᠭᠦᠷᠢᠭ ᠤᠨ ᠨᠥᠬᠦᠪᠦᠷᠢ ᠲᠠᠷᠬᠠᠭᠠᠵᠤ᠂ ᠬᠡᠷᠡᠭᠯᠡᠭᠡ ᠶᠢ 2 ᠳ᠋ᠦᠩᠰᠢᠭᠤᠷ ᠲᠥᠭᠦᠷᠢᠭ ᠠᠴᠠ ᠳᠡᠭᠡᠭᠰᠢ ᠪᠤᠯᠭᠠᠨ ᠳᠠᠶᠢᠴᠢᠯᠠᠨ᠂ ᠬᠤᠨᠤᠭ᠂ ᠢᠳᠡᠭᠡᠨ ᠤᠮᠳᠠᠭᠠᠨ ᠤ ᠦᠢᠯᠡᠰ ᠲᠣᠰ ᠲᠣᠰ 23.8% ᠪᠠ 25.7% ᠨᠡᠮᠡᠭᠳᠡᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠲᠤᠭ᠎ᠠ 56.4 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 9.2% ᠨᠡᠮᠡᠭᠳᠡᠨ᠂ ᠨᠡᠮᠡᠭᠳᠡᠯ ᠤᠨ ᠬᠤᠷᠳᠤᠴᠠ ᠨᠢ 11 ᠵᠢᠯ ᠤᠨ ᠲᠤᠷᠰᠢᠬᠢ ᠬᠠᠮᠤᠭ ᠤᠨ ᠥᠨᠳᠥᠷ ᠬᠡᠮᠵᠢᠶᠡᠨ ᠳᠤ ᠬᠥᠷᠪᠡ᠃ ᠣᠷᠳᠣᠰ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠡᠵᠡᠩᠨᠡᠯᠲᠡ ᠳᠤ ᠣᠷᠣᠵᠤ᠂ 3 ᠰᠢᠭᠤᠳ ᠡᠵᠡᠩᠨᠡᠯᠲᠡ ᠶᠢᠨ ᠳᠡᠯᠭᠡᠭᠦᠷ ᠨᠡᠭᠡᠭᠡᠵᠦ᠂ ᠠᠩᠬᠠᠳᠠᠭᠴᠢ ᠣᠯᠠᠨ ᠤᠯᠤᠰ ᠤᠨ ᠪᠥᠬᠦ ᠪᠠᠷᠠᠭᠠᠨ ᠤ ᠲᠡᠭᠡᠭᠡᠪᠦᠷᠢ ᠶᠢᠨ ᠠᠶᠠᠯᠠᠯ ᠤᠨ ᠱᠤᠭᠤᠮ ᠢ ᠨᠠᠪᠲᠠᠷᠡᠭᠦᠯᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ ᠠᠩᠬ᠎ᠠ ᠤᠳᠠᠭ᠎ᠠ 75 ᠳ᠋ᠦᠩᠰᠢᠭᠤᠷ ᠲᠥᠭᠦᠷᠢᠭ ᠢ ᠳᠠᠪᠠᠵᠤ᠂ 80% ᠨᠡᠮᠡᠭᠳᠡᠨ᠂ ᠪᠥᠬᠦ ᠬᠤᠲᠠ ᠶᠢᠨ 50% ᠎ ᠠᠴᠠ ᠳᠡᠭᠡᠭᠰᠢᠬᠢ ᠶᠢ ᠡᠵᠡᠯᠡᠪᠡ᠃     ︵ᠬᠤᠶᠠᠷ︶ ᠲᠥᠷᠥᠯ ᠵᠦᠢᠯ ᠤᠨ ᠦᠯᠡᠳᠡᠪᠦᠷᠢ ᠶᠢ ᠬᠤᠪᠢᠷᠠᠭᠤᠯᠤᠨ ᠦᠷ᠎ᠡ ᠠᠰᠢᠭ ᠢ ᠨᠡᠮᠡᠭᠳᠡᠬᠦᠯᠪᠡ᠃     ᠲᠤᠰᠬᠠᠢ ᠠᠩᠭᠢ ᠲᠤᠰᠬᠠᠢ ᠬᠥᠮᠥᠨ ᠢᠶᠠᠷ ᠠᠬᠢᠭᠤᠯᠬᠤ᠂ ︽ᠳᠥᠷᠪᠡᠨ ᠵᠢᠷᠤᠭ︾ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠬᠤᠲᠠ ᠶᠢᠨ ᠱᠠᠲᠤᠨ ᠤ 60 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ ᠢ ᠪᠦᠬᠦᠨ ᠢ ᠡᠬᠢᠯᠡᠨ ᠠᠵᠢᠯᠯᠠᠭᠤᠯᠵᠤ᠂ ᠡᠭᠦᠨ ᠳᠤ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ ᠢ 22 ᠬᠡᠷᠡᠭᠵᠢᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 214 ᠳ᠋ᠦᠩᠰᠢᠭᠤᠷ ᠲᠥᠭᠦᠷᠢᠭ ᠪᠡᠶᠡᠯᠡᠭᠦᠯᠵᠦ᠂ 59.2% ᠨᠡᠮᠡᠭᠳᠡᠨ᠂ ᠶᠡᠷᠦᠩᠬᠡᠢ ᠬᠡᠮᠵᠢᠶ᠎ᠡ᠂ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠬᠤᠲᠠ ᠶᠢᠨ ᠨᠢᠬᠡ᠂ ᠬᠤᠶᠠᠳᠤᠭᠠᠷ ᠲᠤ ᠣᠷᠣᠪᠠ᠃ ᠯᠦᠩ ᠵᠢᠢ᠂ ᠬᠤᠸᠠ ᠵᠢᠩ᠂ ᠵᠢᠶᠧ ᠴᠢᠩ ᠵᠡᠷᠭᠡ ᠴᠢᠬᠤᠯᠠ ᠶᠡᠭᠡ ᠦᠢᠯᠡᠳᠬᠦ ᠦᠢᠯᠡᠰ ᠤᠨ ᠲᠥᠷᠥᠯ ᠵᠦᠢᠯ ᠢ ᠵᠠᠯᠭᠠᠭ᠎ᠠ ᠪᠠᠷ ᠪᠠᠷᠢᠯᠭ᠎ᠠ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠱᠤᠸᠠᠩ ᠮᠠᠨ ᠬᠦᠶ ᠳ᠋ᠦ᠋ ᠪᠠᠭᠤᠳᠠᠯ᠂ ᠤᠯᠠᠭᠠᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠬᠦᠷᠢᠶᠡᠯᠡᠩ ᠵᠡᠷᠭᠡ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ᠂ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ᠂ ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠤᠯᠲᠠ ᠲᠣᠰ ᠲᠣᠰ 295%᠂ 617% ᠪᠠ 147% ᠨᠡᠮᠡᠭᠳᠡᠪᠡ᠃ ᠠᠵᠤ ᠦᠢᠯᠡᠳᠪᠦᠷᠢ ᠶᠢᠨ ᠲᠥᠷᠥᠯ ᠵᠦᠢᠯ ᠢ 22 ᠥᠷᠭᠡᠳᠬᠡᠨ ᠨᠡᠮᠡᠭᠳᠡᠭᠦᠯᠵᠦ᠂ ᠨᠢᠭᠡᠳᠦᠭᠡᠷ ᠵᠤᠷᠪᠤᠰ ᠤᠨ ᠬᠥᠳᠡᠯᠭᠡᠭᠴᠢ ᠬᠦᠴᠦᠨ ᠤ ᠳ᠋ᠢᠶᠠᠨ ᡂᠢ ᠶᠢᠨ ᠦᠢᠯᠡᠳᠪᠦᠷᠢᠯᠡᠯ ᠤᠨ ᠱᠤᠭᠤᠮ᠂ ᠨᠢᠭᠡᠳᠦᠭᠡᠷ ᠵᠤᠷᠪᠤᠰ ᠤᠨ ᠬᠡᠷᠡᠯ ᠴᠡᠨᠡᠭ ᠤᠨ ᠪᠥᠬᠦ ᠠᠵᠤ ᠦᠢᠯᠡᠰ ᠤᠨ ᠬᠡᠯᠬᠢᠶ᠎ᠡ᠂ ᠨᠢᠭᠡᠳᠦᠭᠡᠷ ᠰᠠᠭᠤᠷᠢ ᠶᠢᠨ ᠤᠰᠤᠲᠥ᠋ᠷᠥᠭᠴᠢ ᠲᠦᠯᠡᠰᠢᠨ ᠳ᠋ᠢᠶᠠᠨ ᡂᠢ᠂ ᠨᠢᠭᠡᠳᠦᠭᠡᠷ ᠵᠤᠷᠪᠤᠰ ᠤᠨ 2000 ᠪᠠᠷᠢᠮᠵᠢᠶᠠᠲᠤ ᠳᠥᠷᠪᠡᠯᠵᠢᠨ ᠴᠠᠬᠢᠯᠭᠠᠨ ᠵᠠᠳᠠᠯᠤᠯᠲᠠ ᠶᠢᠨ ᠣᠩᠭᠤᠴᠠ ᠪᠠ ᠨᠢᠭᠡᠳᠦᠭᠡᠷ ᠵᠤᠷᠪᠤᠰ ᠤᠨ ᠬᠡᠷᠡᠯ ᠢᠯᠴᠢ ᠪᠠᠷ ᠴᠠᠬᠢᠯᠭᠠᠨ ᠭᠠᠷᠭᠠᠬᠤ ᠬᠠᠪᠲᠠᠭᠠᠢ ᠲᠤᠯᠢᠨ ᠤ ᠦᠢᠯᠡᠳᠪᠦᠷᠢᠯᠡᠯ ᠤᠨ ᠱᠤᠭᠤᠮ ᠵᠡᠷᠭᠡ ᠲᠠᠪᠤᠨ ᠵᠦᠢᠯ ᠥᠪᠡᠷᠲᠡᠭᠡᠨ ᠵᠠᠰᠠᠬᠤ ᠣᠷᠣᠨ ᠳᠤ ᠨᠢᠭᠡᠳᠦᠭᠡᠷ ᠲᠤ ᠣᠷᠣᠵᠤ᠂ ᠦᠢᠯᠡᠳᠬᠦ ᠦᠢᠯᠡᠰ ᠤᠨ ᠦᠢᠯᠡᠳᠬᠦᠨ ᠤ ᠥᠷᠲᠡᠭ 200 ᠳ᠋ᠦᠩᠰᠢᠭᠤᠷ ᠲᠥᠭᠦᠷᠢᠭ ᠲᠤ ᠬᠦᠷᠴᠦ᠂ 50% ᠨᠡᠮᠡᠭᠳᠡᠪᠡ᠃ ᠬᠥᠬᠡᠮᠥ᠋ᠷᠡᠨ ᠤ ᠭᠤᠷᠪᠠᠯᠵᠢᠨ ᠬᠤᠶᠢᠭ᠂ ᠪᠦᠸᠧᠬᠠᠢ ᠲᠠᠩᠭᠢᠰ ᠢ ᠲᠣᠭᠤᠷᠢᠭᠰᠠᠨ ᠣᠷᠣᠨ᠂ ᠳ᠋ᠠ ᠸᠠᠨ ᠲᠣᠭᠤᠷᠢᠭ ᠵᠡᠷᠭᠡ 7 ︽ᠬᠤᠶᠠᠷ ᠤᠷᠢᠵᠤ ᠬᠤᠶᠠᠷ ᠢ ᠤᠷᠤᠭᠤᠯᠬᠤ︾ ᠠᠵᠢᠯ ᠤᠨ ᠦᠷᠳᠡᠭᠡ ᠶᠢ ᠪᠠᠶᠢᠭᠤᠯᠵᠤ᠂ 33 ᠴᠢᠬᠤᠯᠠ ᠶᠡᠭᠡ ᠲᠦᠷᠦᠯ ᠵᠦᠢᠯ ᠢ ᠬᠡᠷ᠎ᠡ ᠲᠤᠭᠳᠠᠨ ᠣᠷᠣᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠪᠣᠳᠠᠲᠠᠶᠢᠵᠢᠭᠤᠯᠤᠭᠰᠠᠨ ᠪᠡᠯᠡ ᠮᠥᠩᠭᠦ 125 ᠳ᠋ᠦᠩᠰᠢᠭᠤᠷ ᠲᠥᠭᠦᠷᠢᠭ ᠲᠤ ᠬᠦᠷᠴᠦ᠂ 42% ᠨᠡᠮᠡᠭᠳᠡᠪᠡ᠃     ︵ᠭᠤᠷᠪᠠ︶ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠤᠨ ᠥᠷᠢᠰᠦᠯᠳᠦᠭᠡᠨ ᠤ ᠳᠠᠪᠠᠭᠤᠯᠢᠭ ᠠᠯᠬᠤᠮ ᠠᠯᠬᠤᠮ ᠢᠶᠠᠷ ᠲᠣᠪᠣᠶᠢᠮ᠎ᠠ ᠪᠣᠯᠪᠠ᠃ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠢᠵᠢ ᠪᠦᠷᠢᠳᠦᠭᠰᠡᠨ ᠰᠢᠨ᠎ᠡ ᠡᠨᠧᠷᠭᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠲᠠᠭᠤᠰᠬᠠᠵᠤ᠂ ᠪᠥᠬᠦ ᠣᠷᠣᠨ ᠤ ᠠᠩᠬᠠᠳᠠᠭᠴᠢ ᠣᠷᠣᠨ ᠪᠦᠰᠡ ᠶᠢᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠺᠣᠮᠫᠠᠨᠢ ᠶᠢ ᠪᠠᠶᠢᠭᠤᠯᠵᠤ᠂ 52 ᠠᠵᠤ ᠠᠬᠤᠶᠢᠯᠠᠯ ᠢ ᠪᠦᠬᠦᠨ ᠢ ᠹᠠᠩ ᠵᠧᠦ ᠡᠨᠧᠷᠭᠢ ᠨᠡᠭᠦᠷᠡᠰᠦᠲᠥ᠋ᠷᠥᠭᠴᠢ ᠶᠢᠨ ᠬᠠᠮᠢᠶᠠᠷᠤᠯᠲᠠ ᠶᠢᠨ ᠲᠠᠪᠴᠠᠩ ᠳᠤ ᠵᠠᠯᠭᠠᠨ ᠣᠷᠣᠭᠤᠯᠪᠠ᠃ ᠪᠥᠬᠦ ᠤᠯᠤᠰ ᠤᠨ ᠬᠠᠮᠤᠭ ᠤᠨ ᠲᠣᠮᠣ 10 ᠲᠦᠮᠡᠨ ᠲᠣᠨ ᠪᠣᠬᠢᠷᠲᠤᠯ ᠦᠭᠡᠢ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ 10 ᠲᠦᠮᠡᠨ ᠲᠣᠨ ᠦᠢᠯᠡᠳᠪᠦᠷᠢᠯᠡᠯ ᠤᠨ ᠤᠰᠤ ᠬᠠᠩᠭᠠᠬᠤ ᠬᠤᠭᠤᠯᠠᠢ ᠶᠢᠨ ᠱᠤᠭᠤᠮ ᠢ ᠪᠠᠶᠢᠭᠤᠯᠤᠨ ᠠᠰᠢᠭᠯᠠᠯᠲᠠ ᠳᠤ ᠣᠷᠣᠭᠤᠯᠤᠨ᠂ 3 ᠰᠠᠭᠤᠷᠢ 220 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢ 7 ᠰᠠᠷ᠎ᠠ ᠳᠤ ᠪᠠᠶᠢᠭᠤᠯᠵᠤ ᠲᠠᠭᠤᠰᠬᠠᠨ ᠴᠠᠬᠢᠯᠭᠠᠨ ᠬᠦᠷᠭᠡᠵᠦ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠳᠤ ᠮᠢᠩᠭᠠᠨ ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠠᠴᠢᠶᠠᠯᠠᠬᠤ ᠰᠢᠨ᠎ᠡ ᠠᠵᠤ ᠦᠢᠯᠡᠳᠪᠦᠷᠢ ᠶᠢᠨ ᠴᠢᠳᠠᠪᠤᠷᠢ ᠶᠢ ᠪᠦᠷᠢᠯᠳᠦᠭᠦᠯᠪᠡ᠃ 2023 ᠤᠨ ᠤ ᠣᠷᠳᠣᠰ ᠤᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠶᠡᠭᠡ ᠬᠤᠷᠠᠯ᠂ ᠤᠰᠤᠲᠥ᠋ᠷᠥᠭᠴᠢ ᠡᠨᠧᠷᠭᠢ ᠶᠢᠨ ᠲᠤᠰᠬᠠᠢ ᠨᠠᠷᠢᠯᠢᠭ ᠣᠨᠴᠠ ᠰᠢᠨ᠎ᠡ ᠠᠳᠠᠯ ᠦᠢᠯᠡᠰ ᠴᠣᠭᠴᠠᠯᠠᠬᠤ ᠤᠷᠤᠯᠳᠤᠭᠠᠨ ᠢ ᠠᠮᠵᠢᠯᠲᠠ ᠲᠠᠢ ᠡᠷᠭᠢᠯᠡᠵᠦ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠣᠯᠠᠨ ᠤᠯᠤᠰ ᠤᠨ ᠪᠠᠷᠢᠮᠵᠢᠶ᠎ᠠ ᠵᠢᠴᠢ ᠪᠣᠬᠢᠷᠲᠤᠯ ᠦᠭᠡᠢ ᠰᠤᠯᠢᠯᠴᠠᠭᠠᠨ ᠤ ᠠᠵᠢᠯᠯᠠᠭ᠎ᠠ ᠶᠢ ᠡᠬᠢᠯᠡᠭᠦᠯᠵᠦ᠂ ᠪᠥᠬᠦ ᠤᠯᠤᠰ ᠤᠨ ᠠᠩᠬᠠᠳᠠᠭᠴᠢ ᠢᠵᠢ ᠮᠤᠵᠢ ᠶᠢᠨ ᠱᠠᠲᠤᠨ ᠤ ︽ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠭᠠᠵᠠᠷ ᠣᠷᠣᠨ ᠎ ᠤ ᠪᠠᠷᠢᠮᠵᠢᠶ᠎ᠠ︾᠎ ᠶᠢ ᠨᠡᠶᠢᠲᠡᠯᠡᠨ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠰᠢᠨ᠎ᠡ ᠶᠢ ᠡᠭᠦᠳᠬᠦ ᠵᠠᠭᠪᠤᠷ ᠪᠠ ᠬᠠᠶᠢᠨ ᠰᠦᠪᠡᠭᠴᠢᠯᠡᠬᠦ ᠦᠢᠯᠡᠳᠦᠯᠭᠡ ᠤᠯᠤᠰ ᠤᠨ ᠳᠣᠲᠣᠭᠠᠳᠤ ᠭᠠᠳᠠᠭᠠᠳᠤ ᠳᠤ ᠥᠷᠭᠡᠨ ᠢᠶᠠᠷ ᠮᠡᠳᠡᠷᠡᠭᠳᠡᠵᠦ᠂ 28 ᠳ᠋ᠤᠭᠠᠷ ᠬᠤᠭᠤᠴᠠᠭᠠᠨ ᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠶᠡᠭᠡ ᠬᠤᠷᠠᠯ ᠳᠡᠭᠡᠷ᠎ᠡ ︽ᠡᠨᠧᠷᠭᠢ ᠶᠢᠨ ᠬᠡᠯᠪᠡᠷᠢ ᠶᠢᠨ ᠬᠤᠪᠢᠷᠠᠭᠤᠯᠤᠯᠲᠠ ᠶᠢᠨ ᠱᠠᠩᠨᠠᠯ︾᠎ ᠢ ᠢᠷᠠᠭᠤ ᠠᠯᠳᠠᠷᠲᠠᠢ ᠪᠠᠷ ᠭᠥᠷᠳᠡᠪᠡ᠃     ︵ᠳᠥᠷᠪᠡ︶ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠤᠨ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠬᠦᠴᠦ ᠪᠠᠨ ᠲᠥᠪᠯᠡᠷᠡᠭᠦᠯᠦᠨ ︽ᠳᠤᠯᠠᠭᠠᠨ ᠬᠤᠲᠠ · ᠲᠠᠪᠤᠨ ᠰᠡᠳᠬᠢᠯ︾᠎ ᠤᠨ ᠲᠡᠷᠢᠭᠦᠨ ᠤ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠤᠨ ᠨᠠᠷᠠᠲᠤ ᠲᠡᠮᠳᠡᠭᠲᠦ ᠶᠢ ᠪᠣᠶ ᠪᠣᠯᠭᠠᠵᠤ᠂ ︽15 ᠮᠢᠨᠦ᠋ᠲ ᠤᠨ ᠵᠠᠰᠠᠭ ᠤᠨ ᠶᠠᠪᠤᠳᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠦᠷᠢᠶ᠎ᠡ︾᠎ ᠶᠢ ᠪᠠᠶᠢᠭᠤᠯᠤᠨ ᠪᠦᠲᠦᠭᠡᠵᠦ᠂ ᠪᠥᠬᠦ ᠣᠷᠣᠨ ᠳᠤ 24 ᠴᠠᠭ ᠤᠨ ᠥᠪᠡᠰᠦᠪᠡᠨ ᠦᠢᠯᠡᠴᠢᠯᠡᠬᠦ ᠵᠠᠰᠠᠭ ᠤᠨ ᠶᠠᠪᠤᠳᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢ ᠪᠦᠬᠦᠨ ᠢ ᠪᠦᠷᠬᠦᠬᠦᠯᠬᠦ ᠶᠢ ᠤᠷᠢᠳᠠᠪᠠᠷ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠭᠤᠭᠴᠤᠭ᠎ᠠ᠂ ᠴᠠᠭ ᠤᠨ ᠬᠢᠵᠠᠭᠠᠷ ᠢ ᠲᠣᠰ ᠲᠣᠰ 19% ᠪᠠ 51% ᠪᠠᠭᠠᠰᠬᠠᠵᠤ᠂ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ 99.8% ᠬᠦᠷᠪᠡ᠃ ᠱᠧᠨ ᠳ᠋ᠦᠩ ᠵᠢᠩ ᠲᠦᠩ ᠨᠡᠭᠦᠷᠡᠰᠦ᠂ ᠳ᠋ᠦᠩ ᠹᠠᠩ ᠨᠡᠭᠦᠷᠡᠰᠦ ᠴᠠᠬᠢᠯᠭᠠᠨ ᠤ ᠪᠡᠯᠡ ᠣᠷᠣᠭᠤᠯᠤᠯᠲᠠ ᠵᠡᠷᠭᠡ 14 ᠠᠵᠤ ᠠᠬᠤᠶᠢᠯᠠᠯ ᠤᠨ ᠶᠡᠷᠦᠩᠬᠡᠢ ᠵᠠᠬᠢᠷᠭ᠎ᠠ ᠶᠢ ᠣᠷᠣᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ 7814 ᠡᠷᠦᠬᠡ ᠰᠢᠨ᠎ᠡ ᠪᠠᠷ ᠳᠡᠩᠰᠡᠯᠡᠵᠦ᠂ 26.4% ᠨᠡᠮᠡᠭᠳᠡᠪᠡ᠃ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ᠂ ᠵᠠᠭᠤᠨ ᠲᠠᠯᠠᠪᠤᠷ ᠢᠶᠠᠷ ᠠᠵᠢᠯ ᠤᠨ ᠪᠠᠶᠢᠷᠢ ᠶᠢ ᠳᠠᠭᠠᠭᠤᠯᠬᠤ︾ ᠵᠡᠷᠭᠡ 100 ᠲᠠᠯᠠᠪᠤᠷ ᠤᠷᠢᠨ ᠬᠡᠷᠡᠭᠯᠡᠬᠦ ᠰᠢᠷᠢᠰ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠠᠵᠤ ᠦᠢᠯᠡᠰ ᠤᠨ ᠮᠡᠷᠬᠡᠵᠢᠯᠳᠡᠨ ᠢ 1.3 ᠲᠦᠮᠡᠨ ᠬᠦᠮᠦᠨ ᠢ ᠤᠷᠢᠨ ᠬᠡᠷᠡᠭᠯᠡᠵᠦ᠂ 1600 ᠢᠵᠢ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢ ᠨᠠᠶᠢᠳᠠᠪᠤᠷᠢᠵᠢᠭᠤᠯᠪᠠ᠃ ᠧᠦ ᠶᠠᠩ ᠮᠢᠩ ᠭᠤᠸ᠂ ᠱᠧᠨ ᠴᠢ ᠷᠦᠩ ᠵᠡᠷᠭᠡ ᠠᠺᠠᠳᠧᠮᠢᠴᠢ ᠶᠢᠨ ᠪᠦᠯᠬᠦᠮ ᠢ ᠣᠷᠣᠭᠤᠯᠵᠤ ᠂ ᠠᠭᠤᠷᠬᠠᠢ ᠳᠤ ᠬᠡᠷᠡᠭᠯᠡᠬᠦ ᠠᠭᠤᠷᠬᠠᠢ ᠶᠢᠨ ᠠᠵᠤ ᠦᠢᠯᠡᠳᠪᠦᠷᠢ ᠶᠢᠨ ᠬᠠᠷᠢᠯᠴᠠᠨ ᠬᠤᠯᠪᠣᠭᠠᠯᠠᠵᠤ ᠰᠢᠨ᠎ᠡ ᠶᠢ ᠡᠭᠦᠳᠬᠦ ᠤᠯᠤᠰ ᠤᠨ ᠭᠤᠤᠯᠳᠠᠯᠭᠠᠳᠤ ᠲᠤᠷᠰᠢᠯᠲᠠ ᠶᠢᠨ ᠲᠠᠰᠤᠭ ᠢ ᠪᠠᠶᠢᠭᠤᠯᠤᠨ ᠫᠠᠶᠢᠰᠠ ᠰᠡᠬᠦᠵᠦ᠂ ᠣᠷᠳᠣᠰ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠡᠬᠢᠯᠡᠬᠦᠯᠦᠨ ᠡᠵᠡᠩᠨᠡᠯᠳᠡ ᠬᠢᠪᠡ᠃ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ 68 ᠲᠥᠷᠥᠯ ᠵᠦᠢᠯ ᠳᠤ ᠤᠷᠤᠭᠤᠯᠪᠠ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠳᠤ 2 ᠰᠣᠩᠭᠤᠭᠳᠠᠵᠤ᠂  ᠬᠡᠪᠴᠢᠶᠡᠵᠢᠯ ᠠᠴᠠ ᠲᠡᠬᠡᠭᠰᠢᠬᠢ ᠠᠵᠤ ᠦᠢᠯᠡᠳᠪᠦᠷᠢ ᠶᠢᠨ ︽ᠭᠤᠷᠪᠠ ᠶᠢ ᠦᠬᠡᠶᠢᠰᠬᠡᠬᠦ︾ ᠠᠵᠤ ᠠᠬᠤᠶᠢᠯᠠᠯ 19᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 69 ᠰᠢᠨ᠎ᠡ ᠪᠠᠷ ᠨᠡᠮᠡᠭᠳᠡᠵᠦ᠂ ᠪᠥᠬᠦ ᠨᠡᠶᠢᠭᠡᠮ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ 10.3 ᠳ᠋ᠦᠩᠰᠢᠭᠤᠷ ᠲᠥᠭᠦᠷᠢᠭ ᠲᠤ ᠬᠦᠷᠴᠦ᠂ 39% ᠨᠡᠮᠡᠭᠳᠡᠪᠡ᠃     ︵ᠲᠠᠪᠤ︶ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠢᠯᠡᠳᠲᠡ ᠦᠷ᠎ᠡ ᠪᠦᠲᠦᠮᠵᠢ ᠣᠯᠪᠠ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠬᠤᠲᠠ ᠶᠢᠨ ᠲᠠᠰ ᠠᠴᠠ ᠪᠠᠭᠤᠯᠭᠠᠭᠰᠠᠨ 181 ᠵᠦᠢᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠭᠤᠤᠯᠳᠠᠭᠠᠯᠳᠤ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠪᠡ᠃ ᠬᠠᠲᠤᠨ ᠭᠤᠣᠯ ᠤᠨ ᠲᠤᠬᠤᠢ ᠶᠢᠨ ᠪᠠᠷᠬᠡ ᠠᠰᠠᠭᠤᠳᠠᠯ ᠢ ᠰᠢᠢᠳᠪᠦᠷᠢᠯᠡᠬᠦ ᠶᠢ ᠪᠥᠬᠦ ᠲᠠᠯ᠎ᠠ ᠪᠠᠷ ᠡᠬᠢᠯᠡᠭᠦᠯᠵᠦ᠂ ᠲᠦᠮᠡᠨ ᠮᠦ ᠴᠢᠴᠠᠷᠭᠠᠨ᠎ᠠ ᠳᠠᠷᠢᠬᠤ᠂ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠵᠡᠷᠭᠡ 25 ᠲᠦᠮᠡᠨ ᠮᠦ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ 4.7 ᠲᠦᠮᠡᠨ ᠮᠦ ᠨᠡᠭᠦᠷᠡᠰᠦ ᠮᠠᠯᠳᠠᠵᠤ ᠴᠦᠮᠦᠷᠡᠭᠰᠡᠨ ᠤᠷᠤᠨ ᠤ ᠳᠠᠬᠢᠨ ᠬᠠᠭᠠᠯᠪᠤᠷᠢᠯᠠᠬᠤ ᠣᠷᠣᠨ ᠢ ᠰᠡᠷᠭᠦᠭᠡᠨ ᠵᠠᠰᠠᠵᠤ᠂ ᠪᠣᠬᠢᠷᠲᠤᠯ ᠦᠭᠡᠢ ᠨᠡᠶᠢᠲᠡᠯᠢᠭ ᠵᠢᠱᠢᠶ᠎ᠡ ᠦᠵᠡᠭᠦᠯᠬᠦ 4 ᠠᠭᠤᠷᠬᠠᠢ ᠶᠢ ᠪᠠᠶᠢᠭᠤᠯᠤᠨ ᠪᠦᠲᠦᠭᠡᠪᠡ᠃ ᠬᠠᠮᠤᠭ ᠤᠨ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠤᠯᠠᠭᠠᠨᠮᠦ᠋ᠷᠡᠨ ᠭᠤᠣᠯ᠂ ᠵᠠᠩᠭᠤᠳᠤ ᠶᠢᠨ ᠭᠤᠣᠯ᠂ ᠲᠡᠮᠡᠬᠡᠨ ᠬᠠᠳᠠᠨ ᠴᠠᠭᠠᠨᠨᠠᠭᠤᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠥᠨᠳᠥᠷ ᠪᠠᠷᠢᠮᠵᠢᠶ᠎ᠠ ᠪᠠᠷ ᠵᠠᠰᠠᠵᠤ᠂ ᠤᠯᠤᠰ ᠤᠨ ᠪᠠᠶᠢᠴᠠᠭᠠᠨ ᠲᠤᠳᠤᠯᠠᠭᠰᠠᠨ ᠭᠠᠵᠠᠷ ᠤᠨ ᠭᠠᠳᠠᠷᠭᠤ ᠶᠢᠨ ᠣᠭᠲᠣᠯᠣᠭᠠᠰᠤ ᠶᠢᠨ ᠤᠰᠤᠨ ᠤ ᠴᠢᠨᠠᠷ ᠢ ᠪᠦᠬᠦᠨ ᠢ ᠪᠠᠷᠢᠮᠵᠢᠶ᠎ᠠ ᠳᠤ ᠬᠦᠷᠭᠡᠪᠡ᠃ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠱᠠᠩᠬᠠᠢ ᠶᠢᠨ ᠣᠷᠴᠢᠨ ᠲᠣᠭᠤᠷᠢᠨ ᠤ ᠡᠨᠧᠷᠭᠢ ᠶᠢᠨ ᠰᠤᠯᠢᠯᠴᠠᠭᠠᠨ ᠤ ᠭᠠᠵᠠᠷ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠰᠤᠯᠢᠯᠴᠠᠭᠠᠨ ᠤ ᠲᠠᠪᠴᠠᠩ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠣᠶ ᠰᠢᠭᠤᠢ ᠶᠢᠨ ᠦᠢᠯᠡᠰ ᠤᠨ ᠨᠡᠭᠦᠷᠡᠰᠦᠲᠥ᠋ᠷᠥᠭᠴᠢ ᠰᠢᠩᠭᠡᠬᠡᠨ ᠠᠪᠬᠤ ᠰᠤᠯᠢᠯᠴᠠᠭ᠎ᠠ ᠪᠠ ᠲᠦᠷᠦᠭᠦᠸ ᠪᠦᠯᠦᠭ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠠᠩᠰᠠ ᠨᠡᠭᠡᠭᠡᠬᠦ ᠶᠢ ᠪᠡᠶᠡᠯᠡᠭᠦᠯᠵᠦ᠂ ᠪᠥᠬᠦ ᠣᠷᠣᠨ ᠳᠤ ᠨᠡᠭᠦᠷᠡᠰᠦᠲᠥ᠋ᠷᠥᠭᠴᠢ ᠰᠢᠩᠭᠡᠬᠡᠨ ᠠᠪᠬᠤ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠵᠠᠮ ᠢ ᠤᠷᠢᠳᠠᠪᠠᠷ ᠬᠠᠶᠢᠨ ᠰᠦᠪᠡᠭᠴᠢᠯᠡᠪᠡ᠃ ᠪᠥᠬᠦ ᠬᠤᠰᠢᠭᠤᠨ ᠤ ᠠᠭᠠᠷ ᠤᠨ ᠴᠢᠨᠠᠷ ᠴᠢᠨᠰᠠᠭ᠎ᠠ ᠤᠬᠢ ᠰᠠᠶᠢᠨ ᠡᠳᠦᠷ ᠤᠨ ᠲᠤᠭ᠎ᠠ ᠶᠢᠨ ᠬᠠᠷᠢᠴᠠᠯ 94.3%᠎ ᠳᠤ ᠬᠥᠷᠪᠡ᠃     ︵ᠵᠢᠷᠭᠤᠭ᠎ᠠ︶ ᠬᠤᠲᠠ ᠬᠥᠳᠡᠭᠡ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠤᠰᠬᠠᠬᠤ ᠳᠤ ᠲᠤᠬᠢᠷᠠᠮᠵᠢᠳᠠᠢ ᠶᠠᠰᠤ ᠴᠢᠨᠠᠷ ᠢ ᠲᠠᠰ ᠳᠡᠪᠰᠢᠭᠦᠯᠪᠡ᠃ ᠴᠡᠴᠡᠷᠯᠢᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠪᠠ ᠲᠤᠰᠬᠠᠢ ᠲᠥᠯᠦᠪᠵᠢᠭᠦᠯᠭᠡ ᠶᠢ ᠨᠠᠶᠢᠷᠠᠭᠤᠯᠤᠨ ᠳᠠᠭᠤᠰᠬᠠᠵᠤ᠂ 6 ᠪᠠᠭ᠎ᠠ ᠬᠡᠯᠪᠡᠷᠢ ᠶᠢᠨ ᠴᠡᠴᠡᠷᠯᠢᠭ ᠢ ᠪᠠᠶᠢᠭᠤᠯᠵᠤ᠂ ᠬᠡᠦᠬᠡᠳ ᠤᠨ ᠵᠤᠭ᠎ᠠ ᠴᠡᠩᠭᠡᠯ᠂ ᠪᠡᠶ᠎ᠡ ᠶᠢᠨ ᠲᠠᠮᠢᠷ ᠰᠡᠯᠡᠭᠦᠴᠡᠯ ᠵᠡᠷᠭᠡ ᠣᠨᠴᠠᠯᠢᠭᠲᠤ ᠴᠡᠴᠡᠷᠯᠢᠭ ᠢ 4 ᠭᠠᠷᠭᠠᠵᠤ᠂ ᠬᠤᠲᠠ ᠶᠢᠨ ᠵᠦᠯᠬᠡᠯᠢᠭ ᠭᠠᠵᠠᠷ ᠢ 20 ᠲᠦᠮᠡᠨ ᠲᠡᠭᠰᠢ ᠳᠥᠷᠪᠡᠯᠵᠢᠨ ᠮᠧᠲᠷ ᠥᠭᠡᠷᠡᠴᠢᠯᠡᠨ ᠳᠡᠭᠡᠭᠰᠢᠯᠡᠭᠦᠯᠵᠦ᠂ ᠪᠥᠬᠦ ᠬᠤᠲᠠ ᠶᠢᠨ ᠬᠡᠪᠴᠢᠶ᠎ᠡ ᠪᠠᠷ ᠬᠠᠮᠤᠭ ᠤᠨ ᠶᠡᠭᠡ ᠮᠥᠰᠥᠨ ᠳᠡᠭᠡᠷᠡᠬᠢ ᠲᠠᠮᠢᠷ ᠤᠨ ᠲᠠᠯᠠᠪᠤᠷ ᠢ ᠠᠰᠢᠭᠯᠠᠯᠲᠠ ᠳᠤ ᠣᠷᠣᠭᠤᠯᠤᠨ᠂ ᠠᠷᠠᠳ ᠤᠨ ᠠᠭᠤᠳᠠᠮ ᠲᠠᠯᠠᠪᠠᠶ ︽ᠪᠥᠬᠦ ᠣᠷᠣᠨ ᠤ ᠠᠷᠪᠠᠨ ᠰᠢᠯᠢᠳᠡᠭ ᠰᠣᠶᠣᠯ ᠤᠨ ᠠᠭᠤᠳᠠᠮ ᠲᠠᠯᠠᠪᠠᠶ︾᠎ ᠪᠠᠷ ᠦᠨᠡᠯᠡᠭᠳᠡᠪᠡ᠃ ᠰᠢᠨ᠎ᠡ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠴᠡᠨᠡᠭᠯᠡᠬᠦ ᠲᠡᠷᠬᠡᠨ ᠵᠤᠭᠰᠤᠭᠠᠯ ᠢ 10 ᠰᠢᠨ᠎ᠡ ᠪᠠᠷ ᠠᠰᠢᠭᠯᠠᠯᠳᠠ ᠳᠤ ᠤᠷᠤᠭᠤᠯᠵᠤ᠂ ᠴᠠᠬᠢᠯᠭᠠᠨ ᠴᠡᠨᠡᠭᠯᠡᠬᠦ ᠪᠠᠭᠠᠨ᠎ᠠ ᠶᠢ 985 ᠰᠢᠨ᠎ᠡ ᠪᠠᠷ ᠨᠡᠮᠡᠭᠳᠡᠭᠦᠯᠵᠦ᠂ ᠤᠰᠤᠲᠥ᠋ᠷᠥᠭᠴᠢ ᠨᠡᠮᠡᠬᠦ ᠦᠷᠳᠡᠭᠡ ᠶᠢ 7 ᠪᠠᠶᠢᠭᠤᠯᠪᠠ᠃ ᠪᠢᠨ ᠬᠠᠢ ᠵᠡᠭᠦᠨ ᠵᠠᠮ᠂ ᠲᠠᠢ ᠺᠠᠩ ᠵᠡᠭᠦᠨ ᠵᠡᠭᠡᠯᠢ ᠶᠢᠨ ᠭᠠᠵᠠᠷ ᠳᠣᠣᠷᠠᠬᠢ ᠨᠡᠪᠲᠡᠷᠡᠬᠦ ᠵᠠᠮ ᠵᠡᠷᠭᠡ 29 ᠭᠠᠵᠠᠷ ᠤᠨ ᠤᠰᠤ ᠬᠤᠷᠠᠬᠤ ᠭᠠᠵᠠᠷ ᠢ ᠥᠭᠡᠷᠡᠴᠢᠯᠡᠵᠦ᠂ ᠮᠠᠰᠢᠨ ᠲᠡᠷᠭᠡᠨ ᠤ ᠬᠤᠳᠠ᠂ ᠰᠢᠩ ᠹᠦ᠋ ᠭᠤᠳᠤᠮᠵᠢ᠂ ᠶᠢᠨ ᠬᠤᠢ ᠬᠤᠳᠠᠯᠳᠤᠭᠠᠨ ᠤ ᠵᠡᠭᠡᠯᠢ ᠵᠡᠷᠭᠡ ᠶᠢᠨ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠵᠤ᠂ ᠭᠤᠸᠠᠩ ᠱᠠ ᠰᠠᠭᠤᠭᠠᠯᠢ ᠲᠣᠭᠤᠷᠢᠭ᠂ ᠪᠣᠯᠪᠠᠰᠤᠨ ᠰᠠᠭᠤᠭᠠᠯᠢ ᠲᠣᠭᠤᠷᠢᠭ ᠵᠡᠷᠭᠡ 7 ᠬᠠᠭᠤᠴᠢᠨ ᠰᠠᠭᠤᠭᠠᠯᠢ ᠲᠣᠭᠤᠷᠢᠭ ᠤᠨ ᠬᠠᠭᠤᠴᠢᠨ ᠪᠠᠶᠢᠳᠠᠯ ᠢ ᠰᠢᠨ᠎ᠡ ᠳᠦᠷᠰᠦ ᠪᠠᠶᠢᠳᠠᠯ ᠲᠠᠢ ᠪᠣᠯᠭᠠᠪᠠ᠃ ︽ᠴᠡᠴᠡᠭ ᠳᠡᠯᠭᠡᠷᠡᠭᠰᠡᠨ ᠲᠠᠪᠤᠨ ᠰᠠᠷ᠎ᠠ︾᠂ ︽ᠤᠳᠪᠠᠯᠠ ᠠᠩᠭᠢᠯᠤᠭᠰᠠᠨ ᠠᠯᠳᠠᠨ ᠨᠠᠮᠤᠷ︾ ᠵᠡᠷᠭᠡ ᠭᠤᠣᠯ ᠰᠡᠳᠦᠪᠲᠦ ᠴᠡᠴᠡᠭ ᠤᠨ ᠦᠵᠡᠰᠬᠦᠯᠡᠩ ᠢ ᠡᠷᠬᠢᠯᠡᠵᠦ᠂ ᠬᠤᠳᠠ ᠶᠢᠨ ᠠᠷᠠᠳ ᠤᠨ ᠵᠤᠭᠠᠴᠠᠭᠰᠠᠳ ᠢ 100 ᠲᠦᠮᠡᠨ ᠬᠥᠮᠥᠨ ᠤᠳᠠᠭ᠎ᠠ ᠲᠠᠲᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠪᠦᠬᠦ ᠲᠠᠯ᠎ᠠ ᠪᠠᠷ ᠠᠬᠢᠭᠤᠯᠵᠤ᠂ ᠨᠠᠷᠢᠨᠳᠤᠬᠤᠢ ᠪᠠᠯᠭᠠᠰᠤᠨ ᠲᠣᠭᠤᠷᠢᠭ ᠤᠨ ᠥᠭᠡᠷᠡᠴᠢᠯᠡᠯᠲᠡ᠂ ᠰᠤᠪᠦᠷᠭ᠎ᠠ ᠪᠠᠯᠭᠠᠰᠤ ᠶᠢᠨ ᠳᠤᠯᠠᠭᠠᠯᠠᠭ᠎ᠠ ᠶᠢᠨ ᠦᠷᠳᠡᠭᠡ ᠶᠢ ᠳᠡᠭᠡᠭᠰᠢᠯᠡᠭᠦᠯᠬᠦ ᠵᠡᠷᠭᠡ 12 ᠰᠠᠭᠤᠷᠢ ᠪᠦᠲᠦᠭᠡᠨ ᠪᠠᠶᠢᠭᠤᠯᠤᠯᠲᠠ ᠶᠢᠨ ᠳᠦᠷᠦᠯ ᠵᠦᠢᠯ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠤ᠂ ᠮᠧᠩ ᠲᠠᠢ ᠸᠢᠰᠺᠢ ᠠᠷᠢᠬᠢᠨ ᠤ ᠦᠢᠯᠡᠳᠪᠦᠷᠢ᠂ ᠴᠠᠭᠠᠨ ᠦᠳᠦᠳᠦ ᠢᠳᠡᠰᠢᠨ ᠲᠠᠬᠢᠶ᠎ᠠ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠢ ᠠᠰᠢᠭᠯᠠᠯᠲᠠ ᠳᠤ ᠣᠷᠣᠭᠤᠯᠵᠤ᠂ ᠰᠢᠩ ᠭᠤᠸᠠᠩ ᠲᠠᠷᠢᠶᠠᠯᠠᠩ ᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠦᠵᠡᠰᠬᠦᠯᠡᠩ ᠤᠨ ᠬᠦᠷᠢᠶᠡᠯᠡᠩ ᠢ ᠪᠦᠬᠦ ᠲᠠᠯ᠎ᠠ ᠪᠠᠷ ᠡᠬᠢᠯᠡᠭᠦᠯᠵᠦ᠂ ᠳ᠋ᠧᠵᠸᠤ ᠶᠢᠨ ᠬᠠᠷ᠎ᠠ ᠡᠯᠵᠢᠭᠡ ᠶᠢ ᠲᠡᠵᠢᠭᠡᠨ ᠦᠷᠡᠵᠢᠭᠦᠯᠬᠦ᠂ ᠮᠠᠩᠬᠠᠨ ᠪᠦᠷᠢᠳᠦ ᠶᠢᠨ ᠬᠤᠶᠠᠳᠤᠭᠠᠷ ᠬᠤᠭᠤᠴᠠᠭ᠎ᠠ ᠎ ᠶᠢᠨ ᠪᠠᠷᠢᠯᠭ᠎ᠠ ᠵᠡᠷᠭᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠢ ᠲᠡᠳᠬᠦᠬᠦ 46 ᠲᠦᠷᠦᠯ ᠵᠦᠢᠯ ᠢ ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠠᠮ ᠬᠦᠦ ᠲᠠᠢ ᠵᠢᠭᠡᠯᠡᠯᠭᠡ ᠶᠢ 2.1 ᠳ᠋ᠦᠩᠰᠢᠭᠤᠷ ᠲᠥᠭᠦᠷᠢᠭ ᠲᠠᠷᠬᠠᠭᠠᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ ᠪᠦᠬᠦᠨ ᠢᠶᠠᠷ ᠢᠶᠠᠨ 25 ᠲᠦᠮᠡᠨ ᠲᠥᠭᠦᠷᠢᠭ ᠢ ᠳᠠᠪᠠᠪᠠ᠃     ︵ᠳᠣᠯᠤᠭ᠎ᠠ︶ ᠠᠷᠠᠳ ᠤᠨ ᠠᠮᠢᠳᠤᠷᠠᠯ ᠢ ᠠᠰᠠᠭᠤᠨ ᠬᠠᠯᠠᠮᠵᠢᠯᠠᠭᠰᠠᠨ ᠲᠠᠯ᠎ᠠ ᠪᠠᠷ ᠬᠦᠴᠦ ᠲᠠᠯᠪᠢᠪᠠ ᠃ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠪᠣᠳᠠᠲᠠᠢ ᠪᠠᠶᠢᠭ᠎ᠠ ᠪᠠᠴᠢᠮ ᠬᠦᠴᠢᠷ ᠲᠦᠪᠡᠭᠳᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠢᠳᠡᠭᠡᠨ ᠤ ᠠᠮᠤᠷ ᠲᠦᠪᠰᠢᠨ ᠤ ᠲᠦᠷᠭᠡᠨ ᠪᠠᠶᠢᠴᠠᠭᠠᠯᠲᠠ᠂ ᠰᠠᠭᠤᠭᠠᠯᠢ ᠠᠷᠠᠳ ᠤᠨ ᠠᠪᠤᠷᠠᠨ ᠲᠤᠰᠠᠯᠠᠬᠤ ᠳᠠᠭᠠᠳᠬᠠᠯ ᠵᠡᠷᠭᠡ 10 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠬᠡᠷᠡᠭᠵᠢᠭᠦᠯᠪᠡ᠃ ︽ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠰᠠᠨᠠᠯ︾ ᠪᠠ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ︽ᠲᠤᠯᠤᠭᠠᠨ ᠵᠦᠢᠯ ᠤᠨ ᠠᠷᠭ᠎ᠠ ᠬᠡᠮᠵᠢᠶ᠎ᠡ︾᠎ ᠶᠢ ᠨᠡᠶᠢᠲᠡᠯᠡᠵᠦ᠂ ᠠᠷᠪᠠᠳᠤᠭᠠᠷ ᠪᠠᠭ᠎ᠠ ᠰᠤᠷᠭᠠᠭᠤᠯᠢ᠂ ᠭᠤᠷᠪᠠᠳᠤᠭᠠᠷ ᠬᠡᠤᠬᠡᠳ ᠤᠨ ᠴᠡᠴᠡᠷᠯᠢᠭ ᠵᠡᠷᠭᠡ 15 ᠰᠤᠷᠭᠠᠨ ᠬᠥᠮᠦᠵᠢᠯ ᠤᠨ ᠲᠦᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠤᠨ᠂ ︽ᠬᠤᠣᠰ ᠲᠡᠷᠢᠭᠦᠨ ᠲᠠᠰ ᠤᠨ︾ ᠳᠡᠭᠡᠳᠦ ᠰᠤᠷᠭᠠᠭᠤᠯᠢ ᠶᠢᠨ ᠤᠶᠤᠳᠠᠨ ᠪᠠ ᠨᠠᠷᠠᠲᠤ ᠰᠢᠯᠢᠳᠡᠭ ᠪᠠᠭᠰᠢ ᠶᠢ 162 ᠰᠢᠨ᠎ᠡ ᠪᠠᠷ ᠤᠷᠢᠨ ᠡᠯᠰᠡᠵᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠵᠢᠩᠬᠢᠨᠢ ᠠᠩᠭᠢ ᠶᠢᠨ ᠤᠳᠠᠰᠤᠨ ᠳᠤ ᠬᠦᠷᠦᠭᠰᠡᠨ ᠨᠤᠷᠮ᠎ᠠ 95%᠎ ᠳᠤ ᠬᠦᠷᠴᠦ᠂ ᠵᠢᠩᠭᠢᠨᠢ ᠠᠩᠭᠢ ᠳᠤ ᠣᠷᠣᠭᠰᠠᠨ ᠬᠥᠮᠥᠨ ᠤ ᠲᠤᠭ᠎ᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠡᠮᠨᠡᠯᠭᠡ ᠳᠤ ᠰᠠᠭᠤᠬᠤ ᠠᠰᠠᠷ ᠢ ᠠᠰᠢᠭᠯᠠᠯᠲᠠ ᠳᠤ ᠣᠷᠣᠭᠤᠯᠵᠤ᠂ ︽ᠬᠤᠶᠠᠳᠤᠭᠠᠷ ᠳᠡᠰ ᠤᠨ ᠬᠥᠬᠡ ᠲᠠᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ︾᠎ ᠪᠠᠷ ᠦᠨᠡᠯᠡᠭᠳᠡᠵᠦ᠂ ᠬᠤᠰᠢᠭᠤᠨ ᠤ ᠶᠡᠷᠦᠩᠬᠡᠶᠢᠯᠡᠭᠰᠡᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠢᠯᠡᠷᠡᠭᠡ ᠦᠬᠡᠢ ᠡᠪᠡᠳᠴᠢᠨ ᠢ ᠤᠷᠢᠳᠴᠢᠯᠠᠨ ᠰᠡᠷᠬᠡᠶᠢᠯᠡᠬᠦ ᠡᠷᠡᠭᠦᠯᠵᠢᠯ ᠤᠨ ᠲᠥᠪ ᠢ ᠵᠢᠩᠭᠢᠨᠢ ᠪᠠᠷ ᠡᠬᠢᠯᠡᠬᠦᠯᠦᠨ᠂ ᠠᠵᠠᠳᠠᠢ ᠡᠷᠡᠬᠦᠯᠵᠢᠯ ᠤᠨ ᠲᠦᠪ ᠤᠨ ᠭᠤᠣᠯ ᠪᠠᠷᠢᠯᠭ᠎ᠠ ᠶᠢ ᠪᠠᠶᠢᠭᠤᠯᠵᠤ ᠳᠠᠭᠤᠰᠬᠠᠨ᠂ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠪ ᠢ ᠰᠢᠨ᠎ᠡ ᠪᠠᠷ 5 ᠣᠷᠣᠭᠤᠯᠵᠤ᠂ 462  ᠡᠷᠦᠬᠡ ᠶᠢᠨ ᠨᠠᠰᠤᠵᠢᠯᠲᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠠᠯᠳᠠᠨᠰᠢᠷᠡᠭᠡ ᠪᠠᠯᠭᠠᠰᠤᠨ ᠤ ᠭᠤᠤᠯᠯᠠᠬᠤ ᠬᠤᠲᠠ ᠶᠢᠨ ᠲᠣᠭᠤᠷᠢᠭ ᠲᠤ ︽ᠠᠷᠪᠠᠨ ᠲᠠᠪᠤᠨ ᠮᠢᠨᠦ᠋ᠲ ᠤᠨ ᠨᠠᠰᠤᠵᠢᠯ ᠤᠨ ᠦᠢᠯᠡᠴᠢᠯᠡᠭᠡᠨ ᠤ ᠲᠣᠭᠤᠷᠢᠭ︾᠎ ᠢ ᠪᠠᠶᠢᠭᠤᠯᠵᠤ᠂ ᠰᠢ ᠶᠤᠸᠠᠨ ᠨᠡᠶᠢᠭᠡᠮ ᠲᠣᠭᠤᠷᠢᠭ ︽ᠪᠥᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠢ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ︾᠎ ᠢᠶᠠᠷ ᠦᠨᠡᠯᠡᠭᠳᠡᠪᠡ᠃ ᠬᠤᠰᠢᠭᠤᠨ ᠤ ᠨᠣᠮ ᠤᠨ ᠰᠠᠩ ︽ᠤᠯᠤᠰ ᠤᠨ ᠨᠢᠭᠡᠳᠦᠭᠡᠷ ᠳᠡᠰ ᠤᠨ ᠨᠣᠮ ᠤᠨ ᠰᠠᠩ︾᠎ ᠢᠶᠠᠷ ᠦᠨᠡᠯᠡᠭᠳᠡᠵᠦ᠂ ︽ᠮᠣᠷᠢᠨ ᠬᠤᠩᠬᠤ ᠵᠤᠯ ᠵᠢᠷᠭᠠᠯ ᠤᠨ ᠳᠠᠭᠤᠤ ᠶᠢ ᠬᠠᠩᠭᠢᠨᠠᠭᠤᠯᠤᠨ᠎ᠠ︾ ᠬᠡᠬᠦ ᠪᠦᠵᠢᠭ ᠤᠯᠤᠰ ᠤᠨ ᠤᠳᠬ᠎ᠠ ᠤᠷᠠᠯᠢᠭ ᠤᠨ ᠬᠠᠮᠤᠭ ᠤᠨ ᠳᠡᠭᠡᠳᠦ ᠱᠠᠩᠨᠠᠯ ︽ᠯᠢᠩᠬᠤᠸ᠎ᠠ ᠱᠠᠩᠨᠠᠯ︾ ᠲᠤᠰᠴᠤ᠂ ᠦᠨᠳᠦᠰᠦᠲᠡᠨ ᠤ ᠠᠷᠠᠳ ᠤᠨ ᠪᠥᠵᠢᠭ ᠤᠨ ᠨᠢᠭᠡᠳᠦᠭᠡᠷ ᠲᠤ ᠣᠷᠣᠪᠠ᠃ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠡᠵᠡᠨ ᠬᠤᠷᠤᠭ᠎ᠠ ᠶᠢᠨ ᠰᠤᠷᠭᠠᠭᠤᠯᠢ ᠶᠢᠨ ᠲᠣᠭᠤᠷᠢᠭ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠬᠡᠴᠢ︾᠎ ᠪᠠᠷ ᠦᠨᠡᠯᠡᠭᠳᠡᠪᠡ᠃ ᠠᠶᠤᠯᠭᠦᠢ ᠦᠢᠯᠡᠳᠪᠦᠷᠢᠯᠡᠯ ᠤᠨ ︽ᠲᠤᠶᠢᠯᠪᠤᠷᠢᠳᠠᠢ ᠪᠠᠶᠢᠴᠠᠭᠠᠬᠤ᠂ ᠶᠡᠭᠡ ᠪᠠᠷ ᠴᠡᠭᠴᠡᠯᠡᠨ ᠵᠠᠰᠠᠵᠤ᠂ ᠶᠡᠭᠡ ᠪᠠᠷ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠮᠤᠷ ᠲᠦᠪᠰᠢᠨ ᠤ ᠲᠠᠯᠳᠠ ᠭᠡᠮ ᠢ ︽ᠪᠢᠲᠡᠭᠦᠦ ᠭᠤᠭᠴᠤᠭ᠎ᠠ ᠪᠠᠷ ᠴᠡᠭᠴᠡᠯᠡᠨ ᠰᠠᠶᠢᠵᠢᠷᠠᠭᠤᠯᠬᠤ︾᠂ ︽ᠬᠤᠶᠠᠷ ᠢ ᠬᠢᠨᠠᠨ ᠪᠠᠶᠢᠴᠠᠭᠠᠬᠤ︾ ᠵᠡᠷᠭᠡ ᠠᠵᠢᠯ ᠤᠨ ᠲᠣᠭᠲᠠᠴᠠ ᠶᠢ ᠪᠠᠶᠢᠭᠤᠯᠵᠤ᠂ ︽ᠳᠦᠷᠪᠡᠨ ᠲᠤᠭᠳᠠᠯᠴᠠᠭ᠎ᠠ︾᠎ ᠶᠢ ᠳᠠᠬᠢᠨ ᠴᠤᠭᠴᠠᠯᠠᠬᠤ ᠶᠢ ᠠᠬᠢᠭᠤᠯᠪᠠ᠃ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠭᠤᠷᠪᠠᠨ ᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠬᠡᠷᠡᠭᠵᠢᠭᠦᠯᠵᠦ᠂ ᠵᠠᠬᠢᠳᠠᠯ ᠰᠤᠷᠪᠤᠯᠵᠢᠯᠠᠯ ᠤᠨ ᠵᠦᠢᠯᠡᠰ ᠢ ᠴᠠᠭ ᠲᠤᠬᠠᠢ ᠳᠤᠨᠢ ᠬᠦᠯᠢᠶᠡᠨ ᠠᠪᠴᠤ ᠰᠢᠢᠳᠪᠦᠷᠢᠯᠡᠭᠰᠡᠨ ᠨᠤᠷᠮ᠎ᠠ᠂ ᠬᠤᠭᠤᠴᠠᠭ᠎ᠠ ᠶᠣᠰᠣᠭᠠᠷ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ ᠴᠥᠮ 100%᠎ ᠳᠤ ᠬᠦᠷᠪᠡ ᠃ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠪᠠᠶᠢᠩᠭᠤ ᠴᠣᠬᠢᠯᠲᠠ ᠥᠭᠴᠦ᠂ ᠨᠡᠶᠢᠭᠡᠮ ᠤᠨ ᠶᠡᠭᠡ ᠲᠠᠯ᠎ᠠ ᠶᠢ ᠢᠮᠠᠭᠲᠠ ᠡᠶ᠎ᠡ ᠵᠤᠬᠢᠴᠠᠩᠭᠤᠢ ᠲᠣᠭᠲᠠᠭᠤᠨ ᠪᠠᠶᠢᠯᠭᠠᠪᠠ᠃     ᠪᠢᠳᠡ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠢᠶᠠᠨ ᠴᠢᠩᠭ᠎ᠠ ᠵᠠᠰᠠᠬᠤ᠂ ᠵᠠᠰᠠᠭ ᠢᠶᠠᠨ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠲᠣᠭᠤᠷᠢᠨ ᠪᠠᠶᠢᠴᠠᠭᠠᠨ ᠴᠠᠭᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ᠂ ᠪᠠᠶᠢᠩᠭᠤ ᠶᠢᠨ ᠬᠤᠷᠠᠯᠳᠤᠭᠠᠨ ᠤ ᠬᠠᠤᠯᠢ ᠰᠤᠷᠬᠤ᠂ ᠲᠦᠷᠦ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠵᠡᠷᠭᠡ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠢᠯᠡ ᠎ ᠶᠢ ᠪᠦᠬᠦ ᠲᠠᠯ᠎ᠠ ᠪᠠᠷ ᠲᠦᠷᠢᠮᠵᠢᠬᠦᠯᠪᠡ᠃ ᠴᠢᠬᠤᠯᠠ ᠶᠡᠭᠡ ᠤᠴᠢᠷ ᠶᠠᠪᠤᠳᠠᠯ ᠢ ᠬᠤᠰᠢᠭᠤ ᠨᠠᠮ ᠤᠨ ᠬᠤᠷᠢᠶ᠎ᠠ ᠳᠤ ᠮᠡᠳᠡᠭᠦᠯᠦᠨ ᠵᠢᠭᠠᠪᠤᠷᠢ ᠠᠪᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ 41 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ 81 ᠬᠤᠪᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠰᠠᠨᠠᠯ ᠳᠤᠷᠠᠳᠤᠯᠭ᠎ᠠ ᠶᠢ ᠪᠦᠬᠦᠨ ᠢ ᠪᠡᠶᠡᠯᠡᠬᠦᠯᠪᠡ᠃ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠳᠤᠨᠢ ᠰᠢᠢᠳᠪᠦᠷᠢᠯᠡᠬᠦ︾᠎ ᠶᠢ ᠴᠠᠭ ᠬᠢᠵᠠᠭᠠᠷᠯᠠᠨ ᠭᠦᠢᠴᠡᠳᠬᠡᠬᠦ᠂ ︽ᠰᠡᠷᠡᠮᠵᠢᠯᠡᠬᠦᠯᠬᠦ︾ ᠳᠦᠷᠢᠮ ᠢ ᠨᠡᠶᠢᠲᠡᠯᠡᠨ ᠬᠡᠷᠡᠭᠵᠢᠭᠦᠯᠵᠦ᠂ ᠬᠦᠷᠢᠶᠡᠯᠡᠯ ᠤᠨ ᠨᠤᠷᠮ᠎ᠠ 100%᠂ ᠰᠢᠢᠳᠪᠦᠷᠢᠯᠡᠭᠰᠡᠨ ᠨᠤᠷᠮ᠎ᠠ᠂ ᠬᠠᠨᠤᠮᠵᠢᠳᠠᠢ ᠨᠤᠷᠮ᠎ᠠ ᠴᠥᠮ 99.5%᠎ ᠳᠤ ᠬᠦᠷᠪᠡ᠃ ︽ᠭᠤᠷᠪᠠᠨ ᠵᠦᠢᠯ ᠤᠨ ᠠᠯᠪᠠᠨ ᠤ ᠵᠠᠷᠤᠳᠠᠯ︾᠎ ᠢ ᠴᠢᠩᠭ᠎ᠠ ᠬᠢᠵᠠᠭᠠᠷᠯᠠᠵᠤ᠂ ᠵᠠᠰᠠᠭ ᠤᠨ ᠣᠷᠳᠣᠨ ᠤ ᠪᠠᠴᠢᠮ ᠬᠡᠷᠡᠭᠴᠡᠭᠡᠨ ᠤ ᠪᠤᠰᠤ ᠴᠢᠬᠤᠯᠠ ᠪᠤᠰᠤ ᠵᠠᠷᠤᠯᠭ᠎ᠠ ᠶᠢ 10% ᠪᠠᠭᠠᠰᠬᠠᠨ᠂ ᠵᠠᠰᠠᠭ ᠤᠨ ᠣᠷᠳᠣᠨ ᠤ ᠥᠷᠢ ᠥᠭᠴᠡᠭᠡ ᠶᠢ 27 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠣᠨ ᠤ ᠡᠭᠦᠷᠭᠡ ᠶᠢ 170%᠎ ᠪᠠᠷ ᠪᠡᠶᠡᠯᠡᠭᠦᠯᠪᠡ᠃ ᠬᠢᠨᠠᠨ ᠪᠤᠳᠤᠬᠤ ᠳᠤ ᠬᠢᠨᠠᠯᠳᠠ ᠲᠠᠯᠪᠢᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ ᠵᠠᠷᠤᠯᠭ᠎ᠠ ᠶᠢ 1.9 ᠳ᠋ᠦᠩᠰᠢᠭᠤᠷ ᠲᠥᠭᠦᠷᠢᠭ ᠠᠷᠪᠢᠯᠠᠵᠤ᠂ 8500 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠬᠠᠰᠤᠪᠠ᠃     ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠨ ᠬᠠᠷᠠᠭᠠᠯᠵᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠴᠥᠮ ᠰᠢᠨ᠎ᠡ ᠠᠮᠵᠢᠯᠲᠠ ᠣᠯᠵᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠠᠮᠤ ᠪᠤᠳᠠᠭ᠎ᠠ ᠬᠠᠩᠭᠠᠨ ᠪᠣᠷᠣᠯᠠᠭᠤᠯᠬᠤ᠂ ᠭᠠᠵᠠᠷ ᠬᠥᠳᠡᠯᠦᠯᠲᠡ ᠴᠠᠭ ᠠᠭᠤᠷ ᠵᠡᠷᠭᠡ ᠠᠵᠢᠯ ᠦᠢᠯᠡᠰ ᠴᠥᠮ ᠰᠢᠨ᠎ᠡ ᠲᠠᠪᠰᠢᠯᠳᠠ ᠲᠠᠢ ᠪᠣᠯᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭᠠᠳᠤ ᠬᠤᠷᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠤᠭᠠᠳᠤ ᠬᠤᠷᠠᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠴᠥᠮ ᠰᠢᠨ᠎ᠡ ᠳᠦᠷᠰᠦ ᠪᠠᠶᠢᠳᠠᠯ ᠲᠠᠢ ᠪᠣᠯᠪᠠ᠃      ᠨᠢᠭᠡ ᠵᠢᠯ ᠤᠨ ᠲᠤᠷᠰᠢ᠂ ᠪᠢᠳᠡ ᠨᠡᠭᠦᠷᠡᠰᠦ ᠶᠢ ᠲᠣᠭᠲᠠᠪᠤᠷᠢᠵᠢᠭᠤᠯᠬᠤ ᠪᠠ ᠲᠡᠬᠡᠳᠦ ᠰᠢᠨ᠎ᠡ ᠶᠢ ᠡᠬᠦᠳᠬᠦ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠨᠡᠭᠦᠷᠡᠰᠦ ᠪᠠᠷ ᠶᠡᠭᠡ ᠪᠠᠶᠢᠳᠠᠯ ᠢ ᠲᠣᠭᠲᠠᠪᠤᠷᠢᠵᠢᠭᠤᠯᠵᠤ᠂ ᠵᠢᠱᠢᠯᠲᠡ ᠶᠢ ᠲᠣᠭᠲᠠᠪᠤᠷᠢᠵᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠢᠶᠠᠷ ᠬᠥᠳᠡᠯᠭᠡᠬᠦ ᠬᠦᠴᠦᠨ ᠢ ᠬᠤᠪᠢᠷᠠᠭᠤᠯᠵᠤ᠂ ᠨᠡᠮᠡᠭᠳᠡᠯ ᠢ ᠠᠬᠢᠭᠤᠯᠵᠤ᠂ ᠬᠥᠭᠵᠢᠯᠲᠡ ᠶᠢᠨ ᠰᠢᠨ᠎ᠡ ᠦᠷᠢᠰᠦᠯᠳᠦᠬᠡᠨ ᠤ ᠵᠠᠮ᠂ ᠰᠢᠨ᠎ᠡ ᠬᠦᠳᠡᠯᠬᠡᠭᠴᠢ ᠬᠦᠴᠦᠨ᠂ ᠰᠢᠨ᠎ᠡ ᠳᠠᠪᠠᠭᠤᠯᠢᠭ ᠢ ᠨᠡᠬᠡᠬᠡᠪᠡ︔ ᠪᠢᠳᠡ ᠪᠠᠭᠲᠠᠭᠠᠮᠵᠢ ᠪᠣᠯᠣᠨ ᠶᠠᠰᠤ ᠴᠢᠨᠠᠷ ᠤᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠤᠨ ᠲᠡᠰ ᠳᠡᠪᠰᠢᠭᠦᠯᠵᠦ᠂ ᠠᠵᠤ ᠦᠢᠯᠡᠰ ᠤᠨ ᠪᠦᠲᠦᠴᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠰᠢᠯᠢᠳᠡᠭᠵᠢᠭᠦᠯᠵᠦ᠂ ᠬᠥᠭᠵᠢᠯᠲᠡ ᠶᠢᠨ ᠦᠨ᠎ᠡ ᠴᠠᠨ᠎ᠠ ᠶᠢᠨ ᠬᠡᠮᠵᠢᠶ᠎ᠡ᠂ ᠰᠢᠨ᠎ᠡ ᠬᠡᠮᠵᠢᠶ᠎ᠡ᠂ ᠪᠤᠬᠢᠷᠳᠤᠯ ᠦᠬᠡᠢ ᠶᠢᠨ ᠬᠡᠮᠵᠢᠶ᠎ᠡ ᠶᠢ ᠳᠡᠭᠡᠭᠰᠢᠯᠡᠭᠦᠯᠪᠡ︔ ᠪᠢᠳᠡ ᠲᠠᠪᠠᠭᠤᠯᠢᠭ ᠪᠠ ᠲᠤᠳᠠᠭᠳᠠᠯ ᠤᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠬᠡᠯᠬᠢᠶᠡᠵᠢᠭᠰᠡᠨ ᠠᠵᠤ ᠠᠬᠤᠶᠢᠯᠠᠯ ᠢᠶᠠᠷ ᠲᠤᠳᠠᠭᠳᠠᠯ ᠢ ᠨᠥᠬᠦᠪᠦᠷᠢᠯᠡᠵᠦ᠂ ᠠᠵᠤ ᠦᠢᠯᠡᠰ ᠤᠨ ᠬᠥᠭᠵᠢᠯᠲᠡ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠲᠤᠳᠠᠭᠳᠠᠯ ᠢ ᠨᠥᠬᠦᠪᠦᠷᠢᠯᠡᠵᠦ᠂ ᠬᠥᠭᠵᠢᠯᠲᠡ ᠶᠢᠨ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠢ ᠪᠦᠷᠢᠯᠳᠦᠭᠦᠯᠪᠡ᠃ ᠪᠥᠬᠦ ᠬᠤᠰᠢᠭᠤᠨ ᠤ ᠠᠷᠠᠳ ᠲᠦᠮᠡᠨ ᠤ ᠬᠠᠮᠲᠤ ᠶᠢᠨ ᠴᠢᠷᠮᠠᠶᠢᠯᠭ᠎ᠠ ᠪᠠᠷ ᠥᠨᠥᠳᠥᠷ ᠤᠨ ᠡᠵᠡᠨ ᠬᠤᠷᠤᠭ᠎ᠠ ᠨᠢᠭᠡᠨᠲᠡ ᠰᠢᠨ᠎ᠡ ᠡᠬᠢᠯᠡᠯᠳᠡ ᠳᠡᠭᠡᠷ᠎ᠡ ᠵᠣᠭᠰᠣᠵᠤ᠂ ᠰᠢᠨ᠎ᠡ ᠨᠢᠭᠡ ᠡᠭᠡᠯᠵᠢ ᠶᠢᠨ ᠬᠥᠭᠵᠢᠯᠲᠡ ᠶᠢᠨ ᠠᠭᠤᠤ ᠶᠡᠭᠡ ᠠᠵᠠ ᠲᠣᠬᠢᠶᠠᠯ ᠢ ᠤᠭᠲᠤᠨ ᠠᠪᠴᠢᠷᠠᠯ᠎ᠠ᠃ ᠡᠲᠡᠭᠡᠷ ᠠᠮᠵᠢᠯᠲᠠ ᠶᠢ ᠣᠯᠣᠭᠰᠠᠨ ᠨᠢ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠵᠥᠪ ᠤᠳᠤᠷᠢᠳᠤᠯᠭ᠎ᠠ ᠶᠢᠨ ᠦᠷ᠎ᠡ ᠳ᠋ᠦᠩ ᠮᠦᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠢ ᠳᠡᠮᠵᠢᠯᠭᠡ ᠶᠢᠨ ᠦᠷ᠎ᠡ ᠳ᠋ᠦᠩ ᠮᠦᠨ᠂ ᠨᠠᠩ ᠴᠤ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠬᠦᠴᠦ ᠪᠠᠨ ᠬᠠᠮᠲᠤᠳᠬᠠᠨ ᠪᠡᠷᠬᠡ ᠰᠡᠳᠦᠪ ᠢ ᠰᠢᠢᠳᠪᠦᠷᠢᠯᠡᠵᠦ᠂ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠪᠤᠯᠤᠨ᠎ᠠ᠃ ᠠᠳᠡ᠂ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠨ ᠡᠵᠡᠨ ᠬᠤᠷᠤᠭ᠎ᠠ ᠶᠢᠨ ᠥᠭᠡᠷᠡᠴᠢᠯᠡᠯᠲᠡ ᠬᠥᠭᠵᠢᠯᠲᠡ ᠳᠤ ᠬᠦᠴᠦ ᠬᠥᠯᠥᠰᠦ ᠤᠷᠤᠰᠬᠠᠵᠤ᠂ ᠬᠦᠴᠦᠨ ᠴᠢᠳᠠᠯ ᠢᠶᠠᠨ ᠡᠷᠭᠦᠭᠰᠡᠨ ᠥᠷᠭᠡᠨ ᠤᠯᠠᠨ ᠺᠠᠳ᠋ᠷ ᠤᠯᠠᠨ ᠲᠦᠮᠡᠨ᠂ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕    ᠠᠮᠵᠢᠯᠲᠠ ᠪᠠᠨ ᠳ᠋ᠦᠩᠨᠡᠬᠦ ᠶᠢᠨ ᠵᠡᠷᠭᠡᠴᠡᠭᠡᠪᠡᠷ ᠪᠢᠳᠡ ᠪᠠᠰᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠ  ᠡᠳᠦᠢ ᠲᠡᠳᠦᠢ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠤᠯᠪᠠ᠄ ᠨᠢᠭᠡᠳᠦᠯᠲᠡᠢ ᠲᠦᠯᠦᠪᠵᠢᠬᠦᠯᠦᠨ ᠬᠥᠭᠵᠢᠭᠦᠯᠬᠦ ᠪᠠ ᠠᠮᠤᠷ ᠲᠦᠪᠰᠢᠨ ᠳᠤ ᠪᠠᠰᠠ ᠬᠦᠷᠦᠯᠴᠡᠬᠦ ᠦᠭᠡᠢ ᠲᠠᠯ᠎ᠠ ᠪᠠᠶᠢᠵᠤ᠂ ᠮᠥᠨ ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠠᠪᠤᠳᠠᠯ ᠲᠤᠯᠭᠠᠮ᠎ᠠ ᠱᠠᠭᠠᠷᠳᠠᠭᠳᠠᠵᠤ ᠪᠠᠶᠢᠨ᠎ᠠ︔ ᠬᠤᠷᠸ᠎ᠠ ᠠᠵᠤ ᠠᠬᠤᠢ ᠶᠢᠨ ᠪᠠᠶᠢᠳᠠᠯ ᠪᠠ ᠨᠡᠭᠦᠷᠡᠰᠦᠨ ᠤ ᠭᠠᠷᠤᠯᠲᠠ ᠬᠠᠰᠤᠭᠳᠠᠭᠰᠠᠨ ᠤ ᠨᠥᠯᠥᠭᠡ ᠠᠴᠠ ᠪᠣᠯᠵᠤ᠂ ᠣᠨᠴᠠ ᠵᠠᠷᠢᠮ ᠠᠵᠤ ᠠᠬᠤᠢ ᠶᠢᠨ ᠬᠦᠢᠴᠡᠳᠬᠡᠯ ᠲᠤᠭ᠎ᠠ ᠶᠢᠨ ᠨᠡᠮᠡᠭᠳᠡᠯ ᠨᠢ ᠵᠢᠱᠢᠯᠲᠡ ᠳᠤ ᠬᠦᠷᠬᠦ ᠦᠭᠡᠢ ᠪᠠᠶᠢᠨ᠎ᠠ︔ ᠰᠢᠨ᠎ᠡ ᠡᠨᠧᠷᠭᠢ ᠶᠢᠨ ᠠᠵᠤ ᠦᠢᠯᠡᠰ ᠨᠢ ᠬᠡᠯᠬᠢᠶᠡᠵᠢᠯ ᠢ ᠴᠢᠩᠭᠠᠳᠬᠠᠵᠤ ᠠᠮᠢ ᠠᠬᠤᠢ ᠶᠢᠨ ᠤᠷᠴᠢᠨ ᠲᠤᠭᠤᠷᠢᠨ ᠢ ᠪᠦᠳᠦᠬᠡᠨ ᠪᠠᠶᠢᠭᠤᠯᠬᠤ ᠲᠠᠯ᠎ᠠ ᠪᠠᠷ ᠮᠦᠨ ᠵᠥᠷᠢᠶ᠎ᠡ ᠲᠠᠢ ᠪᠠᠶᠢᠵᠤ᠂ ᠬᠡᠷᠡᠭᠯᠡᠬᠡᠨ ᠤ ᠪᠠᠷᠠᠭ᠎ᠠ ᠶᠢ ᠶᠡᠭᠡ ᠬᠡᠮᠵᠢᠶ᠎ᠡ ᠪᠠᠷ ᠪᠣᠷᠣᠯᠠᠭᠤᠯᠬᠤ ᠲᠠᠯ᠎ᠠ ᠪᠠᠷ ᠮᠦᠨ ᠣᠷᠣᠨ ᠵᠠᠢ ᠲᠠᠢ ᠪᠠᠶᠢᠨ᠎ᠠ︔ ᠠᠷᠠᠳ ᠤᠯᠠᠨ ᠤ ᠬᠠᠯᠠᠮᠵᠢᠯᠠᠨ ᠠᠩᠬᠠᠷᠴᠤ ᠪᠠᠶᠢᠭ᠎ᠠ ᠨᠡᠭᠦᠯᠭᠡᠵᠦ ᠲᠥᠪᠬᠢᠨᠡᠭᠦᠯᠬᠦ᠂ ᠠᠳᠠᠯ ᠠᠬᠤᠢ ᠶᠢᠨ ᠦᠢᠯᠡᠴᠢᠯᠡᠭᠡ᠂ ᠤᠰᠤ ᠴᠠᠬᠢᠯᠭᠠᠨ ᠬᠡᠢ ᠳᠤᠯᠠᠭᠠᠯᠠᠭ᠎ᠠ ᠵᠡᠷᠭᠡ ᠠᠰᠠᠭᠤᠳᠠᠯ ᠢ ᠴᠠᠭ ᠲᠤᠬᠠᠢ ᠳᠤᠨᠢ ᠰᠠᠶᠢᠲᠤᠷ ᠰᠢᠢᠳᠪᠦᠷᠢᠯᠡᠬᠦ ᠲᠠᠯ᠎ᠠ ᠪᠠᠷ ᠪᠠᠰᠠ ᠬᠦᠷᠦᠯᠴᠡᠬᠦ ᠦᠭᠡᠢ ᠪᠠᠶᠢᠨ᠎ᠠ︔ ᠵᠠᠰᠠᠭ ᠤᠨ ᠣᠷᠳᠣᠨ ᠤ ᠰᠢᠰᠲ᠋ᠧᠮ ᠤᠨ ᠬᠡᠰᠡᠭ ᠺᠠᠳ᠋ᠷᠴᠤᠳ ᠤᠨ ᠰᠡᠳᠬᠢᠬᠦᠢ ᠶᠢᠨ ᠠᠷᠭ᠎ᠠ ᠮᠠᠶ᠋ᠢᠭ᠂ ᠣᠶᠤᠨ ᠰᠠᠨᠠᠭᠠᠨ ᠤ ᠴᠤᠭ ᠵᠢᠪᠬᠤᠭ᠎ᠠ᠂ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠠ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠨᠢ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠬᠠᠷᠠᠬᠠᠨ ᠵᠣᠬᠢᠴᠠᠬᠤ ᠦᠭᠡᠢ ᠪᠠᠶᠢᠨ᠎ᠠ᠃ ᠡᠭᠦᠨ ᠳᠤ᠂ ᠪᠢᠳᠡ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠨᠡᠨ ᠬᠦ ᠰᠢᠢᠳᠪᠦᠷᠢᠯᠡᠨ᠎ᠡ᠃     ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ     ᠡᠨᠡ ᠵᠢᠯ ᠪᠣᠯ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠤᠯᠬᠤ ᠶᠤᠮ᠂ ᠪᠦᠬᠦ ᠵᠢᠯ ᠤᠨ ᠡᠯ᠎ᠡ ᠲᠦᠷᠦᠯ ᠤᠨ ᠠᠵᠢᠯ ᠢ ᠰᠠᠶᠢᠲᠤᠷ ᠬᠢᠬᠦ ᠳᠤ ᠴᠢᠬᠤᠯᠠ ᠠᠴᠢ ᠬᠤᠯᠪᠣᠭᠳᠠᠯ ᠲᠠᠢ ᠨᠢᠬᠡ ᠵᠢᠯ ᠮᠦᠨ᠃ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠬᠤ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠦᠢᠯᠡᠴᠢᠯᠡᠭᠡ ᠶᠢ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠭᠤᠯᠬᠤ ᠶᠢ ᠲᠦᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠭᠤᠷᠪᠠᠨ ᠳᠥᠷᠪᠡ︾᠎ ᠶᠢᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ᠂ ᠭᠤᠶᠢᠪᠢᠰᠢ ᠦᠭᠡᠢ ᠪᠠᠷ ᠲᠦᠷᠦᠭᠦᠨ ᠳᠤᠨᠢ ᠶᠠᠪᠤᠵᠤ᠂ ᠵᠢᠱᠢᠶ᠎ᠡ ᠦᠵᠡᠭᠦᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ  ᠡᠵᠡᠨ ᠬᠤᠷᠤᠭ᠎ᠠ ᠶᠢᠨ ᠰᠢᠨ᠎ᠡ ᠬᠠᠭᠤᠳᠠᠰᠤ ᠶᠢ ᠲᠠᠰᠤᠷᠠᠯᠳᠡ ᠦᠭᠡᠢ ᠪᠢᠴᠢᠭᠯᠡᠨ᠎ᠡ᠃    ᠡᠯ᠎ᠡ ᠲᠠᠯ᠎ᠠ ᠶᠢᠨ ᠡᠯᠧᠮᠧᠨ᠋ᠲ ᠢ ᠶᠡᠷᠦᠩᠬᠡᠶᠢᠯᠡᠨ ᠪᠤᠳᠤᠯᠬᠢᠯᠠᠨ᠂ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 7% ᠣᠷᠴᠢᠮ ᠢᠶᠠᠷ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 20% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠲᠤᠭ᠎ᠠ ᠶᠢ 8% ᠣᠷᠴᠢᠮ ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠨ᠎ᠠ ᠃ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠪᠣᠯᠣᠨ ᠬᠤᠰᠢᠭᠤ ᠨᠠᠮ ᠤᠨ ᠬᠤᠷᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠲᠠᠢ ᠨᠡᠶᠢᠴᠡᠵᠦ᠂ ᠲᠣᠭᠲᠠᠭᠤᠨ ᠤ ᠳᠤᠮᠳᠠ ᠤᠷᠤᠭᠰᠢᠯᠠᠨ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠬᠤ ᠱᠠᠭᠠᠷᠳᠠᠯᠭ᠎ᠠ ᠶᠢ ᠢᠯᠡᠷᠡᠭᠦᠯᠵᠦ᠂ ᠵᠢᠱᠢᠯᠲᠡ ᠶᠢ ᠲᠣᠭᠲᠠᠪᠤᠷᠢᠵᠢᠭᠤᠯᠵᠤ᠂ ᠢᠲᠡᠭᠡᠯ ᠵᠣᠷᠢᠭ ᠢ ᠬᠥᠪᠴᠢᠯᠡᠵᠦ᠂ ᠲᠡᠰ ᠵᠡᠷᠬᠡ ᠲᠠᠪᠰᠢᠬᠤ ᠶᠢ ᠪᠠᠳᠤᠯᠠᠵᠤ᠂ ᠬᠥᠭᠵᠢᠯᠲᠡ ᠶᠢᠨ ᠬᠤᠷᠳᠤᠴᠠ ᠶᠢ ᠲᠠᠰᠤᠷᠠᠯᠲᠠ ᠦᠭᠡᠢ ᠲᠦᠷᠭᠡᠳᠬᠡᠵᠦ᠂ ᠠᠵᠤ ᠦᠢᠯᠡᠰ ᠤᠨ ᠨᠡᠮᠡᠭᠳᠡᠯ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ ᠴᠢᠨᠠᠷ ᠤᠨ ᠬᠡᠮᠵᠢᠶ᠎ᠡ ᠶᠢ ᠳᠡᠭᠡᠭᠰᠢᠯᠡᠭᠦᠯᠤᠨ᠂ ᠠᠷᠠᠳ ᠲᠦᠮᠡᠨ ᠢ ᠬᠠᠯᠠᠮᠵᠢᠯᠠᠵᠤ᠂ ᠠᠵᠤ ᠠᠬᠤᠶᠢᠯᠠᠯ ᠢ ᠲᠠᠮᠵᠢᠨ᠂ ᠴᠢᠳᠠᠪᠤᠷᠢᠲᠠᠨ ᠢ ᠴᠢᠬᠤᠯᠠᠴᠢᠯᠠᠵᠤ᠂ ᠠᠮᠢ ᠠᠬᠤᠢ ᠶᠢ ᠰᠠᠶᠢᠵᠢᠷᠠᠭᠤᠯᠤᠨ᠂ ᠵᠠᠰᠠᠯᠲᠠ ᠶᠢ ᠰᠠᠶᠢᠵᠢᠷᠠᠭᠤᠯᠬᠤ ᠳᠤ ᠠᠰᠢᠭᠲᠠᠢ ᠪᠠᠶᠢᠵᠤ᠂ ᠬᠦᠴᠦ ᠪᠠᠨ ᠬᠠᠮᠲᠤᠳᠬᠠᠨ ︽ᠤᠳᠤᠬᠢᠴᠢᠯᠠᠭᠰᠠᠨ ᠡᠵᠡᠨ ᠬᠤᠷᠤᠭ᠎ᠠ ᠶᠢᠨ  ᠬᠦᠭᠵᠢᠯᠳᠡ︾᠎ ᠶᠢ ᠪᠡᠶᠡᠯᠡᠬᠦᠯᠦᠨ᠎ᠡ᠃    ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠳᠣᠣᠷᠠᠬᠢ ᠵᠠᠷᠴᠢᠮ ᠢ ᠪᠠᠷᠢᠮᠲᠠᠯᠠᠨ᠎ᠠ᠄ ᠨᠢᠭᠡ ᠳᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠳᠠ ᠪᠠ ᠬᠤᠰᠢᠭᠤ ᠨᠠᠮ ᠤᠨ ᠬᠤᠷᠢᠶ᠎ᠠ ᠶᠢᠨ ᠡᠯ᠎ᠡ ᠲᠦᠷᠦᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠦᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠬᠦᠯᠦᠨ᠎ᠡ᠃ ᠬᠤᠶᠠᠷ ᠲᠤ᠂ ᠭᠤᠣᠯ ᠱᠤᠭᠤᠮ ᠢ ᠪᠠᠳᠤᠳᠬᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠭᠤᠣᠯ ᠱᠤᠭᠤᠮ ᠤᠨ ᠭᠠᠷᠳᠠᠬᠤ ᠴᠡᠭ᠂ ᠬᠦᠴᠦᠯᠡᠬᠦ ᠴᠡᠭ ᠢ ᠣᠨᠣᠪᠴᠢᠲᠠᠢ ᠡᠷᠢᠨ ᠣᠯᠵᠤ᠂ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠲᠦᠷᠦ ᠶᠢᠨ ᠪᠣᠳᠣᠯᠭ᠎ᠠ ᠲᠣᠭᠲᠠᠭᠠᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠪᠦᠬᠦ ᠶᠠᠪᠤᠴᠠ ᠶᠢᠨ ᠡᠯ᠎ᠡ ᠲᠠᠯ᠎ᠠ ᠳᠤ ᠡᠷᠡᠰ ᠲᠤᠭᠤᠰᠢᠯᠠᠭᠤᠯᠵᠤ᠂ ᠵᠠᠰᠠᠭ ᠤᠨ ᠣᠷᠳᠣᠨ ᠤ ᠠᠯᠢᠪᠠ ᠠᠵᠢᠯ ᠢ ᠴᠥᠮ ᠭᠤᠣᠯ ᠱᠤᠭᠤᠮ ᠲᠠᠢ ᠨᠢᠭᠲᠠ ᠤᠶᠠᠯᠳᠤᠭᠤᠯᠬᠤ ᠶᠢ ᠠᠬᠢᠭᠤᠯᠤᠨ᠎ᠠ᠃ ᠭᠤᠷᠪᠠ ᠳᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠰᠠᠨᠠᠭᠠᠨ ᠳᠤ ᠲᠠᠭᠠᠯᠠᠭᠳᠠᠭᠰᠠᠨ ᠠᠵᠢᠯ ᠬᠢᠵᠦ᠂ ᠠᠷᠠᠳ ᠲᠦᠮᠡᠨ ᠤ ᠬᠡᠷᠡᠭᠴᠡᠭᠡ ᠱᠠᠭᠠᠷᠳᠠᠯᠭ᠎ᠠ ᠪᠣᠯ ᠳᠠᠷᠤᠢ ᠮᠠᠨ ᠤ ᠠᠵᠢᠯ ᠤᠨ ᠤᠭ ᠰᠠᠨᠠᠭ᠎ᠠ ᠮᠥᠨ᠂ ᠠᠷᠠᠳ ᠲᠦᠮᠡᠨ ᠤ ᠵᠥᠪᠰᠢᠶᠡᠷᠡᠯ ᠪᠣᠯ ᠳᠠᠷᠤᠢ ᠮᠠᠨ ᠤ ᠬᠠᠮᠤᠭ ᠤᠨ ᠰᠠᠶᠢᠨ ᠬᠥᠬᠢᠭᠦᠯᠦᠯ ᠬᠡᠳᠡᠭ ᠢ ᠲᠠᠨᠢᠨ ᠮᠡᠳᠡᠷᠡᠬᠦ ᠬᠡᠷᠡᠭᠳᠠᠢ᠃ ᠳᠥᠷᠪᠡ ᠳᠤ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠵᠥᠪ ᠣᠨᠣᠪᠴᠢᠲᠠᠢ᠂ ᠴᠠᠭ ᠠᠴᠠ ᠥᠩᠭᠡᠷᠡᠭᠰᠡᠨ ᠵᠦᠢᠯ ᠳᠤ ᠲᠣᠬᠢᠷᠠᠭᠤᠯᠤᠯᠲᠠ ᠬᠢᠬᠦ ᠶᠢ ᠪᠠᠷᠢᠮᠲᠠᠯᠠᠵᠤ᠂ ᠪᠠᠶᠢᠯᠳᠤᠬᠤ ᠪᠣᠳᠣᠯᠭ᠎ᠠ ᠶᠢᠨ ᠲᠤᠭᠳᠠᠴᠠ ᠎ ᠶᠢ ᠪᠠᠲᠤᠯᠠᠵᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠰᠢᠨᠲᠠᠷᠠᠰᠢ ᠦᠭᠡᠢ ᠲᠡᠮᠡᠴᠡᠬᠦ ᠬᠦᠴᠦᠨ ᠢᠶᠠᠨ ᠪᠠᠲᠤᠯᠠᠵᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠲᠠᠪᠤ ᠳᠤ᠂ ᠪᠤᠰᠤᠳᠴᠢ ᠪᠠᠷ ᠬᠠᠷᠠᠯᠳᠠ ᠪᠠᠨ ᠲᠤᠭᠳᠠᠭᠠᠬᠤ ᠰᠡᠳᠬᠢᠬᠦᠢ ᠶᠢ ᠪᠠᠷᠢᠮᠲᠠᠯᠠᠵᠤ᠂ ︽ᠴᠠᠭ ᠢᠮᠠᠭᠲᠠ ᠰᠡᠳᠬᠢᠯ ᠎ ᠳᠤ ᠪᠠᠨ ᠠᠪᠬᠤ︾ ᠬᠠᠷᠢᠭᠤᠴᠠᠯᠭᠠᠲᠤ ᠰᠡᠳᠬᠢᠯᠭᠡ᠂ ︽ᠬᠢᠯᠭᠠᠰᠤᠨ ᠲᠡᠬᠡᠷ᠎ᠡ ᠬᠦᠶᠦᠯᠬᠡᠬᠦ ᠮᠠᠶ᠋ᠢᠭ︾᠎ ᠤᠨ ᠲᠦᠭᠰᠢᠭᠦᠷᠢᠲᠦ ᠰᠡᠳᠬᠢᠯᠭᠡ ᠪᠠᠷ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢᠨ ᠠᠶᠤᠯᠬᠦᠢ ᠶᠢ ᠡᠷᠡᠰ ᠴᠢᠩᠭ᠎ᠠ ᠠᠳᠬᠤᠵᠤ᠂ ᠡᠳ᠋ ᠤᠨ ᠵᠠᠰᠠᠭ᠂ ᠮᠥᠩᠭᠦᠨ ᠭᠦᠢᠯᠭᠡᠭᠡ᠂ ᠠᠵᠤ ᠦᠢᠯᠡᠰ ᠤᠨ ᠬᠡᠯᠬᠢᠶ᠎ᠡ ᠶᠢᠨ ᠠᠮᠤᠷ ᠲᠦᠪᠰᠢᠨ ᠪᠣᠯᠣᠨ ᠨᠡᠶᠢᠭᠡᠮ ᠤᠨ ᠲᠣᠭᠲᠠᠭᠤᠨ ᠤ ᠬᠤᠷᠢᠭ᠎ᠠ ᠱᠤᠭᠤᠮ ᠢ ᠡᠷᠡᠰ ᠪᠠᠳᠤᠯᠠᠨ᠎ᠠ᠃ ᠵᠢᠷᠭᠤᠭ᠎ᠠ ᠳᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠪᠠᠷᠢᠮᠲᠠᠯᠠᠵᠤ᠂ ᠠᠵᠤ ᠠᠬᠤᠢ ᠪᠣᠯᠣᠨ ᠠᠷᠠᠳ ᠤᠨ ᠠᠮᠢᠳᠤᠷᠠᠯ ᠢ ᠨᠢᠭᠡ ᠴᠣᠭᠴᠠᠵᠢᠭᠤᠯᠤᠨ ᠲᠡᠰ ᠳᠡᠪᠰᠢᠭᠦᠯᠬᠦ᠂ ᠬᠤᠳᠠ ᠪᠣᠯᠣᠨ ᠬᠥᠳᠡᠭᠡ ᠲᠣᠰᠬᠤᠨ ᠢ ᠬᠠᠮᠲᠤ ᠎ ᠳᠤᠨᠢ ᠪᠦᠲᠦᠭᠡᠨ ᠪᠠᠶᠢᠭᠤᠯᠬᠤ᠂ ᠠᠭᠤᠷᠬᠠᠢ ᠶᠢᠨ ᠣᠷᠣᠨ ᠪᠣᠯᠣᠨ ᠲᠠᠷᠢᠶᠠᠯᠠᠬᠤ ᠣᠷᠣᠨ ᠢ ᠬᠠᠮᠲᠤ ᠳᠤᠨᠢ ᠬᠥᠭᠵᠢᠭᠦᠯᠬᠦ᠂ ᠠᠮᠢ ᠠᠬᠤᠢ ᠪᠣᠯᠣᠨ ᠣᠷᠴᠢᠨ ᠲᠣᠭᠤᠷᠢᠨ ᠢ ᠬᠠᠮᠲᠤ ᠳᠤᠨᠢ ᠳᠡᠭᠡᠭᠰᠢᠯᠡᠭᠦᠯᠬᠦ᠂ ᠲᠤᠬᠠᠢ ᠶᠢᠨ ᠭᠠᠵᠠᠷ ᠣᠷᠣᠨ ᠤ ᠠᠵᠤ ᠠᠬᠤᠶᠢᠯᠠᠯ ᠪᠣᠯᠣᠨ ᠤᠷᠢᠵᠤ ᠤᠷᠤᠭᠤᠯᠤᠭᠰᠠᠨ ᠠᠵᠤ ᠠᠬᠤᠶᠢᠯᠠᠯ ᠲᠠᠢ ᠠᠳᠠᠯᠢ ᠪᠠᠷ ᠦᠢᠯᠡᠴᠢᠯᠡᠬᠦ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠵᠠᠮ ᠳᠤ ᠨᠢᠭᠡ ᠶᠢ ᠴᠦ ᠣᠷᠬᠢᠭᠳᠠᠭᠤᠯᠬᠤ ᠦᠭᠡᠢ᠂ ᠬᠠᠮᠲᠤ ᠪᠠᠷ ᠴᠢᠨᠡᠭᠡᠯᠢᠭᠵᠢᠬᠦ ᠳᠤ ᠨᠢᠭᠡ ᠶᠢ ᠴᠦ ᠣᠷᠬᠢᠭᠳᠠᠭᠤᠯᠬᠤ ᠦᠭᠡᠢ᠃ ᠲᠤᠯᠤᠭ᠎ᠠ ᠳᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠪᠠᠷᠢᠮᠲᠠᠯᠠᠵᠤ᠂ ᠠᠵᠢᠯᠴᠢ ᠠᠷᠪᠢᠴᠢ ᠪᠠᠷ ᠠᠯᠢᠪᠠ ᠤᠴᠢᠷ ᠶᠠᠪᠤᠳᠠᠯ ᠢ ᠪᠦᠲᠦᠭᠡᠬᠦ ᠣᠶᠢᠯᠠᠭᠠᠭᠳᠠᠬᠤᠨ ᠢ ᠵᠠᠰᠠᠭ ᠤᠨ ᠣᠷᠳᠣᠨ ᠤ ᠠᠵᠢᠯ ᠤᠨ ᠲᠠᠯ᠎ᠠ ᠪᠦᠬᠦᠨ ᠳᠤ ᠲᠤᠭᠤᠰᠢᠯᠠᠭᠤᠯᠵᠤ᠂ ︽ᠰᠢᠨ᠎ᠡ ᠬᠡᠯᠪᠡᠷᠢ ᠶᠢᠨ ᠶᠢᠨ ᠢᠨᠵᠧᠨᠧᠷᠢᠩ︾᠎ ᠢ ᠰᠡᠷᠭᠡᠶᠢᠯᠡᠨ ᠴᠡᠭᠴᠡᠯᠡᠵᠦ᠂ ᠡᠨᠧᠷᠬᠢ᠂ ᠠᠭᠤᠷᠬᠠᠢ᠂ ᠭᠠᠵᠠᠷ᠂ ᠴᠢᠳᠠᠪᠤᠷᠢᠲᠠᠨ᠂ ᠮᠠᠲ᠋ᠧᠷᠢᠶᠠᠯ᠂ ᠡᠳ᠋ ᠤᠨ ᠵᠠᠰᠠᠭ ᠢ ᠴᠥᠮ ᠨᠠᠷᠢᠨ ᠨᠢᠭᠲᠠ ᠲᠥᠯᠥᠪᠯᠡᠨ ᠪᠤᠳᠤᠵᠤ᠂ ᠠᠷᠪᠢᠲᠠᠢ ᠡᠷᠴᠢᠮᠯᠢᠭ ᠪᠠᠶᠢᠯᠭᠠᠨ᠎ᠠ᠃     ︵ᠨᠢᠭᠡ︶ ᠰᠢᠨ᠎ᠡ ᠬᠠᠭᠤᠴᠢᠨ ᠬᠥᠳᠡᠯᠭᠡᠭᠴᠢ ᠬᠦᠴᠦᠨ ᠎ ᠢ ᠬᠠᠮᠵᠢᠯᠴᠠᠨ ᠬᠦᠴᠦᠯᠡᠬᠦᠯᠵᠦ᠂ ︽ᠲᠠᠪᠤᠨ ᠶᠡᠭᠡ︾᠎ ᠶᠢᠨ ᠠᠵᠤ ᠠᠬᠤᠢ ᠶᠢᠨ ᠨᠡᠮᠡᠭᠳᠡᠯ ᠤᠨ ᠲᠤᠶᠢᠯ ᠢ ᠪᠤᠢ ᠪᠣᠯᠭᠠᠨ᠎ᠠ᠃ ᠲᠦᠷᠦᠯ ᠵᠦᠢᠯ ᠢ ᠠᠳᠬᠤᠬᠤ ᠶᠢ ᠪᠠᠷᠢᠮᠲᠠᠯᠠᠬᠤ ᠪᠣᠯ ᠳᠠᠷᠤᠢ ᠬᠥᠭᠵᠢᠯᠲᠡ ᠶᠢ ᠠᠳᠬᠤᠬᠤ ᠶᠠᠪᠤᠳᠠᠯ ᠪᠠᠶᠢᠵᠤ᠂ ᠲᠦᠷᠦᠯ ᠵᠦᠢᠯ ᠢ ᠰᠠᠶᠢᠲᠤᠷ ᠠᠳᠬᠤᠬᠤ ᠪᠣᠯ ᠳᠠᠷᠤᠢ ᠴᠢᠨᠠᠷ ᠰᠠᠶᠢᠲᠠᠢ ᠬᠥᠭᠵᠢᠯᠲᠡ ᠶᠢ ᠠᠳᠬᠤᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠵᠦ ᠠᠵᠤ ᠦᠢᠯᠡᠰ ᠤᠨ ᠳᠠᠪᠠᠭᠤᠯᠢᠭ ᠢ ᠪᠠᠶᠢᠭᠤᠯᠵᠤ᠂ ᠠᠵᠤ ᠦᠢᠯᠡᠰ ᠤᠨ ᠡᠨᠧᠷᠭᠢ ᠶᠢᠨ ᠲᠡᠰ ᠪᠣᠯᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠳᠡᠭᠡᠭᠰᠢᠯᠡᠭᠦᠯᠬᠦ ᠶᠠᠪᠤᠳᠠᠯ ᠪᠣᠯᠤᠨ᠎ᠠ᠃    ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠲᠤᠶᠢᠯ ᠢ ᠪᠣᠶᠢᠵᠢᠭᠤᠯᠤᠨ ᠪᠦᠷᠢᠯᠳᠦᠭᠦᠯᠦᠨ᠎ᠡ᠃ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠪᠠᠶᠢᠳᠠᠯ ᠢ ᠪᠠᠲᠤᠯᠠᠵᠤ᠂ ᠲᠥᠷᠥᠯ ᠵᠦᠢᠯ ᠤᠨ ᠶᠡᠷᠦᠩᠬᠡᠢ ᠬᠡᠮᠵᠢᠶ᠎ᠡ᠂ ᠨᠡᠮᠡᠭᠳᠡᠯ ᠤᠨ ᠬᠡᠮᠵᠢᠶ᠎ᠡ᠂ ᠶᠠᠰᠤ ᠴᠢᠨᠠᠷ ᠤᠨ ᠪᠥᠬᠦ ᠲᠠᠯ᠎ᠠ ᠶᠢᠨ ᠲᠡᠬᠡᠭᠰᠢᠯᠡᠯᠳᠡ ᠶᠢ ᠠᠬᠢᠭᠤᠯᠤᠨ᠎ᠠ᠃ ᠨᠢᠭᠡ ᠳᠤ᠂ ᠬᠤᠲᠠ ᠶᠢᠨ ᠱᠠᠲᠤᠨ ᠤ ᠲᠣᠬᠢᠷᠠᠭᠤᠯᠤᠯᠲᠠ ᠶᠢᠨ ᠴᠢᠬᠤᠯᠠ ᠶᠡᠭᠡ ᠲᠥᠷᠥᠯ ᠵᠦᠢᠯ ᠢ 62 ᠬᠡᠷᠡᠭᠵᠢᠭᠦᠯᠵᠦ᠂ 100 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ ᠢ 4᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ ᠢ 8 ᠰᠢᠨ᠎ᠡ ᠪᠠᠷ ᠠᠵᠢᠯ ᠡᠬᠢᠯᠡᠭᠦᠯᠵᠦ᠂ ᠪᠥᠬᠦ ᠵᠢᠯ ᠳᠤ 270 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠦᠢᠯᠡᠳᠬᠦ ᠦᠢᠯᠡᠰ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠡᠵᠡᠯᠡᠬᠦ ᠬᠠᠷᠢᠴᠠᠯ ᠢ 60% ᠪᠠ 20%᠎ ᠳᠤ ᠬᠦᠷᠬᠡᠵᠦ᠂ ᠠᠵᠤ ᠦᠢᠯᠡᠳᠪᠦᠷᠢ ᠶᠢᠨ ᠲᠥᠷᠥᠯ ᠵᠦᠢᠯ ᠢ 20 ᠥᠷᠭᠡᠳᠬᠡᠨ ᠨᠡᠮᠡᠭᠳᠡᠭᠦᠯᠦᠨ᠎ᠡ᠃ ᠬᠤᠶᠠᠷ ᠲᠤ᠂ ᠭᠤᠤᠯᠳᠠᠯᠭᠠᠳᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠪᠣᠭᠤᠮᠲᠠ ᠰᠢᠪᠲᠤᠯᠬᠤ ᠠᠵᠢᠯᠯᠠᠭ᠎ᠠ ᠶᠢ ᠥᠷᠨᠢᠭᠦᠯᠵᠦ᠂ ᠲᠥᠷᠥᠯ ᠵᠦᠢᠯ ᠤᠨ ᠬᠦᠰᠡᠯ ᠱᠠᠭᠠᠷᠳᠠᠯᠭ᠎ᠠ ᠶᠢ ᠲᠦᠷᠭᠡᠨ ᠳᠠᠭᠠᠬᠤ᠂ ᠬᠡᠷᠡᠭ ᠶᠠᠪᠤᠳᠠᠯ ᠢ ᠬᠠᠮᠲᠤᠷᠠᠨ ᠭᠦᠢᠴᠡᠳᠬᠡᠬᠦ᠂ ᠮᠥᠷᠳᠡᠨ ᠲᠣᠬᠢᠷᠠᠭᠤᠯᠵᠤ ᠰᠢᠮᠳᠠᠭᠤᠯᠤᠨ ᠭᠦᠢᠴᠡᠳᠬᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠤᠰᠬᠠᠢ ᠬᠥᠮᠥᠨ ᠠᠩᠬᠠᠷᠴᠤ ᠭᠦᠢᠴᠡᠳᠬᠡᠬᠦ᠂ ᠲᠤᠰᠬᠠᠢ ᠬᠥᠮᠥᠨ ᠦᠢᠯᠡᠴᠢᠯᠡᠬᠦ᠂ ᠲᠤᠰᠬᠠᠢ ᠠᠩᠭᠢ ᠪᠠᠷ ᠠᠬᠢᠭᠤᠯᠬᠤ ᠶᠢ ᠨᠠᠶᠢᠳᠠᠪᠤᠷᠢᠵᠢᠭᠤᠯᠤᠨ᠂ ᠬᠡᠪ ᠤᠨ ᠪᠠᠶᠢᠳᠠᠯ ᠠᠴᠠ ᠬᠡᠳᠦᠷᠡᠭᠰᠡᠨ ᠠᠷᠭ᠎ᠠ ᠬᠡᠮᠵᠢᠶ᠎ᠡ ᠪᠠᠷ ᠳᠠᠬᠢᠨ ᠢᠶᠠᠷ ᠬᠦᠴᠦᠯᠡᠵᠦ᠂ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠰᠠᠷ᠎ᠠ ᠪᠦᠷᠢ ᠪᠠᠷᠢᠮᠵᠢᠶ᠎ᠠ ᠳᠤ ᠬᠦᠷᠦᠭᠦᠯᠬᠦ᠂ ᠥᠨᠳᠥᠷ ᠪᠠᠶᠢᠷᠢᠨ ᠳᠤ ᠨᠡᠮᠡᠭᠳᠡᠭᠦᠯᠬᠦ ᠶᠢ ᠦᠨᠡᠨ ᠬᠦ ᠪᠠᠲᠤᠯᠠᠨ᠎ᠠ᠃ ᠭᠤᠷᠪᠠ ᠳᠤ᠂ ︽ᠲᠥᠷᠥ ᠶᠢᠨ ᠪᠣᠳᠣᠯᠭ᠎ᠠ ᠶᠢ ᠰᠤᠷᠤᠯᠴᠠᠬᠤ᠂ ᠠᠵᠤ ᠦᠢᠯᠡᠰ ᠢ ᠣᠶᠢᠯᠠᠭᠠᠬᠤ᠂ ᠴᠢᠳᠠᠪᠤᠷᠢ ᠶᠢ ᠳᠡᠭᠡᠭᠰᠢᠯᠡᠭᠦᠯᠬᠦ︾ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠣᠳᠠᠲᠤ ᠬᠡᠷᠡᠭ ᠤᠨ ᠬᠢᠴᠢᠶᠡᠯ ᠤᠨ ᠲᠠᠩᠬᠢᠮ ᠢ ᠨᠡᠭᠡᠭᠡᠵᠦ᠂ ︽ᠬᠡᠯᠬᠢᠶᠡᠨ ᠤ ᠳᠠᠷᠤᠭ᠎ᠠ︾᠎ ᠶᠢᠨ ᠲᠦᠷᠦᠬᠦᠯᠡᠨ᠂ ᠰᠠᠯᠠᠭ᠎ᠠ ᠮᠥᠴᠢᠷ ᠬᠡᠯᠬᠢᠶ᠎ᠡ ᠶᠢ ᠠᠳᠬᠤᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠰᠢᠨ᠎ᠡ ᠡᠨᠧᠷᠭᠢ ᠶᠢᠨ ᠲᠦᠬᠦᠬᠡᠷᠦᠮᠵᠢ ᠶᠢ ᠦᠢᠯᠡᠳᠬᠦ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠵᠡᠷᠭᠡ 9 ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠷᠠᠯᠲᠠᠲᠤ ᠬᠡᠷᠡᠭᠯᠡᠭᠴᠢ᠂ ᠠᠵᠤ ᠠᠬᠤᠶᠢᠯᠠᠯ ᠳᠤ ᠬᠠᠨᠳᠤᠭᠤᠯᠤᠭᠰᠠᠨ᠂ ᠴᠢᠨᠠᠷ ᠰᠠᠶᠢᠲᠠᠢ ᠲᠥᠷᠥᠯ ᠵᠦᠢᠯ ᠢ ᠨᠠᠷᠢᠯᠢᠭ ᠰᠣᠩᠭᠤᠵᠤ᠂ 30 ᠎ ᠠᠴᠠ ᠳᠡᠭᠡᠭᠰᠢ  ᠭᠤᠤᠯᠳᠠᠯᠭᠠᠳᠤ ᠲᠥᠷᠥᠯ ᠵᠦᠢᠯ ᠢ ᠣᠷᠣᠭᠤᠯᠤᠨ ᠠᠪᠴᠢᠷᠠᠵᠤ᠂ 150 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃      ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠤᠨ ᠲᠤᠶᠢᠯ ᠢ ᠪᠣᠶᠢᠵᠢᠭᠤᠯᠤᠨ ᠪᠦᠷᠢᠯᠳᠦᠭᠦᠯᠦᠨ᠎ᠡ᠃ ᠤᠯᠤᠰ ᠤᠨ ᠰᠢᠨ᠎ᠡ ᠡᠨᠧᠷᠭᠢ ᠶᠢᠨ ᠲᠣᠨᠣᠭᠯᠠᠯ ᠢ ᠦᠢᠯᠡᠳᠬᠦ ᠪᠠ ᠬᠡᠷᠡᠭᠯᠡᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠷᠳᠤᠴᠠ ᠶᠢ ᠲᠡᠷᠢᠭᠦᠨ ᠳᠤ ᠲᠠᠯᠪᠢᠵᠤ᠂ ᠲᠦᠷᠭᠡᠨ ᠬᠤᠷᠳᠤᠴᠠ ᠪᠠᠷ ᠠᠵᠤ ᠦᠢᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠵᠤ᠂ ︽ᠬᠤᠣᠰ ᠵᠠᠭᠤᠨ ᠤ GW︾ ᠵᠢᠴᠢ ᠢᠵᠢ ᠪᠦᠷᠢᠳᠦᠭᠦᠯᠬᠦ ᠠᠵᠤ ᠦᠢᠯᠡᠰ ᠤᠨ ᠰᠦᠷᠦᠭᠵᠢᠯ ᠢ ᠦᠨᠳᠦᠰᠦᠨ ᠳᠡᠭᠡᠨ ᠪᠦᠷᠢᠯᠳᠦᠭᠦᠯᠦᠨ᠎ᠡ᠃ ᠨᠢᠭᠡ ᠳᠤ᠂ ᠪᠦᠦ ᠹᠧᠩ 50GWh ᠡᠨᠧᠷᠭᠢ ᠬᠠᠳᠠᠭᠠᠯᠠᠬᠤ ᠳ᠋ᠢᠶᠠᠨ ᡂᠢ᠂ ᠮᠧᠶ ᠧᠨ ᠵᠧᠩ ᠾᠧ 125 ᠲᠦᠮᠡᠨ ᠲᠣᠨ ᠡᠯᠧᠺᠲᠷᠣᠨ ᠬᠢᠮᠢ ᠶᠢᠨ ᠪᠣᠳᠠᠰ ᠵᠡᠷᠭᠡ ᠲᠦᠷᠦᠯ ᠵᠦᠢᠯ ᠢ ᠡᠬᠢᠯᠡᠨ ᠪᠠᠶᠢᠭᠤᠯᠵᠤ᠂ ᠶᠤᠸᠠᠨ ᠵᠢᠩ ᠤᠨ ᠬᠤᠶᠠᠳᠤᠭᠠᠷ ᠬᠤᠭᠤᠴᠠᠭᠠᠨ ᠤ 20GWh ᠣᠶᠤᠨᠲᠤ ᠳ᠋ᠢᠶᠠᠨ ᡂᠢ᠂ ᠷᠦᠩ ᠯᠢ ᠶᠢᠨ ᠨᠢᠭᠡᠳᠦᠭᠡᠷ ᠬᠤᠭᠤᠴᠠᠭᠠᠨ ᠤ 8 ᠲᠦᠮᠡᠨ ᠲᠣᠨ ᠪᠢᠯᠢᠭ ᠲᠤᠶᠢᠯ ᠤᠨ ᠮᠠᠲ᠋ᠧᠷᠢᠶᠠᠯ ᠵᠡᠷᠭᠡ ᠲᠦᠷᠦᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ ᠠᠬᠢᠭᠤᠯᠤᠨ᠎ᠠ᠃ ᠬᠤᠶᠠᠷ ᠲᠤ᠂ ᠯᠦᠩ ᠵᠢᠢ᠂ ᠵᠥᠩ ᠴᠧᠩ ᠢᠦᠢ ᠬᠡᠷᠡᠯ ᠸᠣᠯᠲ ᠤᠨ ᠪᠥᠬᠦ ᠠᠵᠤ ᠦᠢᠯᠡᠰ ᠤᠨ ᠬᠡᠯᠬᠢᠶ᠎ᠡ᠂ ᠬᠤᠸᠠ ᠵᠢᠩ ᠹᠣᠰᠹᠣᠷ ᠬᠦᠴᠢᠯ ᠤᠨ ᠲᠡᠮᠦᠷ ᠯᠢᠲ᠋ᠢ ᠶᠢᠨ ᠠᠷᠭ᠎ᠠ ᠲᠤᠶᠢᠯ ᠤᠨ ᠮᠠᠲ᠋ᠧᠷᠢᠶᠠᠯ ᠵᠡᠷᠭᠡ ᠲᠥᠷᠥᠯ ᠵᠦᠢᠯ ᠤᠨ ᠪᠥᠬᠦ ᠱᠤᠭᠤᠮ ᠤᠨ ᠦᠢᠯᠡᠳᠪᠦᠷᠢᠯᠡᠯ ᠦᠷ᠎ᠡ ᠪᠦᠲᠦᠮᠵᠢ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠯᠦᠩ ᠵᠢᠢ ᠬᠤᠶᠠᠳᠤᠭᠠᠷ ᠬᠤᠭᠤᠴᠠᠭᠠᠨ ᠤ ᠪᠠ ᠬᠡᠷᠡᠯ ᠸᠣᠯᠲ ᠤᠨ ᠰᠢᠯ᠂ ᠭᠤᠮ ᠪᠦᠷᠬᠦᠭᠦᠯ᠂ ᠬᠦᠷᠢᠶ᠎ᠡ᠂ ᠪᠣᠭᠤᠳᠠᠯᠯᠠᠬᠤ ᠮᠠᠲ᠋ᠧᠷᠢᠶᠠᠯ᠂ ᠴᠠᠬᠢᠯᠭᠠᠨ ᠵᠠᠳᠠᠯᠤᠯ ᠤᠨ ᠰᠢᠩᠭᠡᠨ᠂ ᠳ᠋ᠢᠶᠠᠨ ᡂᠢ ᠶᠢᠨ ᠪᠦᠲᠦᠴᠡ ᠲᠣᠨᠤᠭ ᠵᠡᠷᠭᠡ ᠢᠵᠢ ᠪᠦᠷᠢᠳᠦᠭᠰᠡᠨ ᠠᠵᠤ ᠦᠢᠯᠡᠰ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠡᠯᠬᠢᠶ᠎ᠡ ᠶᠢᠨ ᠪᠦᠷᠢᠨ ᠲᠡᠭᠦᠯᠳᠡᠷ ᠬᠡᠮᠵᠢᠶ᠎ᠡ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠭᠤᠷᠪᠠ ᠳᠤ᠂ ᠲᠣᠬᠢᠷᠠᠭᠤᠯᠭ᠎ᠠ ᠶᠢᠨ ᠦᠢᠯᠡᠴᠢᠯᠡᠭᠡ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠠᠵᠤ ᠠᠬᠤᠶᠢᠯᠠᠯ ᠳᠤ ᠵᠠᠬᠢᠶᠠᠯᠠᠭ᠎ᠠ ᠶᠢᠨ ᠬᠠᠭᠤᠳᠠᠰᠤ ᠤᠯᠬᠤ︾᠎ ᠶᠢ ᠲᠡᠰ ᠳᠡᠪᠰᠢᠭᠦᠯᠬᠦ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠢ ᠥᠷᠭᠡᠳᠬᠡᠵᠦ᠂ ᠪᠣᠷᠤᠯᠠᠭᠤᠯᠭ᠎ᠠ ᠶᠢᠨ ᠵᠠᠮ ᠢ ᠰᠦᠪᠡᠭᠴᠢᠯᠡᠨ᠎ᠡ᠃ ᠲᠤᠭ᠎ᠠ ᠪᠦᠷᠢᠳᠬᠡᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠤᠨ ᠥᠷᠲᠡᠭᠡ ᠶᠢ ᠪᠠᠶᠢᠭᠤᠯᠤᠨ᠂ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠬᠦ ᠬᠡᠮᠵᠢᠶ᠎ᠡ᠂ ᠪᠠᠷᠠᠭ᠎ᠠ ᠲᠡᠬᠡᠬᠡᠪᠦᠷᠢᠯᠡᠯᠳᠡ ᠶᠢᠨ ᠬᠡᠮᠵᠢᠶ᠎ᠡ᠂  ᠪᠤᠷᠤᠯᠠᠭᠤᠯᠭ᠎ᠠ ᠶᠢᠨ ᠣᠷᠣᠯᠭ᠎ᠠ᠂ ᠨᠡᠮᠡᠭᠳᠡᠯ ᠥᠷᠲᠡᠭ ᠤᠨ ᠨᠣᠷᠮ᠎ᠠ᠂ ᠭᠠᠶᠢᠯᠢ ᠲᠠᠲᠠᠪᠤᠷᠢ ᠶᠢᠨ ᠪᠡᠶᠡᠯᠡᠭᠦᠯᠦᠭᠰᠡᠨ ᠬᠡᠮᠵᠢᠶ᠎ᠡ ᠵᠡᠷᠭᠡ ᠭᠦᠢᠴᠡᠳᠬᠡᠯ ᠲᠤᠭ᠎ᠠ ᠶᠢ ᠴᠢᠩᠭ᠎ᠠ ᠠᠩᠬᠠᠷᠴᠤ᠂ ᠶᠠᠰᠤ ᠴᠢᠨᠠᠷ ᠦᠷ᠎ᠡ ᠠᠰᠢᠭ ᠢ ᠨᠠᠷᠢᠯᠢᠭ ᠣᠨᠣᠴᠠᠲᠠᠢ ᠪᠠᠷ ᠳᠡᠭᠡᠭᠰᠢᠯᠡᠭᠦᠯᠦᠨ᠂ ᠰᠢᠨ᠎ᠡ ᠡᠨᠧᠷᠭᠢ ᠶᠢᠨ ᠦᠢᠯᠡᠳᠬᠦᠨ ᠤ ᠥᠷᠲᠡᠭ ᠢ 300 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠶᠢ ᠦᠨᠡᠨᠬᠦ ᠪᠠᠲᠤᠯᠠᠵᠤ᠂ 300%᠎ ᠠᠴᠠ ᠳᠡᠭᠡᠭᠰᠢ ᠨᠡᠮᠡᠭᠳᠡᠭᠦᠯᠦᠨ᠎ᠡ᠃     ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠨᠡᠮᠡᠭᠳᠡᠯ ᠤᠨ ᠲᠤᠶᠢᠯ ᠢ ᠪᠣᠶᠢᠵᠢᠭᠤᠯᠤᠨ ᠪᠤᠢ ᠪᠣᠯᠭᠠᠨ᠎ᠠ᠃ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢ ᠪᠠᠲᠤᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ ᠴᠢᠩᠭ᠎ᠠ ᠡᠭᠦᠷᠭᠡᠯᠡᠵᠦ᠂ ᠨᠡᠭᠦᠷᠡᠰᠦ ᠶᠢ ᠨᠡᠮᠡᠭᠳᠡᠭᠦᠯᠬᠦ᠂ ᠲᠡᠬᠡᠳᠦ ᠰᠢᠨ᠎ᠡ᠂ ᠴᠠᠬᠢᠯᠭᠠᠨ ᠢ ᠰᠢᠯᠢᠳᠡᠭᠵᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠳᠡᠯᠡᠬᠡᠢ ᠶᠢᠨ ᠲᠡᠷᠢᠭᠦᠨ ᠤ ᠶᠡᠷᠦᠩᠬᠡᠶᠢᠯᠡᠭᠰᠡᠨ ᠡᠨᠧᠷᠭᠢ ᠶᠢᠨ ᠰᠤᠷᠪᠤᠯᠵᠢ ᠶᠢᠨ ᠦᠢᠯᠡᠳᠪᠦᠷᠢᠯᠡᠯ ᠬᠠᠩᠭᠠᠯᠭ᠎ᠠ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃ ᠨᠢᠭᠡ ᠳᠤ᠂ ᠨᠡᠭᠦᠷᠡᠰᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠲᠣᠬᠢᠷᠠᠭᠤᠯᠤᠯᠲᠠ ᠪᠠ ᠠᠭᠤᠷᠬᠠᠢ ᠳᠠᠷᠠᠭᠠᠯᠠᠨ ᠲᠣᠬᠢᠷᠠᠭᠤᠯᠤᠯᠲᠠ ᠬᠢᠬᠦ ᠶᠢ ᠴᠢᠩᠭᠠᠳᠬᠠᠵᠤ᠂ ᠴᠠᠭᠠᠨ ᠰᠤᠭᠤ᠂ ᠢ ᠹᠧᠩ ᠵᠡᠷᠭᠡ 10 ᠨᠡᠭᠦᠷᠡᠰᠦᠨ ᠠᠭᠤᠷᠬᠠᠢ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠲᠦᠯᠬᠢᠨ ᠠᠬᠢᠭᠤᠯᠵᠤ᠂ ᠰᠢᠨ᠎ᠡ ᠵᠡᠭᠡᠯᠢ ᠶᠢᠨ ᠨᠢᠬᠡᠳᠦᠬᠡᠷ ᠬᠤᠳᠳᠤᠭ ᠬᠤᠶᠠᠳᠤᠭᠠᠷ ᠬᠤᠳᠳᠤᠭ᠂ ᠨᠠᠷᠢᠨᠰᠢᠯᠢ᠂ ᠰᠦ᠋ᠪᠦᠷᠭ᠎ᠠ ᠵᠡᠷᠭᠡ 4 ᠰᠠᠭᠤᠷᠢ 800 ᠲᠦᠮᠡᠨ ᠲᠣᠨ ᠨᠡᠭᠦᠷᠡᠰᠦᠨ ᠠᠭᠤᠷᠬᠠᠢ ᠶᠢᠨ ᠪᠠᠷᠢᠯᠭ᠎ᠠ ᠶᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠠᠭᠤᠷᠬᠠᠢ ᠳᠤ ᠬᠡᠷᠡᠭᠯᠡᠬᠦ ︽ᠺᠤᠸᠠᠩ ᠬᠤᠩ︾ ᠠᠵᠤ ᠦᠢᠯᠡᠳᠪᠦᠷᠢ ᠶᠢᠨ ᠬᠠᠷᠢᠯᠴᠠᠨ ᠬᠤᠯᠪᠣᠭᠠᠯᠠᠬᠤ ᠰᠢᠰᠲ᠋ᠧᠮ ᠢ ᠬᠤᠨᠢᠴᠢᠨᠭᠤᠤᠯ᠂ ᠮᠠᠶᠢᠯ ᠤᠨ ᠰᠢᠯᠢ ᠵᠡᠷᠭᠡ ᠨᠡᠭᠦᠷᠡᠰᠦᠨ ᠠᠭᠤᠷᠬᠠᠢ ᠳᠤ ᠵᠢᠱᠢᠶ᠎ᠡ ᠦᠵᠡᠭᠦᠯᠦᠨ ᠬᠡᠷᠡᠭᠯᠡᠬᠦ ᠶᠢ ᠲᠦᠯᠬᠢᠨ ᠠᠬᠢᠭᠤᠯᠵᠤ᠂ ᠯᠢ ᠵᠢᠶᠠ ᠲᠠ᠂ ᠹᠦ᠋ ᠰᠢᠶᠠᠩ ᠵᠡᠷᠭᠡ 4 ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠥᠭᠡᠷᠡᠴᠢᠯᠡᠯᠲᠡ ᠶᠢ ᠪᠡᠶᠡᠯᠡᠭᠦᠯᠵᠦ᠂ 2.2% ᠳ᠋ᠦᠩᠰᠢᠭᠤᠷ ᠲᠣᠨ ᠠᠴᠠ ᠳᠡᠭᠡᠭᠰᠢ ᠨᠡᠭᠦᠷᠡᠰᠦ ᠦᠢᠯᠡᠳᠪᠦᠷᠢᠯᠡᠵᠦ ᠪᠣᠷᠣᠯᠠᠭᠤᠯᠬᠤ ᠶᠢ ᠦᠨᠡᠨᠬᠦ ᠪᠠᠲᠤᠯᠠᠨ᠎ᠠ᠃ ᠬᠤᠶᠠᠷ ᠲᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠡᠰ ᠲᠡᠪᠰᠢᠬᠦᠯᠵᠦ ᠵᠢᠱᠢᠶ᠎ᠡ ᠦᠵᠡᠭᠦᠯᠬᠦ ᠶᠢ ᠠᠬᠢᠭᠤᠯᠵᠤ᠂ ᠤᠯᠤᠰ ᠤᠨ ᠡᠨᠧᠷᠭᠢ ᠶᠢᠨ 300 ᠲᠦᠮᠡᠨ ᠲᠣᠨ ᠤ ᠨᠡᠭᠦᠷᠡᠰᠦ ᠶᠢ ᠰᠢᠭᠤᠳ ᠰᠢᠩᠭᠡᠨᠵᠢᠭᠦᠯᠦᠨ ᠲᠡᠰ ᠳᠡᠪᠰᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠤᠯᠠᠭᠠᠨ ᠤ ᠰᠢᠨ ᠷᠦᠢ ᠨᠡᠭᠦᠷᠡᠰᠦᠨ ᠬᠡᠤᠳᠡᠰᠤᠨ ᠲᠤᠰᠤ ᠤᠰᠤᠲᠥ᠋ᠷᠥᠭᠴᠢ ᠨᠡᠮᠡᠬᠦ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠵᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠪᠣᠯᠣᠨ ᠰᠢᠨ᠎ᠡ ᠡᠨᠧᠷᠭᠢ᠂ ᠨᠣᠭᠤᠭᠠᠨ ᠤᠰᠤᠲᠥ᠋ᠷᠥᠭᠴᠢ ᠵᠡᠷᠭᠡ ᠶᠢᠨ ᠬᠤᠯᠪᠣᠯᠳᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠬᠤ ᠰᠢᠰᠲ᠋ᠧᠮ ᠢ ᠪᠠᠶᠢᠭᠤᠯᠤᠨ᠎ᠠ᠃ ᠭᠤᠷᠪᠠ ᠳᠤ᠂ ᠪᠣᠬᠢᠷᠲᠤᠯ ᠦᠭᠡᠢ ᠡᠨᠧᠷᠭᠢ ᠶᠢᠨ ᠬᠠᠩᠭᠠᠯᠭ᠎ᠠ ᠶᠢ ᠨᠡᠮᠡᠭᠳᠡᠭᠦᠯᠵᠦ᠂ 300 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠭᠦᠢᠴᠡᠳᠬᠡᠯ ᠲᠤᠭ᠎ᠠ ᠶᠢ ᠢᠳᠡᠪᠬᠢᠲᠡᠢ ᠪᠠᠷ ᠭᠤᠶᠤᠴᠢᠯᠠᠨ ᠮᠡᠳᠡᠭᠦᠯᠵᠦ᠂ ᠲᠦᠪᠯᠡᠷᠡᠩᠭᠦᠢ ᠪᠤᠰᠤ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ᠂ ᠲᠠᠷᠬᠠᠮᠠᠯ ᠬᠡᠯᠪᠡᠷᠢ ᠶᠢᠨ ᠬᠡᠷᠡᠯ ᠴᠡᠨᠡᠭ ᠢ ᠵᠦᠢ ᠵᠣᠬᠢᠰᠲᠠᠢ ᠪᠠᠶᠢᠷᠢᠯᠠᠭᠤᠯᠤᠨ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ 50 ᠲᠦᠮᠡᠨ ᠺᠢᠯᠣᠸᠠᠲ᠂ ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ 27 ᠲᠦᠮᠡᠨ ᠺᠢᠯᠣᠸᠠᠲ᠂ ᠱᠧᠩ ᠶᠤᠸᠠᠨ ᠡᠨᠧᠷᠭᠢ ᠶᠢᠨ 17.5 ᠲᠦᠮᠡᠨ ᠺᠢᠯᠣᠸᠠᠲ ᠰᠢᠨ᠎ᠡ ᠡᠨᠧᠷᠭᠢ ᠶᠢᠨ ᠲᠥᠷᠥᠯ ᠵᠦᠢᠯ ᠤᠨ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠲᠦᠯᠬᠢᠨ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 100 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠦᠨ᠂ ᠵᠢᠯ ᠳᠤ 22 ᠳ᠋ᠦᠩᠰᠢᠭᠤᠷ ᠭᠷᠡᠳᠦ᠋ᠰ ᠪᠣᠬᠢᠷᠲᠤᠯ ᠦᠭᠡᠢ ᠴᠠᠬᠢᠯᠭᠠᠨ ᠬᠠᠩᠭᠠᠵᠤ᠂ ᠬᠡᠪᠴᠢᠶ᠎ᠡ ᠬᠢᠭᠡᠳ ᠦᠷ᠎ᠡ ᠠᠰᠢᠭ ᠢ ︽ᠬᠤᠤᠰ ᠳᠠᠬᠢᠨ ᠢᠶᠠᠷ ᠨᠡᠮᠡᠭᠳᠡᠭᠦᠯᠬᠦ︾᠎ ᠶᠢ ᠪᠡᠶᠡᠯᠡᠭᠦᠯᠦᠨ᠎ᠡ᠃      ᠲᠡᠷᠢᠭᠦᠨ ᠤ ᠦᠢᠯᠡᠳᠬᠦ ᠦᠢᠯᠡᠰ ᠤᠨ ᠨᠡᠮᠡᠭᠳᠡᠯ ᠤᠨ ᠲᠤᠶᠢᠯ ᠢ ᠪᠣᠶᠢᠵᠢᠭᠤᠯᠤᠨ ᠪᠦᠷᠢᠯᠳᠦᠭᠦᠯᠦᠨ᠎ᠡ᠃ ᠡᠨᠧᠷᠭᠢ᠂ ᠰᠢᠨ᠎ᠡ ᠡᠨᠧᠷᠭᠢ ᠵᠡᠷᠭᠡ ᠭᠤᠣᠯᠯᠠᠬᠤ ᠠᠵᠤ ᠦᠢᠯᠡᠰ ᠤᠨ ᠢᠵᠢ ᠪᠦᠷᠢᠳᠦᠭᠦᠯᠬᠦ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠲᠡᠷᠢᠭᠦᠨ ᠤ ᠦᠢᠯᠡᠳᠬᠦ ᠦᠢᠯᠡᠰ ᠤᠨ ᠰᠢᠯᠵᠢᠯᠲᠡ ᠶᠢ ᠢᠳᠡᠪᠬᠢᠲᠡᠢ ᠪᠠᠷ ᠳᠠᠭᠠᠭᠠᠨ ᠠᠪᠴᠤ᠂ ᠠᠵᠤ ᠦᠢᠯᠡᠰ ᠤᠨ ᠬᠡᠯᠬᠢᠶ᠎ᠡ ᠶᠢ ᠭᠦᠨᠵᠡᠭᠡᠢ ᠠᠭᠤᠰᠤᠯᠴᠠᠭᠤᠯᠬᠤ᠂ ᠲᠣᠰ ᠭᠠᠵᠠᠷ ᠣᠷᠣᠨ ᠳᠠᠭᠠᠨ ᠢᠵᠢ ᠪᠦᠷᠢᠳᠦᠭᠦᠯᠬᠦ ᠶᠢ ᠪᠡᠶᠡᠯᠡᠭᠦᠯᠦᠨ᠎ᠡ᠃ ᠨᠢᠭᠡ ᠳᠤ᠂ ᠠᠭᠤᠷᠬᠠᠢ ᠶᠢᠨ ᠬᠡᠷᠡᠭᠯᠡᠬᠡᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠢ ᠪᠤᠵᠠᠭᠠᠶᠢᠷᠠᠭᠤᠯᠵᠤ᠂ ᠵᠦᠩ ᠮᠸᠢ ᠤᠷᠳᠤᠰ ᠤᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭ᠎ᠠ᠂ ᠵᠧᠩ ᠨᠧᠩ ᠬᠢᠮᠢ ᠶᠢᠨ ᠠᠵᠤ ᠦᠢᠯᠡᠳᠪᠦᠷᠢ ᠶᠢᠨ 10 ᠲᠦᠮᠡᠨ ᠲᠣᠨ ᠮᠠᠭᠨᠢ ᠶᠢᠨ ᠬᠠᠶᠢᠯᠤᠰᠢ ᠵᠡᠷᠭᠡ ᠲᠥᠷᠥᠯ ᠵᠦᠢᠯ ᠢ ᠤᠷᠤᠨᠰᠢᠭᠤᠯᠬᠤ ᠶᠢ ᠲᠦᠷᠭᠡᠳᠬᠡᠵᠦ᠂ ᠷᠦᠩ ᠶᠤᠸᠠᠢ ᠳᠡᠭᠡᠳᠦ ᠲᠠᠰ ᠤᠨ ᠨᠡᠭᠦᠷᠡᠰᠦᠨ ᠮᠠᠰᠢᠨ ᠤ ᠲᠣᠨᠤᠭ ᠲᠥᠬᠦᠭᠡᠷᠦᠮᠵᠢ ᠶᠢ ᠰᠡᠯᠪᠢᠨ ᠵᠠᠰᠠᠬᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠠᠵᠢᠯᠯᠠᠭᠤᠯᠬᠤ ᠶᠢ ᠦᠨᠡᠨᠬᠦ ᠪᠠᠲᠤᠯᠠᠵᠤ᠂ ᠲᠡᠷᠢᠭᠦᠨ ᠤ ᠶᠡᠷᠦᠩᠬᠡᠶᠢᠯᠡᠨ ᠮᠠᠯᠲᠠᠬᠤ ᠲᠥᠬᠦᠭᠡᠷᠦᠮᠵᠢ᠂ ᠤᠬᠢᠶᠠᠵᠤ ᠰᠤᠩᠭᠤᠬᠤ ᠲᠥᠬᠦᠭᠡᠷᠦᠮᠵᠢ ᠦᠢᠯᠡᠳᠬᠦ ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠵᠤ᠂ ᠣᠷᠣᠨ ᠪᠦᠰᠡ ᠶᠢᠨ ᠠᠭᠤᠷᠬᠠᠢ ᠶᠢᠨ ᠬᠡᠷᠡᠭᠯᠡᠬᠡᠨ ᠤ ᠲᠣᠨᠤᠭ ᠲᠥᠬᠦᠭᠡᠷᠦᠮᠵᠢ ᠦᠢᠯᠡᠳᠬᠦ ᠰᠡᠯᠪᠢᠨ ᠵᠠᠰᠠᠬᠤ ᠲᠥᠪ ᠢ ᠪᠠᠶᠢᠭᠤᠯᠤᠨ᠎ᠠ᠃ ᠬᠤᠶᠠᠷ ᠲᠤ᠂ ᠦᠢᠯᠡᠳᠪᠦᠷᠢᠯᠡᠯ ᠤᠨ ᠳᠤᠮᠳᠠ ᠵᠢᠵᠢᠭ ᠠᠵᠤ ᠠᠬᠤᠶᠢᠯᠠᠯ ᠢ ᠪᠣᠶᠢᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠰᠠᠭᠤᠷᠢ ᠮᠠᠲ᠋ᠧᠷᠢᠶᠠᠯ ᠎ ᠢ ᠪᠣᠯᠪᠠᠰᠤᠷᠠᠭᠤᠯᠬᠤ᠂ ᠰᠠᠭᠤᠷᠢ ᠰᠡᠯᠪᠢᠭ ᠲᠣᠨᠤᠭ᠂ ᠳᠡᠭᠡᠳᠦ ᠲᠡᠰ ᠤᠨ ᠭᠠᠩᠨᠠᠨ ᠵᠠᠯᠭᠠᠬᠤ ᠵᠡᠷᠭᠡ ᠦᠢᠯᠡᠳᠬᠦ ᠦᠢᠯᠡᠰ ᠤᠨ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠨᠢᠭᠡ ᠪᠦᠯᠦᠭ ᠲᠤᠰᠬᠠᠶᠢᠵᠢᠭᠰᠠᠨ᠂ ᠨᠠᠷᠢᠯᠢᠭᠵᠢᠭᠰᠠᠨ᠂ ᠣᠨᠴᠠᠯᠢᠬᠵᠢᠭᠰᠠᠨ ᠳᠤᠮᠳᠠ ᠵᠢᠵᠢᠭ ᠠᠵᠤ ᠠᠬᠤᠶᠢᠯᠠᠯ ᠢ ᠪᠣᠶᠢᠵᠢᠭᠤᠯᠵᠤ᠂ ᠲᠤᠯᠤᠭᠠᠶᠢᠯᠠᠭᠴᠢ ᠠᠵᠤ ᠠᠬᠤᠶᠢᠯᠠᠯ ᠢ ᠬᠠᠩᠭᠠᠯᠭ᠎ᠠ ᠶᠢᠨ ᠬᠡᠯᠬᠢᠶ᠎ᠡ ᠳᠤ ᠠᠭᠤᠰᠤᠯᠴᠠᠭᠤᠯᠤᠨ ᠣᠷᠣᠭᠤᠯᠵᠤ᠂ ᠲᠤᠰᠬᠠᠢ ᠨᠠᠷᠢᠯᠢᠭ ᠣᠨᠴᠠ ᠰᠢᠨ᠎ᠡ᠂ ᠰᠠᠭᠤᠷᠢ ᠦᠢᠯᠡᠳᠬᠦ ᠦᠢᠯᠡᠰ ᠤᠨ ᠠᠵᠤ ᠠᠬᠤᠶᠢᠯᠠᠯ ᠢ 10᠎ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠭᠤᠷᠪᠠ ᠳᠤ᠂ ᠤᠳᠤᠷᠢᠳᠤᠮᠵᠢ ᠶᠢᠨ ᠴᠢᠨᠠᠷᠲᠠᠢ ᠠᠵᠤ ᠦᠢᠯᠡᠰ ᠢ ᠢᠳᠡᠪᠬᠢᠲᠡᠢ ᠪᠠᠶᠢᠷᠢᠰᠢᠭᠤᠯᠵᠤ᠂ ᠠᠭᠤᠷᠬᠠᠢ ᠳᠤ ᠬᠡᠷᠡᠭᠯᠡᠬᠦ ︽ᠺᠤᠸᠠᠩ ᠬᠤᠩ︾ ᠬᠠᠲᠠᠭᠤ ᠲᠤᠨᠤᠭ ᠤᠨ ᠠᠵᠤ ᠦᠢᠯᠡᠰ ᠤᠨ ᠬᠦᠷᠢᠶᠡᠯᠡᠩ᠂  ᠶᠢᠩ ᠨᠥᠸᠧ ᠰᠠᠢ ᠺᠧ ᠶᠢᠨ ᠭᠤᠷᠪᠠᠳᠤᠭᠠᠷ ᠦᠶ᠎ᠡ ᠶᠢᠨ ᠬᠠᠭᠠᠰ ᠳᠠᠮᠵᠢᠭᠤᠯᠤᠭᠴᠢ ᠶᠢᠨ ᠲᠦᠷᠦᠯ ᠵᠦᠢᠯ ᠤᠨ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠨᠡᠭᠦᠷᠡᠰᠦ ᠮᠠᠯᠲᠠᠬᠤ᠂ ᠮᠣᠳᠣ ᠲᠠᠷᠢᠬᠤ᠂ ᠭᠠᠯ ᠤᠨᠲᠠᠷᠠᠭᠠᠬᠤ ᠮᠠᠰᠢᠨ ᠬᠥᠮᠥᠨ ᠵᠡᠷᠭᠡ ᠵᠣᠬᠢᠶᠠᠮᠠᠯ ᠣᠶᠤᠨᠲᠤ ᠠᠵᠤ ᠦᠢᠯᠡᠰ ᠢ ᠣᠷᠣᠭᠤᠯᠵᠤ᠂ ᠣᠶᠤᠨᠲᠤ ᠮᠠᠰᠢᠨ ᠬᠥᠮᠥᠨ ᠤ ᠬᠡᠷᠡᠭᠯᠡᠭᠡᠨ ᠤ ᠰᠠᠭᠤᠷᠢᠨ ᠢ ᠤᠷᠢᠳᠠᠪᠠᠷ ᠪᠦᠲᠦᠭᠡᠨ ᠪᠠᠶᠢᠭᠤᠯᠤᠨ᠎ᠠ᠃    ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠤᠨ ᠲᠤᠶᠢᠯ ᠢ ᠪᠣᠶᠢᠵᠢᠭᠤᠯᠤᠨ ᠪᠦᠷᠢᠯᠳᠦᠭᠦᠯᠦᠨ᠎ᠡ᠃ ᠬᠡᠷᠡᠭᠯᠡᠭᠡᠨ ᠤ ᠠᠮᠢᠵᠢᠷᠠᠯ ᠤᠨ ᠬᠦᠴᠦᠨ ᠤ ᠰᠠᠶᠢᠵᠢᠷᠠᠬᠤ ᠬᠠᠨᠳᠤᠰᠢ ᠶᠢ ᠥᠷᠭᠡᠳᠬᠡᠵᠦ᠂ ᠬᠡᠷᠡᠭᠯᠡᠭᠡᠨ ᠤ ᠠᠬᠤᠢ ᠪᠠᠶᠢᠳᠠᠯ ᠤᠨ ᠰᠢᠨ᠎ᠡ ᠶᠢ ᠡᠭᠦᠳᠴᠦ᠂ ᠬᠡᠷᠡᠭᠯᠡᠭᠡᠨ ᠤ ᠲᠤᠷᠰᠢᠨ ᠬᠡᠷᠡᠭᠯᠡᠯᠳᠡ ᠶᠢᠨ ᠤᠶᠢᠯᠠᠭᠠᠯᠳᠠ ᠎ ᠶᠢ ᠪᠠᠶᠠᠯᠢᠭᠵᠢᠭᠤᠯᠵᠤ᠂ ᠬᠡᠷᠡᠭᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠨᠢᠭᠡ ᠳᠤ᠂ ᠤᠯᠠᠭᠠᠨᠮᠦ᠋ᠷᠡᠨ ᠨᠠᠭᠤᠷ ᠳᠠᠭᠠᠤ ᠶᠢᠨ ᠠᠵᠤ ᠠᠬᠤᠢ ᠶᠢᠨ ᠪᠦᠰᠡ ᠶᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠺᠠᠢ ᠶᠤᠸᠠᠨ ᠠᠭᠤᠳᠠᠮ ᠲᠠᠯᠠᠪᠠᠶ᠂ ᠰᠢᠩ ᠲᠠᠢ ᠴᠠᠭ ᠦᠶ᠎ᠡ ᠶᠢᠨ ᠠᠭᠤᠳᠠᠮ ᠲᠠᠯᠠᠪᠠᠶ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠵᠢᠶᠠᠨ ᠭᠦᠸᠧ ᠪᠥᠸᠧ ᠼᠦᠢ᠂ ᠰᠢ ᠠᠨ ᠪᠠᠭᠤᠳᠠᠯ ᠤᠨ ᠠᠵᠢᠯ ᠢ ᠡᠬᠢᠯᠡᠭᠦᠯᠦᠨ ᠡᠵᠡᠩᠨᠡᠬᠦ ᠶᠢ ᠠᠬᠢᠭᠤᠯᠵᠤ᠂ ᠸᠠᠨ ᠬᠤᠸ ᠣᠯᠠᠨ ᠤᠯᠤᠰ᠂ ᠸᠠᠨ ᠳ᠋ᠠ᠂ ᠰᠢᠶᠠᠩᠭᠠᠩ ᠤᠨ ᠲᠦᠩ ᠯᠥᠸᠧ ᠸᠠᠨ ᠵᠡᠷᠭᠡ ᠨᠠᠷᠠᠲᠤ ᠡᠵᠡᠩᠨᠡᠯᠲᠡ ᠶᠢᠨ ᠬᠤᠳᠠᠯᠳᠤᠭᠠᠴᠢᠨ ᠢ ᠢᠳᠡᠪᠬᠢᠲᠡᠢ ᠪᠠᠷ ᠣᠷᠣᠭᠤᠯᠵᠤ᠂ ᠢᠯᠡ ᠲᠣᠳᠣ ᠣᠨᠴᠠᠯᠢᠭ ᠲᠠᠢ ᠬᠤᠲᠠ ᠶᠢᠨ ᠶᠡᠷᠦᠩᠬᠡᠢ ᠪᠠᠶᠢᠳᠠᠯ᠂ ᠬᠡᠷᠡᠭᠯᠡᠭᠡᠨ ᠤ ᠰᠢᠨ᠎ᠡ ᠭᠠᠵᠠᠷ ᠤᠨ ᠲᠡᠮᠳᠡᠭ ᠢ ᠪᠣᠶ ᠪᠣᠯᠭᠠᠨ᠎ᠠ᠃ ᠬᠤᠶᠠᠷ ᠲᠤ᠂ ᠬᠠᠢ ᠳ᠋ᠠ ᠲᠣᠮᠣ ᠠᠰᠠᠷ᠂ ᠭᠥᠸᠧ ᠮᠤᠤ ᠲᠣᠮᠣ ᠠᠰᠠᠷ ᠵᠡᠷᠭᠡ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠱᠦᠢ ᠠᠨ ᠰᠢᠨ᠎ᠡ ᠬᠤᠲᠠ᠂ ᠢ ᠾᠧ ᠠᠮᠢ ᠠᠬᠤᠢ ᠶᠢᠨ ᠰᠣᠶᠣᠯ ᠤᠨ ᠦᠵᠡᠰᠬᠦᠯᠡᠩ ᠤᠨ ᠬᠦᠷᠢᠶᠡᠯᠡᠩ ᠵᠡᠷᠭᠡ ᠨᠢᠭᠡ ᠪᠦᠯᠦᠭ ︽ᠰᠥᠨᠢ ᠶᠢᠨ ᠠᠵᠤ ᠠᠬᠤᠢ︾᠎ ᠶᠢᠨ ᠠᠴᠢᠶᠠᠯᠠᠪᠤᠷᠢ ᠶᠢ ᠪᠤᠶ ᠪᠣᠯᠭᠠᠵᠤ᠂ ᠤᠯᠠᠭᠠᠨᠨᠠᠭᠤᠷ᠂ ᠪᠤᠯᠪᠠᠰᠤᠨ ᠵᠡᠭᠡᠯᠢ ᠨᠡᠶᠢᠭᠡᠮ ᠲᠣᠭᠤᠷᠢᠭ ᠵᠡᠷᠭᠡ ᠠᠷᠠᠳ ᠲᠤ ᠲᠥᠬᠦᠮ ᠦᠵᠡᠭᠦᠯᠬᠦ 3 ︽ᠨᠢᠭᠡ ᠮᠥᠴᠡ ᠠᠮᠢᠳᠤᠷᠠᠯ ᠤᠨ ᠬᠦᠷᠢᠶ᠎ᠡ︾᠎ ᠶᠢ ᠰᠢᠨ᠎ᠡ ᠪᠠᠷ ᠨᠡᠮᠡᠭᠳᠡᠭᠦᠯᠵᠦ᠂ ᠲᠦᠷᠦᠬᠦᠴᠢ ᠳᠡᠯᠭᠡᠭᠦᠷ᠂   ᠨᠠᠷᠬᠢᠶᠠᠨᠳᠤ ᠬᠤᠳᠠᠯᠳᠤᠭᠠᠨ ᠤ ᠬᠦᠷᠢᠶ᠎ᠡ᠂ ᠭᠤᠸᠠᠩᠳᠦ᠋ᠩ ᠬᠤᠨᠠᠨ ᠱᠠᠨᠳᠦ᠋ᠩ ᠰᠧᠴᠣᠸᠠᠨ ᠵᠡᠷᠭᠡ ᠨᠣᠭᠤᠭ᠎ᠠ ᠶᠢᠨ ᠲᠥᠷᠥᠯ ᠵᠦᠢᠯ ᠤᠨ ᠨᠠᠷᠠᠲᠤ ᠳᠡᠯᠭᠡᠭᠦᠷ ᠢ ᠵᠡᠭᠡᠯᠢ ᠭᠤᠳᠤᠮᠵᠢ ᠳᠤ ᠶᠡᠬᠡᠪᠡᠷ ᠲᠡᠳᠡᠨ ᠣᠷᠣᠭᠤᠯᠵᠤ᠂ ᠨᠠᠩ ᠣᠯᠠᠨ ᠠᠮᠳᠠᠳᠠᠢ ᠨᠠᠷᠠᠲᠤ ᠨᠣᠭᠤᠭ᠎ᠠ᠂ ᠨᠠᠷᠠᠲᠤ ᠲᠠᠸᠠᠷ᠂ ᠨᠠᠷᠠᠲᠤ ᠳᠡᠯᠭᠡᠭᠦᠷ ᠢ ᠪᠣᠶ ᠪᠣᠯᠭᠠᠵᠤ᠂ ᠭᠤᠤᠯᠯᠠᠬᠤ ᠬᠤᠲᠠ ᠶᠢᠨ ᠲᠣᠭᠤᠷᠢᠭ ᠤᠨ ᠬᠡᠷᠡᠭᠯᠡᠭᠡᠨ ᠤ ᠨᠥᠯᠥᠭᠡᠯᠡᠬᠦ ᠬᠦᠴᠦᠨ ᠪᠠ ᠲᠠᠷᠬᠠᠯᠳᠠ ᠶᠢᠨ ᠬᠦᠴᠦᠨ ᠢ ᠥᠷᠭᠡᠳᠬᠡᠨ᠎ᠡ᠃ ᠭᠤᠷᠪᠠ ᠳᠤ᠂ ᠵᠢᠭᠤᠯᠴᠢᠯᠠᠯ ᠤᠨ ᠬᠡᠪᠴᠢᠶ᠎ᠡ ᠶᠢ  ᠥᠷᠭᠡᠳᠬᠡᠵᠦ᠂ ᠡᠷᠭᠢᠨ ᠲᠣᠭᠤᠷᠢᠨ ᠤ ᠬᠠᠷᠢᠯᠴᠠᠨ ᠬᠥᠳᠡᠯᠦᠯᠴᠡᠬᠦ ᠬᠦᠷᠢᠶ᠎ᠡ ᠶᠢ ᠬᠤᠯᠪᠣᠵᠤ᠂ ᠳᠣᠲᠣᠭᠠᠳᠤ ᠶᠢᠨ ᠬᠡᠷᠡᠭᠯᠡᠭᠡᠨ ᠤ ᠬᠦᠷᠢᠶ᠎ᠡ ᠶᠢ ᠠᠭᠤᠳᠠᠯᠵᠤ᠂ ᠰᠣᠶᠣᠯ ᠤᠨ ᠠᠵᠤ ᠦᠢᠯᠡᠰ ᠤᠨ ᠬᠦᠷᠢᠶᠡᠯᠡᠩ᠂ ᠵᠢᠶᠦ᠋ᠨ ᠸᠠᠩ ᠤᠨ ᠣᠷᠳᠣᠨ ᠵᠡᠷᠭᠡ ᠦᠵᠡᠮᠵᠢ ᠶᠢᠨ ᠣᠷᠣᠨ ᠤ ᠦᠢᠯᠡᠴᠢᠯᠡᠭᠡᠨ ᠤ ᠲᠦᠬᠦᠬᠡᠷᠦᠮᠵᠢ ᠶᠢ ᠲᠡᠭᠦᠯᠳᠡᠷᠵᠢᠭᠦᠯᠵᠦ᠂ ᠪᠧᠢ ᠱᠠᠨ ᠤ ᠤᠷᠭᠤᠮᠠᠯ ᠤᠨ ᠬᠦᠷᠢᠶᠡᠯᠡᠩ ᠤᠨ ᠲᠣᠭᠤᠷᠢᠭ ᠲᠤ ᠥᠪᠡᠷᠲᠡᠭᠡᠨ ᠵᠠᠰᠠᠬᠤ ᠣᠷᠣᠨ ᠤ ᠲᠠᠰ ᠤᠨ ᠰᠡᠯᠡᠭᠦᠴᠡᠯ ᠡᠷᠡᠭᠦᠯᠵᠢᠯ ᠰᠤᠪᠢᠯᠠᠯᠲᠠ ᠵᠢᠭᠤᠯᠴᠢᠯᠠᠯ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠶᠢ ᠠᠬᠢᠭᠤᠯᠵᠤ᠂ ᠰᠣᠪᠦᠷᠭ᠎ᠠ᠂ ᠬᠠᠰᠢᠶᠠᠳᠤ ᠵᠡᠷᠭᠡ ᠨᠢᠭᠡ ᠪᠦᠯᠦᠭ ᠣᠨᠴᠠᠯᠢᠭᠲᠤ ᠤᠷᠤᠨ ᠰᠠᠭᠤᠴᠠ ᠪᠠ ᠬᠡᠭᠡᠷ᠎ᠡ ᠪᠠᠭᠤᠳᠠᠯᠯᠠᠬᠤ ᠵᠢᠵᠢᠭ ᠪᠠᠯᠭᠠᠰᠤ ᠶᠢ ᠪᠦᠲᠦᠭᠡᠨ ᠪᠠᠶᠢᠭᠤᠯᠵᠤ᠂ ᠨᠢᠭᠡ ᠪᠦᠯᠦᠭ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠲᠦᠯᠦᠪᠯᠡᠵᠦ᠂ ᠨᠠᠩ ᠣᠯᠠᠨ ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠰᠢᠨ᠎ᠡ ᠦᠵᠡᠮᠵᠢ ᠶᠢᠨ ᠴᠡᠭ᠂ ᠰᠢᠨ᠎ᠡ ᠬᠢᠯᠠᠰ ᠴᠡᠭ᠂ ᠰᠢᠨ᠎ᠡ ᠬᠤᠳᠠᠯᠳᠤᠭᠠᠨ ᠤ ᠴᠡᠭ ᠢ ᠡᠭᠦᠳᠦᠨ᠎ᠡ᠃ ᠳᠥᠷᠪᠡ ᠳᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠪᠣᠯᠣᠨ ᠦᠢᠯᠡᠳᠬᠦ ᠦᠢᠯᠡᠰ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠵᠦ᠂ ᠰᠢᠨ᠎ᠡ ᠡᠨᠧᠷᠭᠢ ᠶᠢ ᠠᠵᠢᠯᠯᠠᠭᠤᠯᠵᠤ ᠪᠠᠲᠤᠯᠠᠬᠤ᠂ ᠮᠥᠩᠭᠦᠨ ᠭᠦᠢᠯᠭᠡᠭᠡᠨ ᠤ ᠮᠡᠳᠡᠭᠡ ᠵᠠᠩᠭᠢ᠂ ᠬᠤᠳᠠᠯᠳᠤᠭᠠᠨ ᠤ ᠶᠠᠪᠤᠳᠠᠯ ᠤᠨ ᠬᠠᠮ ᠦᠵᠡᠰᠬᠦᠯᠡᠩ ᠵᠡᠷᠭᠡ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠪᠣᠶᠢᠵᠢᠭᠤᠯᠤᠨ ᠣᠷᠣᠭᠤᠯᠣᠨ᠎ᠠ᠃ ᠴᠢᠷᠮᠠᠶᠢᠯᠭ᠎ᠠ ᠪᠠᠷ ᠲᠠᠮᠵᠢᠨ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 10%᠎ ᠠᠴᠠ ᠳᠡᠭᠡᠭᠰᠢ ᠨᠡᠮᠡᠭᠳᠡᠬᠦᠯᠦᠨ᠎ᠡ᠃    ︵ᠬᠤᠶᠠᠷ︶ ᠳᠠᠪᠠᠭᠤᠯᠢᠭ ᠲᠠᠯ᠎ᠠ ᠪᠠᠨ ᠲᠥᠪᠯᠡᠷᠡᠭᠦᠯᠦᠨ ᠨᠡᠮᠡᠭᠳᠡᠭᠦᠯᠬᠦ ᠶᠢ ᠲᠦᠷᠭᠡᠳᠬᠡᠵᠦ᠂ ︽ᠳᠥᠷᠪᠡᠨ ᠶᠡᠭᠡ︾ ᠠᠵᠤ ᠦᠢᠯᠡᠰ ᠤᠨ ᠲᠠᠪᠴᠠᠩ ᠢ ᠬᠦᠴᠦᠷᠬᠡᠭᠵᠢᠭᠦᠯᠦᠨ᠎ᠡ᠃ ᠬᠡᠯᠪᠡᠷᠢ ᠪᠠᠨ ᠬᠤᠪᠢᠷᠠᠭᠤᠯᠬᠤ ᠶᠢ ᠡᠷᠡᠰ ᠭᠤᠶᠢᠪᠢᠰᠢ ᠦᠭᠡᠢ ᠠᠳᠬᠤᠵᠤ᠂ ᠡᠳ᠋ ᠤᠨ ᠬᠦᠴᠦᠨ ᠢᠶᠠᠨ ᠲᠥᠪᠯᠡᠷᠡᠭᠦᠯᠦᠨ ᠬᠦᠷᠢᠶᠡᠯᠡᠩ ᠲᠣᠭᠤᠷᠢᠭ ᠪᠠᠶᠢᠭᠤᠯᠵᠤ᠂ ᠬᠡᠯᠬᠢᠶᠡᠵᠢᠯ ᠢ ᠴᠢᠩᠭᠠᠳᠬᠠᠨ ᠪᠥᠭᠡᠮᠨᠡᠷᠡᠨ ᠡᠵᠡᠩᠨᠡᠬᠦ ᠲᠥᠷᠥᠯ ᠵᠦᠢᠯ ᠢ ᠪᠠᠶᠢᠭᠤᠯᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠬᠢᠭᠡᠳ ᠬᠦᠷᠢᠶᠡᠯᠡᠩ ᠲᠣᠭᠤᠷᠢᠭ ᠤᠨ ᠬᠠᠮᠵᠢᠯᠴᠠᠨ ᠬᠤᠯᠪᠤᠭᠠᠯᠠᠨ ᠬᠥᠳᠡᠯᠦᠯᠴᠡᠵᠦ ᠨᠠᠶᠢᠳᠠᠪᠤᠷᠢᠵᠢᠭᠤᠯᠬᠤ ᠲᠣᠭᠲᠠᠴᠠ ᠶᠢ ᠪᠠᠶᠢᠭᠤᠯᠤᠨ᠂ ᠬᠠᠪᠲᠠᠭᠠᠶᠢᠵᠢᠭᠰᠠᠨ ᠰᠢᠢᠳᠪᠦᠷᠢᠲᠦ ᠪᠣᠳᠣᠯᠭ᠎ᠠ᠂ ᠲᠥᠪᠯᠡᠷᠡᠭᠦᠯᠦᠨ ᠨᠠᠶᠢᠳᠠᠪᠤᠷᠢᠵᠢᠭᠤᠯᠬᠤ᠂ ᠨᠢᠭᠡ ᠴᠣᠭᠴᠠᠵᠢᠭᠤᠯᠤᠨ ᠡᠵᠡᠩᠨᠡᠬᠦ ᠶᠢ ᠠᠬᠢᠭᠤᠯᠵᠤ᠂ ᠳᠠᠪᠠᠭᠤᠯᠢᠭ ᠨᠢ ᠨᠠᠩ ᠰᠢᠯᠢᠳᠡᠭ᠂ ᠳᠠᠪᠠᠭᠤᠯᠢᠭ ᠨᠢ ᠨᠠᠩ ᠬᠦᠴᠦᠷᠬᠡᠭ᠂ ᠣᠨᠴᠠᠯᠢᠭ ᠨᠢ ᠨᠠᠩ ᠲᠤᠪᠤᠶᠢᠮ᠎ᠠ ᠬᠥᠭᠵᠢᠯᠲᠡ ᠶᠢᠨ ᠲᠠᠪᠴᠠᠩ ᠢ ᠪᠣᠶ ᠪᠣᠯᠭᠠᠨ᠎ᠠ᠃      ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠤᠨ᠎ᠠ᠃ ᠦᠷᠭᠦᠯᠵᠢᠯᠡᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠵᠠᠭᠪᠤᠷ ᠤᠨ ᠳᠠᠭᠠᠭᠤᠯᠤᠭᠴᠢ ᠪᠠ ᠳᠦᠷᠢᠮ ᠢ ᠲᠣᠭᠲᠠᠭᠠᠭᠴᠢ ᠪᠣᠯᠵᠤ᠂ ᠡᠩ ᠲᠡᠷᠢᠭᠦᠨ ᠳᠤ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠡᠨᠧᠷᠭᠢ ᠬᠠᠩᠭᠠᠬᠤ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠶᠢ ᠭᠡᠷᠡᠴᠢᠯᠡᠬᠦ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠎ ᠶᠢ ᠲᠦᠬᠡᠮᠡᠯᠵᠢᠬᠦᠯᠬᠦ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠦᠢᠯᠡᠴᠢᠯᠡᠭᠡᠨ ᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠣᠨ᠎ᠠ᠃ ᠨᠢᠭᠡ ᠳᠤ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠪᠠᠷᠢᠮᠵᠢᠶ᠎ᠠ ᠶᠢ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠠᠩᠬᠠᠳᠠᠭᠴᠢ ︽ᠲᠤᠤᠷ᠎ᠠ ᠨᠡᠭᠦᠷᠡᠰᠦᠲᠥ᠋ᠷᠥᠭᠴᠢᠳᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠳᠦᠷᠢᠮ︾᠎ ᠤᠨ ᠤᠯᠤᠰ ᠤᠨ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠵᠤ᠂ ᠠᠵᠤ ᠠᠬᠤᠶᠢᠯᠠᠯ ᠤᠨ ᠡᠨᠧᠷᠭᠢ ᠶᠢᠨ ᠬᠤᠷᠣᠭᠳᠠᠭᠤᠯᠤᠯ᠂ ᠳᠠᠬᠢᠠ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠬᠠᠮᠢᠶᠠᠷᠤᠯᠲᠠ ᠵᠡᠷᠭᠡ 7 ᠶᠡᠭᠡ ᠡᠨᠧᠷᠭᠢ ᠨᠡᠭᠦᠷᠡᠰᠦᠲᠥ᠋ᠷᠥᠭᠴᠢ ᠶᠢᠨ ᠬᠠᠮᠢᠶᠠᠷᠤᠯᠲᠠ ᠶᠢᠨ ᠰᠢᠰᠲ᠋ᠧᠮ ᠢ  ᠲᠦᠬᠡᠮᠡᠯᠵᠢᠬᠦᠯᠵᠦ᠂ ᠡᠸᠦ᠋ᠷᠦᠫᠡ ᠶᠢᠨ ᠬᠤᠯᠪᠣᠭ᠎ᠠ ᠵᠡᠷᠭᠡ ᠭᠤᠣᠯ ᠪᠣᠯᠬᠤ ᠠᠵᠤ ᠠᠬᠤᠢ ᠶᠢᠨ ᠴᠣᠭᠴᠠ ᠶᠢᠨ ᠮᠡᠳᠡᠷᠡᠭᠰᠡᠨ ᠨᠣᠭᠤᠭᠠᠨ ᠦᠨᠡᠮᠯᠡᠯ ᠨᠣᠭᠤᠭᠠᠨ ᠨᠣᠮᠧᠷ ᠢ ᠬᠡᠷᠡᠭᠯᠡᠬᠦ ᠶᠢ ᠰᠦᠪᠡᠭᠴᠢᠯᠡᠵᠦ᠂ ᠬᠦᠷᠢᠶᠡᠯᠡᠩ ᠲᠣᠭᠤᠷᠢᠭ ᠤᠨ ᠦᠢᠯᠡᠳᠬᠦᠨ ᠤ ᠭᠠᠳᠠᠭᠠᠳᠤ ᠭᠠᠷᠭᠠᠯᠲᠠ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠬᠤᠶᠠᠷ ᠲᠤ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠨᠡᠮᠡᠭᠳᠡᠯ ᠤᠨ ᠬᠡᠮᠵᠢᠶᠡᠨ ᠤ ᠴᠠᠬᠢᠯᠭᠠᠨ ᠲᠦᠭᠡᠭᠡᠬᠦ ᠲᠣᠣᠷ᠂ ᠴᠠᠬᠢᠯᠭᠠᠨ ᠲᠦᠭᠡᠭᠡᠨ ᠪᠣᠷᠣᠯᠠᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠪᠡᠶᠡᠯᠡᠭᠦᠯᠵᠦ᠂ ᠮᠧᠩ ᠰᠤ᠋ ᠪᠣᠬᠢᠷᠲᠤᠯ ᠦᠭᠡᠢ ᠴᠠᠬᠢᠯᠭᠠᠨ ᠤ ᠺᠣᠮᠫᠠᠨᠢ ᠶᠢᠨ ᠴᠠᠬᠢᠯᠭᠠᠨ ᠬᠦᠴᠦᠨ ᠤ ᠲᠤᠬᠠᠶᠢᠯᠠᠭᠰᠠᠨ ᠠᠵᠢᠯ ᠤᠨ ᠵᠥᠪᠰᠢᠶᠡᠷᠡᠯ ᠤᠨ ᠦᠨᠡᠮᠯᠡᠯ ᠢ ᠲᠦᠷᠭᠡᠬᠡᠨ ᠣᠯᠬᠤ ᠶᠢ ᠠᠬᠢᠭᠤᠯᠵᠤ᠂ ᠴᠢᠳᠠᠪᠤᠷᠢᠲᠠᠨ ᠤ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠬᠤᠲᠠ᠂ ᠬᠦᠷᠢᠶᠡᠯᠡᠩ ᠳᠤ ᠣᠷᠣᠬᠤ ᠠᠵᠤ ᠠᠬᠤᠶᠢᠯᠠᠯ ᠳᠤ 100%᠎ ᠪᠠᠷ ᠪᠣᠬᠢᠷᠲᠤᠯ ᠦᠭᠡᠢ ᠴᠠᠬᠢᠯᠭᠠᠨ ᠤ ᠬᠠᠩᠭᠠᠯᠭ᠎ᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠭᠤᠷᠪᠠ ᠳᠤ᠂ ᠵᠠᠮ᠂ ᠴᠠᠬᠢᠯᠭᠠᠨ ᠬᠠᠩᠭᠠᠬᠤ᠂ ᠭᠠᠯ ᠤᠨᠲᠠᠷᠠᠭᠠᠬᠤ᠂ ᠴᠢᠳᠠᠪᠤᠷᠢᠲᠠᠨ ᠤ ᠨᠡᠶᠢᠲᠡ ᠶᠢᠨ ᠪᠠᠶᠢᠷᠢ ᠵᠡᠷᠭᠡ ᠰᠠᠭᠤᠷᠢ ᠲᠦᠬᠦᠬᠡᠷᠦᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠵᠤ ᠦᠢᠯᠡᠰ ᠤᠨ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠲᠣᠭᠲᠠᠭᠠᠵᠤ᠂ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠶᠢᠨ ᠬᠢᠵᠠᠭᠠᠷᠯᠠᠯ ᠢ ᠴᠢᠩᠭᠠᠳᠬᠠᠨ᠂ ᠮᠦ ᠪᠦᠷᠢ ᠶᠢᠨ ᠳᠤᠮᠳᠠᠴᠢ ᠪᠡᠯᠡ ᠣᠷᠣᠭᠤᠯᠤᠯᠲᠠ ᠶᠢᠨ ᠡᠷᠴᠢᠮ ᠢ 400 ᠲᠦᠮᠡᠨ ᠲᠥᠭᠦᠷᠢᠭ ᠲᠤ ᠬᠦᠷᠬᠡᠵᠦ᠂ ᠮᠦ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ ᠢ 600 ᠲᠦᠮᠡᠨ ᠲᠥᠭᠦᠷᠢᠭ ᠲᠤ ᠬᠦᠷᠬᠡᠨ᠎ᠡ᠃     ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠤᠨ ᠬᠦᠷᠢᠶᠡᠯᠡᠩ ᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠤᠨ᠎ᠠ᠃ ᠪᠥᠬᠦ ᠬᠡᠯᠬᠢᠶᠡᠨ ᠤ ᠪᠠᠶᠢᠷᠢᠰᠢᠭᠤᠯᠤᠯ᠂ ᠪᠥᠬᠦ ᠲᠠᠯᠠᠪᠤᠷ ᠤᠨ ᠬᠡᠷᠡᠭᠯᠡᠯᠲᠡ᠂ ᠪᠥᠬᠦ ᠪᠥᠭᠡᠮᠨᠡᠷᠡᠯ ᠤᠨ ᠬᠥᠭᠵᠢᠯᠲᠡ ᠶᠢ ᠪᠠᠷᠢᠮᠲᠠᠯᠠᠵᠤ᠂ ︽ᠰᠤᠳᠤᠯᠤᠨ ᠨᠡᠭᠡᠭᠡᠬᠦ᠂ ᠠᠬᠤᠢ ᠲᠠᠯᠠᠪᠠᠶ᠂ ᠠᠵᠤ ᠦᠢᠯᠡᠰ︾᠎ ᠢᠶᠠᠷ ᠭᠤᠣᠯ ᠪᠣᠯᠭᠠᠭᠰᠠᠨ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠨᠢᠭᠡ ᠳᠤ᠂ ᠧᠦ ᠶᠠᠩ ᠮᠢᠩ ᠭᠤᠤ ᠠᠺᠠᠳᠧᠮᠢᠴᠢ ᠶᠢᠨ ᠪᠦᠯᠬᠦᠮ᠂ ᠭᠦᠸᠧ ᠬᠤᠸᠠ ᠤᠰᠤᠲᠥ᠋ᠷᠥᠭᠴᠢ ᠡᠨᠧᠷᠭᠢ ᠶᠢᠨ ᠺᠣᠮᠫᠠᠨᠢ ᠯᠤᠭ᠎ᠠ ᠶᠢᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠨᠡᠭᠡᠭᠡᠨ ᠬᠥᠭᠵᠢᠭᠦᠯᠬᠦ ᠲᠥᠯᠥᠪᠯᠡᠭᠡ ᠶᠢᠨ ᠵᠠᠬᠢᠷᠭ᠎ᠠ ᠶᠢᠨ ᠤᠯᠠᠨ ᠤᠯᠤᠰ ᠤᠨ ᠴᠡᠪᠡᠷ ᠡᠨᠧᠷᠭᠢ ᠶᠢᠨ ᠬᠥᠭᠵᠢᠯᠲᠡ ᠶᠢᠨ ᠲᠥᠪ᠂ ᠣᠷᠳᠣᠰ ᠤᠨ ᠰᠢᠨ᠎ᠡ ᠡᠨᠧᠷᠭᠢ ᠶᠢᠨ ᠰᠤᠳᠤᠯᠭᠠᠨ ᠤ ᠬᠦᠷᠢᠶᠡᠯᠡᠩ᠂ ᠪᠣᠬᠢᠷᠲᠤᠯ ᠦᠭᠡᠢ ᠤᠰᠤᠲᠥ᠋ᠷᠥᠭᠴᠢ ᠡᠨᠧᠷᠭᠢ ᠶᠢᠨ ᠵᠠᠩᠭᠢᠯᠠᠭ᠎ᠠ ᠶᠢᠨ ᠲᠤᠨᠤᠭ ᠲᠥᠬᠦᠭᠡᠷᠦᠮᠵᠢ ᠶᠢ ᠰᠢᠯᠭᠠᠨ ᠬᠡᠮᠵᠢᠬᠦ ᠪᠣᠳᠠᠲᠤ ᠭᠡᠷᠡᠴᠢ ᠶᠢᠨ ᠰᠠᠭᠤᠷᠢᠨ ᠭᠠᠵᠠᠷ ᠵᠡᠷᠭᠡ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠰᠤᠲᠥ᠋ᠷᠥᠭᠴᠢ ᠡᠨᠧᠷᠭᠢ ᠶᠢᠨ ᠬᠦᠷᠢᠶ᠎ᠡ ᠴᠠᠷᠠᠭᠠᠨ  ᠳᠤ ᠨᠢᠭᠡ ᠪᠦᠯᠦᠭ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠵᠦ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠭᠠᠷᠭᠠᠨ᠎ᠠ᠃ ᠬᠤᠶᠠᠷ ᠲᠤ᠂ ᠬᠠᠢ ᠳ᠋ᠧ ᠶᠢᠨ ᠤᠰᠤᠲᠥ᠋ᠷᠥᠭᠴᠢ ᠶᠢᠨ ᠡᠨᠧᠷᠭᠢ ᠶᠢ ᠴᠠᠬᠢᠯᠭᠠᠨ ᠵᠠᠳᠠᠯᠤᠯ ᠤᠨ ᠤᠰᠤ ᠪᠠᠷ ᠤᠰᠤᠲᠥ᠋ᠷᠥᠭᠴᠢ ᠶᠢ ᠦᠢᠯᠡᠳᠬᠦ ᠰᠢᠰᠲ᠋ᠧᠮ᠂ ᠭᠤᠸᠠᠩᠳᠦ᠋ᠩ ᠤᠨ ᠴᠢᠩ ᠨᠸᠡᠭ 5000 ᠰᠠᠤᠷᠢ ᠲᠦᠯᠡᠰᠢᠨ ᠴᠠᠬᠢᠯᠭᠠᠨ ᠳ᠋ᠢᠶᠠᠨ ᡂᠢ ᠪᠣᠯᠣᠨ 1000 ᠢᠵᠢ ᠤᠰᠤᠲᠥ᠋ᠷᠥᠭᠴᠢ ᠶᠢ ᠦᠢᠯᠡᠳᠬᠦ ᠪᠠ ᠤᠰᠤᠲᠥ᠋ᠷᠥᠭᠴᠢ ᠶᠢ ᠨᠡᠮᠡᠬᠦ ᠵᠠᠩᠭᠢᠯᠠᠭ᠎ᠠ ᠶᠢᠨ ᠲᠣᠨᠣᠭᠯᠠᠯ ᠵᠢᠴᠢ ᠰᠡᠯᠪᠢᠭ ᠲᠤᠨᠤᠭ ᠤᠨ ᠲᠦᠷᠦᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠪᠠᠰᠠ ᠨᠢᠭᠡ ᠪᠦᠯᠦᠭ ᠤᠰᠤᠲᠥ᠋ᠷᠥᠭᠴᠢ ᠳᠠᠮᠵᠢᠭᠤᠯᠬᠤ ᠮᠠᠲ᠋ᠧᠷᠢᠶᠠᠯ᠂ ᠴᠡᠪᠡᠷᠵᠢᠭᠦᠯᠬᠦ ᠲᠥᠬᠦᠭᠡᠷᠦᠮᠵᠢ᠂ ᠲᠦᠷᠭᠡᠳᠬᠡᠭᠦᠷ ᠵᠡᠷᠭᠡ ᠬᠦᠷᠢᠶ᠎ᠡ ᠴᠠᠷᠠᠭᠠᠨ ᠳᠤ ᠰᠢᠨ᠎ᠡ ᠶᠢ ᠡᠭᠦᠳᠬᠦ ᠠᠵᠤ ᠠᠬᠤᠶᠢᠯᠠᠯ ᠢ ᠣᠷᠣᠭᠤᠯᠤᠨ᠎ᠠ᠃ ᠭᠤᠷᠪᠠ ᠳᠤ ᠱᠧᠩ ᠶᠤᠸᠠᠨ ᠡᠨᠧᠷᠭᠢ ᠶᠢᠨ ᠰᠤᠷᠪᠤᠯᠵᠢ ᠶᠢᠨ ᠤᠰᠤᠲᠥ᠋ᠷᠥᠭᠴᠢ ᠦᠢᠯᠡᠳᠬᠦ ᠦᠢᠯᠡᠳᠪᠦᠷᠢ᠂ ᠯᠦᠩ ᠵᠢᠢ ᠶᠢᠨ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠨᠣᠭᠤᠭᠠᠨ ᠤᠰᠤᠲᠥ᠋ᠷᠥᠭᠴᠢ ᠶᠢᠨ ᠨᠣᠭᠤᠭᠠᠨ ᠰᠢᠪᠲᠦᠷ ᠦᠢᠯᠡᠳᠬᠦ‍ ᠨᠢᠭᠡ ᠴᠣᠭᠴᠠᠵᠢᠭᠰᠠᠨ ᠵᠦᠢᠯᠡᠰ ᠢ ᠠᠰᠢᠭᠯᠠᠯᠲᠠ ᠳᠤ ᠣᠷᠣᠭᠤᠯᠤᠨ ᠡᠵᠡᠩᠨᠡᠬᠦ ᠶᠢ ᠲᠦᠷᠭᠡᠳᠬᠡᠵᠦ᠂ 8 ᠰᠠᠭᠤᠷᠢ ᠤᠰᠤᠲᠥ᠋ᠷᠥᠭᠴᠢ ᠨᠡᠮᠡᠬᠦ ᠦᠷᠳᠡᠭᠡ ᠶᠢ ᠰᠢᠨ᠎ᠡ ᠪᠠᠷ ᠪᠠᠶᠢᠭᠤᠯᠵᠤ᠂ ᠵᠢᠯ ᠤᠨ ᠤᠰᠤᠲᠥ᠋ᠷᠥᠭᠴᠢ ᠬᠠᠩᠭᠠᠬᠤ ᠴᠢᠳᠠᠪᠤᠷᠢ ᠶᠢ 7000 ᠲᠣᠨ ᠠᠴᠠ ᠳᠡᠭᠡᠭᠰᠢ ᠳᠤ ᠬᠦᠷᠭᠡᠨ᠎ᠡ᠃ ︽ᠤᠶᠤᠨᠳᠤ ᠮᠠᠰᠢᠨ ᠲᠡᠷᠭᠡ ᠡᠨᠧᠷᠭᠢ ᠵᠠᠮ ᠡᠬᠦᠯᠡᠨ ᠪᠤᠳᠤᠯᠳᠠ︾᠎ ᠶᠢ ᠨᠢᠭᠡ ᠴᠤᠭᠴᠠᠵᠢᠭᠤᠯᠤᠨ ᠠᠭᠤᠰᠤᠯᠴᠠᠭᠤᠯᠬᠤ ᠵᠢᠱᠢᠶ᠎ᠡ ᠦᠵᠡᠭᠦᠯᠬᠦ ᠠᠵᠢᠯ ᠢ ᠤᠷᠢᠳᠠᠪᠠᠷ ᠥᠷᠨᠢᠭᠦᠯᠵᠦ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠲᠡᠷᠭᠡ ᠶᠢ ᠢᠳᠡᠪᠬᠢᠲᠡᠢ ᠳᠡᠯᠭᠡᠷᠡᠭᠦᠯᠦᠨ ᠬᠡᠷᠡᠭᠯᠡᠵᠦ᠂ ᠦᠯᠡᠳᠡᠵᠦ ᠪᠠᠶᠢᠭ᠎ᠠ ᠮᠠᠰᠢᠨ ᠲᠡᠷᠭᠡ ᠶᠢ ᠬᠡᠷᠡᠭᠡᠯᠡᠯᠳᠡ ᠳᠤ ᠤᠷᠤᠭᠤᠯᠵᠤ ᠲᠤᠭ᠎ᠠ ᠬᠡᠮᠵᠢᠶ᠎ᠡ ᠶᠢ ᠣᠯᠠᠰᠢᠷᠠᠭᠤᠯᠵᠤ᠂ ᠤᠰᠤᠲᠥ᠋ᠷᠥᠭᠴᠢ ᠶᠢᠨ ᠡᠨᠧᠷᠭᠢ ᠶᠢ ᠬᠡᠪᠴᠢᠶᠡᠵᠢᠭᠦᠯᠦᠨ ᠬᠡᠷᠡᠭᠯᠡᠬᠦ ᠶᠢ ᠪᠡᠶᠡᠯᠡᠭᠦᠯᠵᠦ᠂ ᠳᠡᠯᠡᠬᠡᠢ ᠶᠢᠨ ᠲᠡᠰ ᠤᠨ ᠨᠣᠭᠤᠭᠠᠨ ᠤᠰᠤᠲᠥ᠋ᠷᠥᠭᠴᠢ ᠶᠢᠨ ᠠᠮᠢ ᠠᠬᠤᠢ ᠶᠢᠨ ᠰᠢᠨ᠎ᠡ ᠶᠢ ᠡᠭᠦᠳᠬᠦ ᠣᠷᠣᠨ ᠪᠠ ᠬᠤᠳᠠᠯᠳᠤᠭᠠᠨ ᠤ ᠬᠡᠷᠡᠭᠯᠡᠭᠡᠨ ᠤ ᠵᠢᠱᠢᠶ᠎ᠡ ᠦᠵᠡᠭᠦᠯᠬᠦ ᠣᠷᠣᠨ ᠢ ᠴᠣᠭᠴᠠᠯᠠᠨ ᠪᠠᠶᠢᠭᠤᠯᠤᠨ᠎ᠠ᠃     ᠨᠢᠰᠬᠡᠯ ᠤᠨ ᠪᠠᠭᠤᠳᠠᠯ ᠳᠠᠭᠠᠤ ᠶᠢᠨ ᠠᠵᠤ ᠠᠬᠤᠢ ᠶᠢᠨ ᠣᠷᠣᠨ ᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠬᠦ ᠠᠵᠠ ᠲᠣᠬᠢᠶᠠᠯ ᠢ ᠠᠮᠵᠢᠨ ᠠᠳᠬᠤᠵᠤ᠂ ︽ᠨᠢᠭᠡ ᠪᠦᠰᠡ ᠨᠢᠭᠡ ᠵᠠᠮ︾ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠢ ᠣᠷᠣᠯᠴᠠᠨ᠎ᠠ᠃ ᠨᠢᠭᠡ ᠲᠠᠯ᠎ᠠ ᠪᠠᠷ᠂ ᠠᠭᠠᠷ ᠤᠨ ᠠᠶᠠᠯᠠᠯ ᠤᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠤᠯᠠᠭᠠᠨᠪᠠᠭᠠᠲᠤᠷ᠂ ᠰᠢᠶᠠᠩᠭᠠᠩ ᠵᠡᠷᠭᠡ ᠤᠯᠤᠰ ᠤᠨ ᠬᠤᠭᠤᠷᠣᠨᠳᠣᠬᠢ ᠠᠭᠠᠷ ᠤᠨ ᠠᠶᠠᠯᠠᠯ ᠤᠨ ᠱᠤᠭᠤᠮ ᠢ ᠨᠡᠪᠲᠡᠷᠡᠭᠦᠯᠦᠨ᠂ ᠪᠥᠬᠦ ᠪᠠᠷᠠᠭᠠᠨ ᠤ ᠲᠡᠭᠡᠭᠡᠪᠦᠷᠢ ᠶᠢᠨ ᠡᠭᠡᠯᠵᠢ ᠶᠢᠨ ᠨᠢᠰᠬᠡᠯ ᠤᠨ ᠬᠥᠭᠵᠢᠯᠲᠡ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠤᠯᠤᠭᠠᠨ ᠬᠤᠰᠢᠭᠤ ᠬᠤᠶᠠᠷ ᠲᠣᠭᠤᠷᠢᠭ︾᠎ ᠢ ᠬᠠᠮᠤᠷᠤᠭᠰᠠᠨ ᠬᠢᠯᠢ ᠠᠯᠤᠰᠯᠠᠭᠰᠠᠨ ᠰᠢᠭᠤᠳ ᠡᠵᠡᠩᠨᠡᠯᠲᠡ ᠶᠢᠨ ᠳᠡᠯᠭᠡᠭᠦᠷ ᠢ ᠪᠠᠶᠢᠷᠢᠰᠢᠭᠤᠯᠤᠨ ᠪᠠᠶᠢᠭᠤᠯᠵᠤ᠂ ᠨᠢᠭᠡ ᠪᠦᠯᠦᠭ ᠤᠯᠤᠰ ᠤᠨ ᠳᠣᠲᠣᠭᠠᠳᠤ ᠭᠠᠳᠠᠭᠠᠳᠤ ᠶᠢᠨ ᠪᠥᠬᠦ ᠪᠠᠷᠠᠭᠠᠨ ᠤ ᠲᠡᠭᠡᠭᠡᠪᠦᠷᠢ ᠶᠢᠨ ᠡᠭᠡᠯᠵᠢ ᠶᠢᠨ ᠨᠢᠰᠬᠡᠯ ᠢ ᠰᠢᠨ᠎ᠡ ᠪᠠᠷ ᠨᠡᠮᠡᠨ᠎ᠡ᠃ ᠨᠦᠬᠦᠬᠡ ᠲᠠᠯ᠎ᠠ ᠪᠠᠷ ᠭᠠᠶᠢᠯᠢ ᠦᠭᠡᠢ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠢᠮᠠᠭᠠᠨ ᠨᠣᠯᠤᠤᠷ ᠪᠣᠯᠪᠠᠰᠤᠷᠠᠭᠤᠯᠬᠤ᠂ ᠬᠦᠢᠲᠡᠨ ᠢᠳᠡᠭᠡᠨ ᠵᠡᠷᠭᠡ ᠭᠠᠶᠢᠯᠢ ᠪᠠᠲᠤᠯᠠᠬᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ  ᠶᠢ ᠲᠦᠷᠭᠡᠳᠬᠡᠵᠦ᠂ ᠶᠤᠸᠠᠨ ᠵᠢᠩ᠂ ᠴᠢ ᠷᠦᠢ ᠵᠡᠷᠭᠡ ᠬᠤᠲᠠ ᠶᠢᠨ ᠳᠣᠲᠣᠷᠠᠬᠢ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠠᠬᠢ ᠭᠠᠳᠠᠭᠠᠳᠤ ᠭᠠᠷᠭᠠᠯᠲᠠ ᠶᠢᠨ ᠬᠡᠪᠴᠢᠶ᠎ᠡ ᠶᠢ ᠥᠷᠭᠡᠳᠬᠡᠵᠦ᠂ LED ᠵᠠᠭᠪᠤᠷ ᠤᠨ ᠳᠤᠭᠤᠶᠢᠯᠠᠩ᠂ ᠴᠠᠬᠢᠮ ᠢᠯᠲᠠᠰᠤ ᠶᠢᠨ ᠪᠢᠲᠡᠭᠦᠮᠵᠢᠯᠡᠯ ᠤᠨ ᠪᠠᠶᠢᠴᠠᠭᠠᠨ ᠬᠡᠮᠵᠢᠯᠲᠡ᠂ ᠡᠯᠧᠺᠲᠷᠣᠨ ᠲᠣᠨᠣᠭᠯᠠᠭᠠᠰᠤ ᠦᠢᠯᠡᠳᠬᠦ ᠵᠡᠷᠭᠡ ᠭᠠᠶᠢᠯᠢ ᠦᠬᠡᠢ ᠡᠳ᠋ᠰᠢᠬᠦᠯᠬᠦ ᠠᠵᠤ ᠦᠢᠯᠡᠰ ᠢ ᠪᠤᠵᠠᠭᠠᠶᠢᠷᠠᠭᠤᠯᠤᠨ᠂ ᠲᠤᠸ ᠪᠦᠦ᠂ ᠫᠢᠨ ᠳ᠋ᠦᠸᠧ ᠳ᠋ᠦᠸᠧ ᠵᠡᠷᠭᠡ ᠡᠯᠧᠺᠲᠷᠣᠨ ᠬᠤᠳᠠᠯᠳᠤᠭᠠᠨ ᠤ ᠵᠠᠩᠭᠢᠯᠠᠭ᠎ᠠ ᠶᠢᠨ ᠴᠡᠭ ᠤᠨ ᠬᠥᠮᠥᠷᠭᠡ ᠶᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢ ᠪᠥᠬᠦ ᠤᠯᠤᠰ ᠤᠨ B ᠲᠥᠷᠥᠯ ᠤᠨ ᠳᠤᠮᠳᠠ ᠲᠡᠰ ᠤᠨ ᠬᠢᠷᠢ ᠲᠦᠪᠰᠢᠨ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ ᠶᠢ 120 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃      ᠦᠢᠯᠡᠳᠪᠦᠷᠢᠯᠡᠯ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠥᠨᠳᠥᠷ ᠪᠠᠷᠢᠮᠵᠢᠶ᠎ᠠ ᠪᠠᠷ ᠪᠠᠶᠢᠭᠤᠯᠤᠨ᠎ᠠ᠃ ᠵᠠᠮ ᠬᠠᠷᠢᠯᠴᠠᠭ᠎ᠠ ᠶᠢ ᠰᠠᠭᠠᠳ ᠦᠭᠡᠢ ᠨᠠᠪᠲᠠᠷᠡᠭᠦᠯᠵᠦ᠂ ᠲᠤᠮᠤ ᠲᠥᠪᠯᠡᠷᠡᠭᠦᠯᠵᠦ ᠲᠠᠷᠬᠠᠭᠠᠬᠤ ᠭᠠᠵᠠᠷ ᠢ ᠪᠠᠶᠢᠭᠤᠯᠵᠤ᠂ ᠶᠡᠭᠡ ᠬᠡᠪᠴᠢᠶᠡᠨ ᠤ ᠡᠳ᠋ ᠪᠠᠷᠠᠭᠠᠨ ᠤ ᠭᠦᠢᠯᠭᠡᠭᠡ ᠶᠢ ᠬᠥᠭᠵᠢᠭᠦᠯᠦᠨ᠎ᠡ᠃ ᠨᠢᠭᠡ ᠳᠤ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠵᠠᠩᠭᠢᠯᠠᠭ᠎ᠠ ᠶᠢ ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠲᠡᠮᠦᠷ ᠵᠠᠮ ᠤᠨ ᠲᠤᠰᠬᠠᠢ ᠱᠤᠭᠤᠮ ᠤᠨ ᠡᠬᠢᠨ ᠤ ᠬᠤᠭᠤᠴᠠᠭᠠᠨ ᠤ ᠠᠵᠢᠯ ᠢ ᠡᠬᠢᠯᠡᠭᠦᠯᠵᠦ᠂ ᠳ᠋ᠦᠩᠱᠧᠩ ᠵᠡᠬᠦᠨ ᠦᠷᠳᠡᠭᠡ ᠠᠴᠠ ᠲᠤᠶᠢᠭ ᠤᠨ ᠰᠦᠮ᠎ᠡ ᠬᠦᠷᠬᠦ ᠲᠡᠮᠦᠷ ᠵᠠᠮ᠂ ᠰᠢᠨ᠎ᠡ ᠵᠡᠭᠡᠯᠢ ᠶᠢᠨ ᠨᠡᠭᠦᠷᠡᠰᠤᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠲᠡᠮᠦᠷ ᠵᠠᠮ ᠤᠨ ᠲᠤᠰᠬᠠᠢ ᠱᠤᠭᠤᠮ ᠢ ᠲᠦᠷᠭᠡᠬᠡᠨ ᠠᠵᠢᠯ ᠡᠬᠢᠯᠡᠭᠦᠯᠬᠦ ᠶᠢ ᠲᠦᠯᠬᠢᠨ ᠠᠬᠢᠭᠤᠯᠵᠤ᠂  ᠳ᠋ᠦᠡᠭᠱᠸᠡᠭ ᠦᠬᠠᠢ ᠲᠡᠮᠦᠷ ᠵᠠᠮ ᠬᠢᠭᠡᠳ ᠪᠠᠳᠤ ᠶᠢᠨ ᠲᠤᠬᠤᠢ ᠠᠴᠠ ᠵᠡᠭᠦᠨᠭᠠᠷ ᠬᠦᠷᠬᠦ ᠲᠡᠮᠦᠷ ᠵᠠᠮ ᠤᠨ ᠬᠤᠯᠪᠣᠬᠤ ᠱᠤᠭᠤᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠶᠢ ᠦᠨᠡᠨ ᠬᠦ ᠪᠠᠲᠤᠯᠠᠵᠤ᠂ ᠭᠤᠤᠯ ᠮᠦᠷᠡᠨ ᠢ ᠲᠤᠭᠤᠯᠤᠨ ᠲᠠᠯᠠᠢ ᠲᠠᠩᠬᠢᠰ ᠲᠤ ᠬᠦᠷᠬᠦ ᠲᠡᠮᠦᠷ ᠵᠠᠮ ᠢ ᠨᠡᠪᠲᠡᠷᠡᠭᠦᠯᠦᠨ᠎ᠡ᠃ ᠬᠤᠶᠠᠷ ᠲᠤ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠪᠠᠶᠢᠭᠤᠯᠵᠤ᠂ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢᠨ ᠲᠤᠭ᠎ᠠ ᠬᠡᠮᠵᠢᠶ᠎ᠡ ᠶᠢ  ᠨᠡᠮᠡᠭᠳᠡᠬᠦᠯᠬᠦ ᠶᠢ ᠠᠬᠢᠭᠤᠯᠵᠤ᠂ ᠰᠢᠨ᠎ᠡ ᠡᠨᠧᠷᠭᠢ ᠶᠢᠨ ᠲᠦᠭᠦᠬᠡᠢ ᠮᠠᠲ᠋ᠧᠷᠢᠶᠠᠯ᠂ ᠮᠣᠳᠣᠨ ᠮᠠᠲ᠋ᠧᠷᠢᠶᠠᠯ᠂ ᠠᠮᠤ ᠪᠤᠳᠠᠭ᠎ᠠ ᠲᠣᠰᠣ ᠵᠡᠷᠭᠡ ᠶᠢᠨ ᠪᠠᠷᠠᠭᠠᠨ ᠤ ᠭᠦᠢᠯᠭᠡᠭᠡ ᠶᠢ ᠶᠡᠬᠡᠪᠡᠷ ᠥᠷᠭᠡᠳᠬᠡᠵᠦ᠂ ᠪᠠᠢ ᠶᠧ ᠱᠢ ᠲᠦᠩ ᠪᠣᠬᠢᠷᠲᠤᠯ ᠦᠭᠡᠢ ᠭᠠᠷᠠᠮ ᠤᠨ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡ᠂ ᠣᠶᠤᠨᠴᠢᠯᠠᠭᠰᠠᠨ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠩ ᠳ᠋ᠦᠩ᠂ ᠱᠦᠨ ᠹᠧᠩ ᠣᠶᠤᠨᠴᠢ ᠬᠤᠪᠢᠶᠠᠨ ᠰᠠᠯᠭᠠᠬᠤ ᠲᠥᠪ ᠤᠨ ᠪᠠᠷᠢᠯᠭ᠎ᠠ ᠶᠢᠨ ᠪᠦᠳᠦᠬᠡᠨ ᠪᠠᠶᠢᠭᠤᠯᠤᠯᠳᠠ ᠶᠢ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠭᠤᠷᠪᠠ ᠳᠤ᠂ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠱᠠᠩᠨᠠᠵᠤ ᠨᠥᠬᠦᠪᠦᠷᠢᠯᠡᠬᠦ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠪᠠᠷ ᠢᠳᠡᠪᠬᠢᠲᠡᠢ ᠴᠢᠷᠮᠠᠶᠢᠵᠤ᠂ ᠨᠡᠭᠦᠷᠡᠰᠦᠨ ᠤ ᠪᠠᠷᠠᠭᠠᠨ ᠤ ᠭᠦᠢᠯᠭᠡᠭᠡᠨ ᠤ ᠨᠡᠶᠢᠭᠡᠮᠯᠢᠭ ᠢ ᠪᠠᠶᠢᠭᠤᠯᠤᠨ᠂ ᠨᠡᠭᠦᠷᠡᠰᠦᠨ ᠤ ᠪᠠᠷᠠᠭᠠᠨ ᠤ ᠭᠦᠢᠯᠭᠡᠭᠡᠨ ᠢ ᠶᠡᠬᠡᠪᠡᠷ ᠬᠥᠭᠵᠢᠭᠦᠯᠵᠦ᠂ ᠨᠠᠩ ᠣᠯᠠᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ ᠮᠠᠨ ᠤ ᠬᠤᠰᠢᠭᠤᠨ ᠳᠤ ᠳᠠᠩᠰᠠᠯᠠᠭᠤᠯᠤᠨ ᠡᠵᠡᠩᠨᠡᠭᠦᠯᠵᠦ᠂ ᠪᠠᠷᠠᠭᠤᠨ ᠣᠷᠣᠨ ᠤ ᠨᠥᠯᠥᠭᠡᠯᠡᠬᠦ ᠬᠦᠴᠦᠨ ᠲᠠᠢ ᠣᠷᠣᠨ ᠪᠦᠰᠡ ᠶᠢᠨ ᠴᠢᠨᠠᠷᠲᠠᠢ ᠪᠠᠷᠠᠭᠠᠨ ᠤ ᠬᠦᠢᠯᠭᠡᠭᠡᠨ ᠤ ᠲᠦᠪᠯᠡᠷᠡᠬᠦᠯᠦᠨ ᠲᠠᠷᠬᠠᠭᠠᠬᠤ ᠲᠦᠪ ᠢ ᠡᠬᠦᠳᠦᠨ ᠪᠠᠶᠢᠭᠤᠯᠤᠨ᠎ᠠ᠃    ︵ᠭᠤᠷᠪᠠ︶ ᠬᠥᠭᠵᠢᠯᠲᠡ ᠶᠢᠨ ᠲᠤᠯᠭᠠᠭᠤᠷᠢᠯᠠᠯ ᠢ ᠪᠥᠬᠦ ᠬᠦᠴᠦᠨ ᠢᠶᠠᠷ ᠢᠶᠠᠨ ᠪᠠᠬᠢᠵᠢᠭᠦᠯᠵᠦ᠂ ︽ᠳᠥᠷᠪᠡᠨ ᠲᠡᠷᠢᠭᠦᠨ ᠤ ᠬᠢ︾᠎ ᠶᠢ ᠡᠭᠦᠳᠬᠦ ᠠᠮᠢ ᠠᠬᠤᠢ ᠎ ᠶᠢᠨ ᠤᠷᠴᠢᠨ ᠲᠤᠭᠤᠷᠢᠨ ᠢ ᠪᠦᠷᠢᠯᠳᠦᠬᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠂ ᠰᠢᠨ᠎ᠡ ᠶᠢ ᠡᠭᠦᠳᠬᠦ ᠪᠣᠯ ᠨᠢᠭᠡᠳᠦᠭᠡᠷ ᠬᠥᠳᠡᠯᠭᠡᠬᠦ ᠬᠦᠴᠦᠨ᠂ ᠣᠷᠴᠢᠨ ᠲᠣᠭᠤᠷᠢᠨ ᠪᠣᠯ ᠨᠢᠭᠡᠳᠦᠭᠡᠷ ᠥᠷᠢᠰᠦᠯᠳᠦᠬᠦ ᠬᠦᠴᠦᠨ ᠪᠣᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠴᠢᠳᠠᠪᠤᠷᠢᠲᠠᠨ ᠤ ᠰᠠᠭᠤᠷᠢᠯᠠᠬᠤ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢᠯᠠᠬᠤ ᠪᠠᠶᠢᠷᠢ ᠰᠠᠭᠤᠷᠢ ᠶᠢ ᠴᠢᠩᠭᠠᠳᠬᠠᠵᠤ᠂ ᠰᠢᠨ᠎ᠡ ᠶᠢ ᠡᠭᠦᠳᠬᠦ ᠬᠥᠭᠵᠢᠯᠲᠡ ᠶᠢᠨ ᠠᠮᠢᠵᠢᠷᠠᠯ ᠤᠨ ᠬᠦᠴᠦᠨ ᠬᠥᠳᠡᠯᠭᠡᠬᠦ ᠬᠦᠴᠦᠨ ᠢ ᠨᠡᠮᠡᠭᠳᠡᠭᠦᠯᠦᠨ᠎ᠡ᠃      ᠲᠡᠷᠢᠭᠦᠨ ᠤ ᠰᠢᠨ᠎ᠡ ᠶᠢ ᠡᠭᠦᠳᠬᠦ ᠣᠷᠴᠢᠨ ᠲᠣᠭᠤᠷᠢᠨ ᠢ ᠪᠦᠷᠢᠯᠳᠦᠬᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠨᠢᠭᠡ ᠲᠠᠯ᠎ᠠ ᠪᠠᠷ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠨᠡᠮᠡᠭᠳᠡᠯ ᠪᠠ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠡᠯᠡ ᠤᠷᠤᠭᠤᠯᠤᠯᠳᠠ ᠶᠢᠨ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠲᠤᠬᠠᠢ  ᠬᠤᠯᠪᠤᠭᠳᠠᠯ ᠪᠦᠬᠦᠢ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠤᠲᠠ᠂ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠲᠤᠷᠰᠢᠯᠲᠠ ᠶᠢᠨ ᠰᠠᠭᠤᠷᠢᠨ ᠭᠠᠵᠠᠷ ᠵᠡᠷᠭᠡ ᠰᠢᠨ᠎ᠡ ᠶᠢ ᠡᠭᠦᠳᠬᠦ ᠲᠠᠪᠴᠠᠩ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠴᠢᠶᠠᠯᠠᠪᠤᠷᠢ ᠶᠢᠨ ᠲᠠᠯᠠᠪᠠᠶ ᠶᠢ 10 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃  ᠨᠦᠬᠦᠭᠡ ᠲᠠᠯ᠎ᠠ ᠪᠠᠷ ᠳᠡᠭᠡᠳᠦ ᠰᠢᠨ᠎ᠡ ᠮᠡᠷᠭᠡᠵᠢᠯ ᠢ ᠡᠬᠦᠳᠦᠨ ᠪᠦᠳᠦᠬᠡᠵᠦ ᠬᠡᠷᠡᠭᠯᠡᠬᠦ ᠶᠢ ᠶᠡᠬᠡᠪᠡᠷ ᠠᠬᠢᠭᠤᠯᠵᠤ ᠂ ᠠᠶᠤᠯᠭᠦᠢ ᠦᠢᠯᠡᠳᠪᠦᠷᠢᠯᠡᠯ᠂ ᠠᠵᠤ ᠦᠢᠯᠡᠰ ᠤᠨ ᠬᠡᠷᠡᠭᠴᠡᠭᠡ ᠵᠡᠷᠭᠡ 12 ᠲᠠᠯ᠎ᠠ ᠶᠢᠨ ᠲᠣᠭᠤᠷᠢᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠥᠷᠭᠡᠨ ᠢᠶᠠᠷ ᠴᠤᠭᠯᠠᠭᠤᠯᠵᠤ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠭᠤᠶᠤᠴᠢᠯᠠᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ︽ᠵᠠᠷᠯᠠᠨ ᠮᠠᠩᠯᠠᠶᠢᠯᠠᠭᠤᠯᠬᠤ︾ ᠲᠥᠷᠥᠯ ᠵᠦᠢᠯ ᠪᠠ ᠬᠤᠲᠠ ᠶᠢᠨ ᠲᠠᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠵᠦᠢᠯᠡᠰ ᠢ 40᠎ ᠠᠴᠠ ᠳᠡᠭᠡᠭᠰᠢ ᠭᠤᠶᠤᠴᠢᠯᠠᠨ ᠬᠡᠷᠡᠭᠵᠢᠭᠦᠯᠵᠦ᠂ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ 8 ᠠᠵᠤ ᠠᠬᠤᠶᠢᠯᠠᠯ ᠤᠨ ︽ᠭᠤᠷᠪᠠ ᠶᠢ ᠦᠭᠡᠶᠢᠰᠭᠡᠬᠦ︾᠎ ᠶᠢ ᠪᠡᠶᠡᠯᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 8᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 25 ᠰᠢᠨ᠎ᠡ ᠪᠠᠷ  ᠨᠡᠮᠡᠭᠳᠡᠬᠦᠯᠦᠨ᠂ ᠲᠤᠰᠬᠠᠢ ᠠᠰᠢᠭ ᠤᠨ ᠲᠤᠭ᠎ᠠ ᠬᠡᠮᠵᠢᠶ᠎ᠡ ᠶᠢ 8%᠎ ᠠᠴᠠ ᠳᠡᠭᠡᠭᠰᠢ ᠨᠡᠮᠡᠭᠳᠡᠭᠦᠯᠵᠦ᠂ ᠨᠠᠩ ᠣᠯᠠᠨ ᠠᠩᠬᠠᠨ ᠤ ᠰᠠᠤᠷᠢ᠂ ᠠᠩᠬᠠᠨ ᠤ ᠢᠵᠢ᠂ ᠠᠩᠬᠠᠨ ᠤ ᠪᠦᠯᠦᠭ ᠤᠨ ᠰᠢᠨ᠎ᠡ ᠡᠭᠦᠳᠦᠯᠲᠡ ᠶᠢᠨ ᠴᠢᠨᠠᠷᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠶ ᠪᠣᠯᠭᠠᠵᠤ᠂ ᠤᠯᠤᠰ ᠤᠨ ᠰᠢᠨ᠎ᠡ ᠶᠢ ᠡᠭᠦᠳᠬᠦ ᠬᠡᠯᠪᠡᠷᠢ ᠶᠢᠨ ᠰᠢᠶᠠᠨ ᠢ ᠪᠠᠶᠢᠭᠤᠯᠬᠤ ᠪᠠᠷ ᠴᠢᠷᠮᠠᠶᠢᠨ᠎ᠠ᠃      ᠲᠡᠷᠢᠭᠦᠨ ᠤ ᠴᠢᠳᠠᠪᠤᠷᠢᠲᠠᠨ ᠤ ᠣᠷᠴᠢᠨ ᠲᠣᠭᠤᠷᠢᠨ ᠢ ᠪᠦᠷᠢᠯᠳᠦᠬᠦᠯᠦᠨ᠎ᠡ᠃ ᠨᠢᠭᠡ ᠲᠠᠯ᠎ᠠ ᠪᠠᠷ᠂ ︽ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ 30 ᠵᠤᠷᠪᠤᠰ︾᠎ ᠢ ᠢᠵᠢ ᠪᠦᠷᠢᠳᠦᠭᠦᠯᠦᠨ ᠲᠣᠭᠲᠠᠭᠠᠵᠤ᠂ ᠤᠯᠠᠨ ᠲᠤᠭᠠᠨ ᠤ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠠᠵᠤ ᠦᠢᠯᠡᠰ ᠤᠨ ᠬᠡᠯᠬᠢᠶ᠎ᠡ ᠶᠢᠨ ᠤᠷ᠎ᠠ ᠴᠢᠳᠠᠪᠤᠷᠢ ᠶᠢᠨ ᠪᠤᠯᠪᠠᠰᠤᠷᠠᠯ ᠢ ᠥᠷᠨᠢᠭᠦᠯᠵᠦ᠂ ︽ᠣᠶᠤᠨ ᠪᠢᠯᠢᠭᠳᠦ ᠤᠮᠠᠷᠠᠲᠤ ᠬᠢᠯᠢ᠂ ᠴᠢᠳᠠᠪᠤᠷᠢᠲᠠᠨ ᠴᠤᠭᠯᠠᠷᠠᠭᠰᠠᠨ ᠪᠤᠬᠢᠷᠳᠤᠯ ᠦᠬᠡᠢ ᠬᠤᠲᠠ︾᠎ ᠶᠢᠨ ᠴᠢᠳᠠᠪᠤᠷᠢᠲᠠᠨ ᠡᠯᠰᠡᠵᠦ ᠣᠶᠤᠨ ᠤᠬᠠᠭᠠᠨ ᠢ ᠲᠠᠳᠠᠨ ᠤᠷᠤᠭᠤᠯᠬᠤ ᠰᠢᠷᠢᠰ ᠠᠵᠢᠯᠯᠠᠭ᠎ᠠ ᠶᠢ ᠡᠷᠭᠢᠯᠡᠨ᠂ ᠠᠵᠤ ᠦᠢᠯᠡᠰ ᠤᠨ ᠴᠢᠳᠠᠪᠤᠷᠢᠲᠠᠨ ᠢ ᠶᠡᠬᠡᠪᠡᠷ ᠣᠷᠣᠭᠤᠯᠤᠨ ᠠᠪᠴᠢᠷᠠᠵᠤ᠂ ᠠᠵᠤ ᠠᠬᠤᠶᠢᠯᠠᠯ ᠤᠨ ᠠᠵᠢᠯᠴᠢᠨ ᠡᠯᠰᠡᠬᠦ ᠳᠤ ᠬᠦᠴᠢᠷᠲᠡᠢ᠂ ᠠᠵᠢᠯᠴᠢᠨ ᠦᠯᠡᠳᠡᠭᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠨᠥᠭᠦᠭᠡ ᠲᠠᠯ᠎ᠠ ᠪᠠᠷ᠂ ︽ᠰᠢᠨ᠎ᠡ ᠬᠤᠲᠠ ᠶᠢᠨ ᠠᠷᠠᠳ︾᠎ ᠢ ᠦᠯᠡᠳᠡᠭᠡᠨ ᠠᠪᠴᠤ᠂ ᠭᠠᠳᠠᠨ᠎ᠠ ᠠᠴᠠ ᠢᠷᠡᠵᠦ ᠠᠳᠠᠯ ᠦᠢᠯᠡᠰ ᠴᠣᠭᠴᠠᠯᠠᠵᠤ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ ᠤᠨ ᠣᠷᠣᠨ ᠰᠠᠭᠤᠴᠠ ᠶᠢᠨ ᠪᠠᠲᠤᠯᠠᠭ᠎ᠠ᠂ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ᠂ ᠭᠡᠷ ᠪᠦᠯᠢ ᠶᠢᠨ ᠬᠢᠨ ᠤ ᠠᠵᠢᠯ ᠣᠯᠬᠤ ᠵᠡᠷᠭᠡ ᠪᠥᠬᠦ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ᠂ ᠭᠤᠷᠪᠠᠳᠤᠭᠠᠷ ᠬᠤᠭᠤᠴᠠᠭᠠᠨ ᠤ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 1000 ᠲᠠᠰᠤᠯᠭ᠎ᠠ ᠪᠠᠶᠢᠭᠤᠯᠵᠤ᠂ ᠭᠠᠵᠠᠷ ᠤᠨ ᠦᠨ᠎ᠡ᠂ ᠭᠡᠷ ᠪᠠᠶᠢᠰᠢᠩ ᠤᠨ ᠦᠨ᠎ᠡ ᠶᠢ ᠬᠢᠵᠠᠭᠠᠷᠯᠠᠨ᠂ ᠠᠮᠢᠳᠤᠷᠠᠯ ᠤᠨ ᠥᠪᠡᠷ ᠤᠨ ᠥᠷᠲᠡᠭ ᠢ ᠪᠠᠭᠤᠷᠠᠭᠤᠯᠵᠤ᠂ ᠠᠳᠠᠯ ᠦᠢᠯᠡᠰ ᠴᠣᠭᠴᠠᠯᠠᠬᠤ ᠥᠪᠡᠷ ᠤᠨ ᠥᠷᠲᠡᠭ ᠢ ᠪᠠᠭᠤᠷᠠᠭᠤᠯᠤᠨ᠂ ᠬᠥᠮᠥᠨ ᠠᠮᠠ ᠶᠢ ᠲᠦᠪᠯᠡᠷᠡᠬᠦᠯᠦᠨ᠂ ᠬᠦᠮᠦᠰ ᠤᠨ ᠬᠦᠷᠢᠶᠡᠯᠡᠯ ᠢ ᠲᠦᠪᠯᠡᠷᠡᠬᠦᠯᠦᠨ᠎ᠡ᠃     ᠲᠡᠷᠢᠭᠦᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠦᠷᠢᠯᠳᠦᠬᠦᠯᠦᠨ᠎ᠡ᠃ ᠨᠢᠭᠡ ᠳᠤ ᠪᠦᠲᠦᠴᠡ ᠶᠢᠨ ᠴᠢᠨᠠᠷᠲᠠᠢ ᠪᠠᠷ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠦᠭᠡᠮᠡᠯ ᠬᠠᠷᠠᠭᠠᠯᠵᠠᠯᠠᠯᠳᠤ ᠮᠥᠩᠭᠦᠨ ᠭᠦᠢᠯᠭᠡᠭᠡ᠂ ᠡᠳ᠋ ᠤᠨ ᠵᠠᠰᠠᠭ ᠤᠨ ᠲᠠᠮ ᠬᠦᠦ ᠪᠠ ᠲᠦᠷᠦ ᠶᠢᠨ ᠪᠣᠳᠣᠯᠭ᠎ᠠ ᠶᠢᠨ ᠴᠢᠨᠠᠷᠲᠠᠢ ᠪᠠᠳᠤᠯᠠᠭ᠎ᠠ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠨᠡᠶᠢᠭᠡᠮ ᠤᠨ ᠪᠡᠯᠡ ᠮᠦᠩᠭᠦᠨ ᠲᠤᠬᠢᠷᠠᠭᠤᠯᠭ᠎ᠠ ᠶᠢ 100 ᠳ᠋ᠦᠩᠰᠢᠭᠤᠷ ᠲᠥᠭᠦᠷᠢᠭ ᠠᠴᠠ ᠳᠡᠭᠡᠭᠰᠢ ᠰᠢᠨ᠎ᠡ ᠪᠠᠷ ᠨᠡᠮᠡᠭᠳᠡᠬᠦᠯᠦᠨ᠎ᠡ᠃ ᠬᠤᠶᠠᠷ ᠲᠤ᠂ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠤᠨ ᠬᠥᠭᠵᠢᠯᠲᠡ ᠶᠢᠨ ᠰᠠᠭᠤᠷᠢ ᠮᠥᠩᠭᠦ ᠶᠢ ᠭᠠᠷᠭᠠᠵᠤ᠂ ᠣᠷᠣᠨ ᠨᠤᠲᠤᠭ ᠤᠨ ᠠᠵᠤ ᠠᠬᠤᠶᠢᠯᠠᠯ ᠤᠨ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠲᠤ ᠪᠡᠯᠡ ᠣᠷᠣᠭᠤᠯᠬᠤ ᠶᠢ ᠲᠠᠶᠢᠴᠢᠯᠠᠵᠤ᠂ ᠨᠢᠭᠡ ᠪᠦᠯᠦᠭ ᠰᠢᠨ᠎ᠡ ᠶᠢ ᠡᠭᠦᠳᠬᠦ ᠠᠵᠤ ᠠᠬᠤᠶᠢᠯᠠᠯ᠂ ᠰᠢᠨ᠎ᠡ ᠡᠨᠧᠷᠭᠢ ᠶᠢᠨ ᠠᠵᠤ ᠠᠬᠤᠶᠢᠯᠠᠯ ᠢ ᠪᠠᠶᠢᠭᠤᠯᠤᠨ᠎ᠠ᠃ ᠭᠤᠷᠪᠠ ᠳᠤ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠲᠦᠷᠬᠡᠳᠬᠡᠨ  ᠪᠤᠵᠠᠭᠠᠶᠢᠷᠠᠭᠤᠯᠵᠤ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠ ᠠᠵᠢᠯ ᠲᠦᠷᠦᠯ ᠤᠨ ᠨᠡᠶᠢᠭᠡᠮᠯᠢᠭ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠵᠢᠵᠢᠭ ᠪᠢᠴᠢᠯ ᠠᠵᠤ ᠠᠬᠤᠶᠢᠯᠠᠯ ᠢ ᠲᠡᠳᠬᠦᠨ ᠳᠡᠮᠵᠢᠬᠦ ᠪᠠ ᠦᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ︽ᠬᠤᠪᠢ ᠶᠢᠨ ᠡᠵᠡᠩᠨᠡᠯᠳᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾᠂ ︽ᠪᠠᠭ᠎ᠠ ᠠᠵᠤ ᠠᠬᠤᠶᠢᠯᠠᠯ ᠢ ᠬᠡᠪᠴᠢᠶᠡᠵᠢᠯ ᠠᠴᠠ ᠲᠡᠭᠡᠭᠰᠢ ᠪᠤᠯᠭᠠᠨ ᠬᠤᠪᠢᠷᠠᠭᠤᠯᠬᠤ︾᠂ ︽ᠬᠤᠪᠢᠶᠠᠷᠢ ᠺᠤᠮᠫᠠᠨᠢ ᠠᠴᠠ ᠲᠠᠭᠠᠯᠳᠠ ᠺᠤᠮᠫᠠᠨᠢ ᠪᠣᠯᠭᠠᠨ ᠬᠤᠪᠢᠷᠠᠭᠤᠯᠬᠤ︾᠎ ᠶᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ 5000᠎ ᠠᠴᠠ ᠳᠡᠭᠡᠭᠰᠢ᠂ ︽ᠳᠥᠷᠪᠡ ᠵᠦᠢᠯ ᠤᠨ ᠬᠡᠪᠴᠢᠶᠡᠵᠢᠯ ᠠᠴᠠ ᠲᠡᠭᠡᠭᠰᠢᠬᠢ︾ ᠠᠵᠤ ᠠᠬᠤᠶᠢᠯᠠᠯ ᠢ 19᠎ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠳᠥᠷᠪᠡ ᠳᠤ᠂ ᠠᠵᠤ ᠠᠬᠤᠶᠢᠯᠠᠯ ᠤᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠭᠠᠵᠠᠷ ᠰᠢᠷᠣᠢ᠂ ᠠᠰᠠᠷ ᠲᠠᠭᠲᠤ ᠵᠡᠷᠭᠡ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠰᠢᠭᠯᠠᠵᠤ᠂ ᠪᠦᠦ ᠹᠧᠩ ᠤᠨ ᠡᠨᠧᠷᠭᠢ ᠬᠠᠳᠠᠭᠠᠯᠠᠬᠤ᠂ ᠰᠢᠨ ᠵᠢᠶᠧ ᠡᠨᠧᠷᠭᠢ ᠶᠢᠨ ᠺᠤᠮᠫᠠᠨᠢ᠂ ᠳ᠋ᠠᠨ ᠮᠸᠡᠭ ᠳ᠋ᠧ ᠵᠡᠷᠭᠡ ᠠᠵᠤ ᠠᠬᠤᠶᠢᠯᠠᠯ ᠤᠨ ᠶᠡᠷᠦᠩᠬᠡᠢ ᠬᠡᠯᠲᠡᠰ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ ᠰᠠᠭᠤᠷᠢᠰᠢᠭᠤᠯᠤᠨ᠎ᠠ᠃ ᠲᠠᠪᠤ ᠳᠤ᠂ ᠰᠢᠨ᠎ᠡ ᠨᠢᠭᠡ ᠡᠭᠡᠯᠵᠢ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠪᠡᠯᠡ ᠣᠷᠣᠭᠤᠯᠤᠯᠲᠠ ᠶᠢᠨ ᠡᠵᠡᠩᠨᠡᠯᠲᠡ ᠶᠢ ᠵᠢᠷᠤᠮᠵᠢᠭᠤᠯᠤᠨ ᠬᠢᠨᠠᠨ ᠬᠠᠮᠢᠶᠠᠷᠬᠤ ᠶᠢ ᠴᠢᠩᠭᠠᠳᠬᠠᠵᠤ᠂ ᠠᠵᠢᠯ ᠡᠷᠬᠢᠯᠡᠭᠰᠡᠳ ᠤᠨ ᠬᠡᠪᠴᠢᠶ᠎ᠡ᠂ ᠬᠤᠪᠢᠶᠠᠷᠢ ᠺᠣᠮᠫᠠᠨᠢ ᠶᠢᠨ ᠲᠤᠭ᠎ᠠ ᠬᠡᠮᠵᠢᠶ᠎ᠡ᠂ ᠡᠳ᠋ ᠬᠥᠷᠥᠩᠭᠡ ᠶᠢᠨ ᠥᠷᠢᠲᠦᠯ ᠤᠨ ᠨᠤᠷᠮ᠎ᠠ ᠶᠢᠨ ︽ᠭᠤᠷᠪᠠ ᠶᠢ ᠪᠠᠭᠤᠷᠠᠭᠤᠯᠬᠤ︾᠎ ᠶᠢ ᠪᠡᠶᠡᠯᠡᠬᠦᠯᠬᠦ ᠶᠢ  ᠠᠬᠢᠭᠤᠯᠵᠤ᠂ ᠡᠵᠡᠩᠨᠡᠯᠲᠡ ᠶᠢᠨ ᠣᠷᠣᠯᠭ᠎ᠠ᠂ ᠠᠰᠢᠭ ᠭᠠᠶᠢᠯᠢ ᠶᠢ 20%᠎ ᠠᠴᠠ ᠳᠡᠭᠡᠭᠰᠢ ᠨᠡᠮᠡᠭᠳᠡᠭᠦᠯᠵᠦ᠂ ᠠᠵᠤ ᠦᠢᠯᠡᠰ ᠲᠥᠪᠯᠡᠷᠡᠭᠰᠡᠨ᠂ ᠡᠵᠡᠩᠨᠡᠯᠲᠡ ᠲᠣᠭᠲᠠᠭᠤᠨ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠮᠢᠩᠭᠠᠨ ᠳ᠋ᠦᠩᠰᠢᠭᠤᠷ ᠪᠡᠯᠡ ᠬᠥᠷᠥᠩᠭᠡ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠡᠪᠴᠢᠶ᠎ᠡ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃      ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ  ᠪᠦᠷᠢᠯᠳᠦᠬᠦᠯᠦᠨ᠎ᠡ᠃ ᠨᠢᠭᠡ ᠳᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠥᠷᠨᠢᠭᠦᠯᠵᠦ᠂ ᠵᠠᠰᠠᠭ ᠤᠨ ᠣᠷᠳᠣᠨ ᠲᠦᠷᠦᠭᠦᠯᠡᠨ ᠬᠡᠯᠡᠭᠰᠡᠨ ᠢᠶᠠᠨ ᠪᠡᠶᠡᠯᠡᠭᠦᠯᠵᠦ᠂ ︽ᠬᠤᠭᠤᠰᠤᠨ ᠦᠭᠡ︾ ᠭᠠᠷᠭᠠᠬᠤ ᠦᠭᠡᠢ ᠪᠠᠶᠢᠵᠤ᠂ ᠠᠮᠠᠯᠠᠯᠲᠠ ᠪᠠᠨ ᠴᠠᠭ ᠲᠤᠬᠠᠢ ᠳᠤᠨᠢ ᠪᠡᠶᠡᠯᠡᠭᠦᠯᠬᠦ ᠬᠡᠷᠡᠭᠲᠡᠢ᠃ ᠬᠤᠶᠠᠷ ᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠭᠠᠵᠢᠭᠰᠠᠨ ᠬᠠᠮᠢᠶᠠᠷᠤᠯᠳᠠ ᠶᠢ ᠴᠢᠩᠭᠠᠳᠬᠠᠵᠤ᠂ ᠨᠢᠭᠡ ᠪᠦᠯᠦᠭ ︽ᠦᠨᠡᠮᠯᠡᠯ ᠠᠴᠠ ᠬᠡᠯᠳᠦᠷᠢᠬᠦᠯᠵᠦ ᠭᠦᠢᠴᠡᠳᠬᠡᠬᠦ︾ ︽ᠬᠢᠨᠠᠨ ᠬᠠᠷᠭᠤᠭᠤᠯᠤᠯᠳᠠ ᠠᠴᠠ ᠬᠡᠯᠳᠦᠷᠢᠬᠦᠯᠵᠤ ᠡᠳ᠋ᠯᠡᠬᠦ︾ ᠵᠦᠢᠯᠡᠰ ᠢ ᠬᠡᠷᠡᠭᠵᠢᠭᠦᠯᠵᠦ᠂ ᠨᠠᠩ ᠣᠯᠠᠨ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾᠎ ᠶᠢ ᠲᠦᠯᠬᠢᠨ ᠠᠬᠢᠭᠤᠯᠵᠤ᠂ ︽ᠭᠡᠷᠡᠴᠢᠯᠡᠯ ᠠᠪᠬᠤ ᠦᠭᠡᠢ ᠬᠤᠲᠠ︾᠎ ᠶᠢ ᠲᠦᠷᠭᠡᠪᠴᠢᠯᠡᠨ ᠡᠭᠦᠳᠦᠨ ᠪᠠᠶᠢᠭᠤᠯᠤᠨ᠎ᠠ᠃ ᠭᠤᠷᠪᠠ ᠳᠤ᠂ ᠪᠠᠭ᠎ᠠ ᠦᠷᠳᠡᠭ ᠂ ᠪᠠᠭ᠎ᠠ ᠬᠡᠰᠡᠭ ᠢᠶᠠᠷ ᠡᠯ᠎ᠡ ᠲᠦᠷᠦᠯ ᠤᠨ ᠲᠠᠪᠴᠠᠩ ᠤᠨ ᠡᠬᠢ ᠪᠠᠶᠠᠯᠢᠭ ᠢ ᠨᠡᠶᠢᠳᠬᠡᠵᠦ᠂ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠰᠠᠯᠠᠭ᠎ᠠ ᠮᠥᠴᠢᠷ ᠠᠯᠤᠰᠯᠠᠨ ᠬᠠᠮᠲᠤᠪᠠᠷ ᠬᠡᠷᠡᠭᠯᠡᠬᠦ ᠶᠢ ᠠᠬᠢᠭᠤᠯᠵᠤ᠂ ᠲᠦᠷᠭᠡᠨ ᠬᠠᠷᠢᠭᠤᠯᠬᠤ᠂ ᠲᠦᠷᠭᠡᠨ ᠦᠢᠯᠡᠴᠢᠯᠡᠬᠦ ᠶᠢ ᠪᠡᠶᠡᠯᠡᠭᠦᠯᠦᠨ᠎ᠡ᠃ ᠳᠥᠷᠪᠡ ᠳᠤ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠳᠤᠨᠢ ᠰᠢᠢᠳᠪᠦᠷᠢᠯᠡᠬᠦ︾ ᠠᠰᠠᠭᠤᠳᠠᠯ ᠢ ᠰᠢᠢᠳᠪᠦᠷᠢᠯᠡᠬᠦ ᠨᠤᠷᠮ᠎ᠠ ᠪᠠ ᠰᠡᠳᠬᠢᠯ ᠬᠠᠨᠤᠬᠤ ᠨᠤᠷᠮ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ︽ᠲᠠᠩᠰᠠᠨ ᠳᠤ ᠤᠷᠤᠭᠰᠠᠨ︾ ᠤᠴᠢᠷ ᠶᠠᠪᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠢᠢᠳᠪᠦᠷᠢᠯᠡᠵᠦ   ᠲᠠᠭᠤᠰᠬᠠᠨ ᠪᠠᠷᠠᠬᠤ ᠲᠣᠭᠲᠠᠴᠠ ᠶᠢ ᠪᠠᠶᠢᠭᠤᠯᠵᠤ᠂ ᠤᠴᠢᠷ ᠶᠠᠪᠤᠳᠠᠯ ᠢ ᠰᠢᠢᠳᠪᠦᠷᠢᠯᠡᠵᠦ᠂ ᠤᠯᠠᠨ ᠲᠦᠮᠡᠨ ᠰᠡᠳᠬᠢᠯ ᠬᠠᠨᠤᠮᠵᠢᠲᠠᠶ ᠪᠠᠶᠢᠬᠤ ᠶᠢ ᠦᠨᠡᠨ ᠬᠦ ᠪᠡᠶᠡᠯᠡᠭᠦᠯᠦᠨ᠎ᠡ᠃     ︵ᠳᠥᠷᠪᠡ︶ ᠠᠮᠢ ᠠᠬᠤᠢ ᠶᠢᠨ ᠣᠷᠴᠢᠨ ᠲᠤᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠬᠠᠳᠤᠨ ᠭᠤᠣᠯ ᠤᠨ ᠲᠤᠬᠤᠢ ᠶᠢᠨ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠰᠠᠶᠢᠲᠤᠷ ᠬᠢᠨ᠎ᠡ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠭᠤᠯᠠ ᠤᠰᠤ ᠤᠢ ᠰᠢᠭᠤᠢ ᠭᠠᠵᠠᠷ ᠲᠠᠷᠢᠶ᠎ᠠ ᠨᠠᠭᠤᠷ  ᠭᠤᠤᠯ ᠡᠪᠡᠰᠦ ᠪᠡᠯᠴᠢᠭᠡᠷ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ  ᠰᠢᠰᠲ᠋ᠧᠮᠵᠢᠬᠦᠯᠦᠨ ᠵᠠᠰᠠᠬᠤ ᠶᠢ ᠨᠢᠭᠡᠳᠦᠯᠲᠡᠢ ᠲᠥᠯᠥᠪᠯᠡᠨ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠰᠢᠭᠤ ᠶᠢ ᠢᠳᠡᠪᠬᠢᠲᠡᠢ ᠪᠠᠷ ᠡᠭᠦᠳᠦᠨ ᠪᠠᠶᠢᠭᠤᠯᠤᠨ᠎ᠠ᠃      ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠤᠯᠠᠨ ᠠᠷᠭ᠎ᠠ ᠬᠡᠮᠵᠢᠶ᠎ᠡ ᠶᠢ ᠬᠡᠷᠡᠭᠯᠡᠨ᠎ᠡ᠃ ᠨᠢᠭᠡ ᠳᠤ᠂ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠬᠤ ᠪᠠ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠤᠢ ᠰᠢᠭᠤᠢ ᠶᠢ ᠬᠠᠮᠠᠭᠠᠯᠠᠬᠤ᠂ ᠮᠠᠭᠤᠳᠠᠭᠰᠠᠨ ᠤᠢ ᠶᠢ ᠵᠠᠰᠠᠨ ᠰᠡᠷᠭᠦᠭᠡᠬᠦ ᠵᠡᠷᠭᠡ 9 ᠲᠦᠮᠡᠨ ᠮᠦ ᠤᠢ ᠰᠢᠭᠤᠢ ᠶᠢᠨ ᠠᠮᠢ ᠠᠬᠤᠢ ᠶᠢᠨ ᠢᠨᠵᠧᠨᠧᠷᠢᠩ ᠢ ᠪᠡᠶᠡᠯᠡᠭᠦᠯᠵᠦ᠂ ᠬᠥᠮᠥᠨ ᠤ ᠬᠦᠴᠦ ᠪᠠᠷ ᠡᠪᠡᠰᠦ ᠲᠠᠷᠢᠬᠤ᠂ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠬᠦ ᠶᠢ 15 ᠲᠦᠮᠡᠨ ᠮᠦ ᠬᠡᠷᠡᠭᠵᠢᠭᠦᠯᠵᠦ᠂ ᠤᠢ ᠰᠢᠭᠤᠢ ᠡᠪᠡᠰᠦᠨ ᠤ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠤᠨᠢᠨ ᠳᠡᠭᠡᠷ᠎ᠡ ᠨᠢ ᠳᠡᠭᠡᠭᠰᠢᠯᠡᠭᠦᠯᠦᠨ᠎ᠡ᠃ ᠬᠤᠶᠠᠷ ᠲᠤ ᠣᠶ ᠰᠢᠭᠤᠢ ᠡᠯᠡᠰᠦᠨ ᠤ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠴᠢᠴᠠᠷᠭᠠᠨ᠎ᠠ ᠶᠢ 3 ᠲᠦᠮᠡᠨ ᠮᠦ ᠳᠠᠷᠢᠵᠤ ᠥᠭᠡᠷᠡᠴᠢᠯᠡᠨ᠂ ᠳᠠᠬᠢᠨ ᠤᠶᠢᠵᠢᠭᠤᠯᠤᠭᠰᠠᠨ ᠮᠣᠳᠣ᠂ ᠠᠮᠢᠳᠤ ᠪᠣᠳᠠᠰ ᠤᠨ ᠮᠠᠰ ᠢᠶᠠᠷ ᠴᠠᠬᠢᠯᠭᠠᠨ ᠭᠠᠷᠭᠠᠬᠤ᠂ ᠴᠢᠴᠠᠷᠭᠠᠨ᠎ᠠ ᠶᠢᠨ ᠤᠮᠳᠠᠭᠠᠨ ᠤ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠎ᠠ᠃ ᠭᠤᠷᠪᠠ ᠳᠤ᠂ ᠤᠯᠤᠰ ᠤᠨ ᠥᠮᠴᠢᠯᠡᠯ ᠤᠨ ᠤᠢ ᠰᠢᠭᠤᠢ ᠶᠢᠨ ᠲᠠᠯᠠᠪᠠᠢ ᠶᠢᠨ ︽ᠨᠢᠭᠡ ᠲᠠᠯᠠᠪᠠᠢ ᠨᠢᠭᠡ ᠪᠦᠲᠦᠭᠡᠭᠳᠡᠬᠦᠨ︾᠎ ᠤ ᠵᠦᠷᠢᠶᠡᠴᠢᠯᠡᠭᠰᠡᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠤᠯᠠᠭᠠᠨ ᠨᠠᠷᠠᠰᠤ ᠶᠢ ᠵᠠᠯᠭᠠᠬᠤ᠂ ᠬᠡᠭᠡᠷ᠎ᠡ ᠶᠢᠨ ᠲᠢᠲᠢᠮ ᠵᠢᠮᠢᠰ ᠵᠡᠷᠭᠡ ᠣᠨᠴᠠᠯᠢᠭᠲᠤ ᠠᠵᠤ ᠦᠢᠯᠡᠰ ᠢ ᠴᠣᠭᠴᠠᠯᠠᠵᠤ᠂ ᠤᠯᠤᠰ ᠤᠨ ᠥᠮᠴᠢᠯᠡᠯ ᠤᠨ ᠰᠢᠭᠤᠶᠢᠳᠤ ᠣᠷᠣᠨ ᠢ ᠦᠵᠡᠮᠵᠢ ᠶᠢᠨ ᠣᠷᠣᠨ᠂ ᠠᠵᠤ ᠦᠢᠯᠡᠰ ᠤᠨ ᠣᠷᠣᠨ᠂ ᠰᠤᠳᠤᠯᠭᠠᠨ ᠤ ᠬᠦᠷᠢᠶᠡᠯᠡᠩ ᠪᠣᠯᠭᠠᠨ ᠬᠤᠪᠢᠷᠠᠭᠤᠯᠵᠤ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠤᠨ ᠣᠷᠭᠠᠨᠢᠭ ᠨᠢᠭᠡᠳᠦᠯ ᠢ ᠪᠡᠶᠡᠯᠡᠭᠦᠯᠦᠨ᠎ᠡ᠃      ᠭᠤᠣᠯᠳᠠᠯᠭ᠎ᠠ ᠲᠠᠢ ᠬᠦᠷᠢᠶᠡᠨ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠨᠢᠭᠡ ᠳᠤ᠂ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠬᠤ᠂ ᠲᠥᠪ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠰᠡᠷᠡᠮᠵᠢ ᠶᠢᠨ ᠹᠢᠯᠢᠮ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠲᠠᠩᠰᠠᠨ ᠠᠴᠠ ᠠᠷᠢᠯᠭᠠᠬᠤ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠨᠢᠭᠡ ᠡᠭᠡᠯᠵᠢ ᠶᠢᠨ ᠠᠮᠢ  ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠠᠨ ᠪᠠᠶᠢᠴᠠᠭᠠᠯᠳᠠ ᠶᠢ ᠤᠭᠳᠤᠬᠤ ᠠᠵᠢᠯ ᠢ ᠰᠠᠶᠢᠳᠤᠷ ᠬᠢᠨ᠎ᠡ᠃ ᠬᠤᠶᠠᠷ ᠲᠤ᠂ ᠤᠰᠤ ᠶᠢ ᠲᠥᠪᠯᠡᠷᠡᠭᠦᠯᠦᠨ ᠵᠠᠰᠠᠬᠤ ᠶᠢ ᠪᠠᠷᠢᠮᠲᠠᠯᠠᠵᠤ᠂ ᠤᠯᠠᠭᠠᠨᠮᠦ᠋ᠷᠡᠨ ᠭᠤᠣᠯ᠂ ᠲᠡᠮᠡᠭᠡᠨ ᠬᠠᠳᠠᠨ ᠴᠠᠭᠠᠨᠨᠠᠭᠤᠷ ᠪᠣᠯᠣᠨ  ᠤᠯᠠᠭᠠᠨᠨᠠᠭᠤᠷ ᠢ ᠶᠡᠷᠦᠩᠬᠡᠶᠢᠯᠡᠨ ᠵᠠᠰᠠᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠬᠠᠳᠠᠭᠠᠯᠠᠵᠤ ᠪᠠᠶᠢᠭ᠎ᠠ ᠥᠨᠳᠥᠷ ᠳᠠᠪᠤᠰᠤᠲᠤ ᠤᠰᠤ ᠶᠢ ᠪᠦᠬᠦᠨ ᠢ ᠴᠡᠪᠡᠷᠯᠡᠬᠦ ᠶᠢ ᠲᠦᠷᠭᠡᠳᠬᠡᠵᠦ᠂ ᠭᠤᠣᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠬᠦ ᠶᠢ ᠪᠠᠲᠤᠯᠠᠨ᠎ᠠ᠃ ᠭᠤᠷᠪᠠ ᠳᠤ ᠠᠭᠤᠷᠬᠠᠢ ᠶᠢ ᠲᠥᠪᠯᠡᠷᠡᠭᠦᠯᠦᠨ ᠵᠠᠰᠠᠬᠤ ᠶᠢ ᠪᠠᠷᠢᠮᠲᠠᠯᠠᠨ᠂ ᠠᠭᠤᠷᠬᠠᠢ ᠶᠢᠨ ᠣᠷᠴᠢᠨ ᠲᠣᠭᠤᠷᠢᠨ ᠢ ᠲᠥᠪᠯᠡᠷᠡᠭᠦᠯᠦᠨ ᠵᠠᠯᠭᠠᠯᠳᠤᠭᠤᠯᠤᠨ ᠵᠠᠰᠠᠬᠤ ᠶᠢ ᠥᠷᠨᠢᠭᠦᠯᠵᠦ᠂ ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ ᠰᠠᠭᠤᠭᠰᠠᠨ ᠣᠷᠣᠨ ᠤ ᠳᠠᠬᠢᠨ ᠬᠠᠭᠠᠯᠪᠤᠷᠢᠯᠠᠭᠰᠠᠨ ᠣᠷᠣᠨ ᠢ 3.5 ᠲᠦᠮᠡᠨ ᠮᠦ ᠰᠡᠷᠭᠦᠭᠡᠨ ᠵᠠᠰᠠᠵᠤ᠂ ᠶᠢᠨ ᠹᠧᠩ ᠽᠤᠨ ᠽᠤᠤ ᠲᠠ᠂ ᠬᠦᠭᠡᠨ᠋ᠤᠰᠤ ᠵᠡᠷᠭᠡ 5 ᠰᠠᠭᠤᠷᠢ ᠪᠣᠬᠢᠷᠲᠤᠯ ᠦᠭᠡᠢ ᠠᠭᠤᠷᠬᠠᠢ ᠶᠢᠨ ᠨᠡᠶᠢᠲᠡᠯᠢᠭ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ ᠳᠥᠷᠪᠡ ᠳᠤ᠂ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠵᠠᠰᠠᠬᠤ ᠶᠢ ᠪᠠᠷᠢᠮᠲᠠᠯᠠᠵᠤ᠂ ᠤᠯᠠᠭᠠᠨᠮᠦ᠋ᠷᠡᠨ ᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠨᠡᠭᠦᠷᠡᠰᠦᠨ ᠴᠢᠯᠠᠭᠤ ᠪᠠᠷ ᠪᠣᠷᠳᠣᠭᠤᠷ ᠬᠢᠬᠦ᠂ ᠰᠠᠯᠤᠩᠭᠢ ᠳᠠᠪᠬᠤᠷᠭ᠎ᠠ ᠳᠤ ᠡᠭᠡᠳᠡᠩ ᠴᠢᠳᠬᠤᠬᠤ ᠵᠡᠷᠭᠡ ᠨᠢᠭᠡ ᠪᠦᠯᠦᠭ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠬᠡᠷᠡᠭᠵᠢᠭᠦᠯᠦᠨ᠎ᠡ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾᠎ ᠶᠢᠨ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ᠃     ᠡᠷᠴᠢᠮᠯᠢᠭ ᠬᠥᠭᠵᠢᠯᠲᠡ ᠶᠢᠨ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠨ᠎ᠡ᠃ ᠨᠢᠭᠡ ᠳᠤ ᠬᠢᠨᠠᠨ ᠬᠠᠮᠢᠶᠠᠷᠬᠤ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ᠂ ᠡᠨᠧᠷᠭᠢ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠤᠶᠤᠨᠴᠢ ᠬᠢᠨᠠᠨ ᠬᠠᠮᠢᠶᠠᠷᠬᠤ ᠲᠠᠪᠴᠠᠩ ᠢ ᠲᠦᠷᠭᠡᠳᠬᠡᠨ ᠪᠠᠶᠢᠭᠤᠯᠵᠤ᠂ ᠬᠠᠤᠯᠢ ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠢᠯᠡᠷᠡᠭᠦᠯᠵᠦ᠂ ᠴᠠᠭ ᠲᠤᠬᠠᠢ ᠳᠤᠨᠢ ᠰᠢᠢᠳᠪᠦᠷᠢᠯᠡᠵᠦ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠤᠨ᠎ᠠ᠃ ᠬᠤᠶᠠᠷ ᠲᠤ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠵᠦᠪᠰᠢᠶᠡᠷᠡᠭᠡᠳ ᠬᠠᠩᠭᠠᠭᠰᠠᠨ ᠦᠭᠡᠢ᠂ ᠰᠤᠯᠠ ᠲᠠᠯᠪᠢᠵᠤ ᠪᠠᠶᠢᠭ᠎ᠠ ᠭᠠᠵᠠᠷ ᠰᠢᠷᠣᠢ ᠶᠢ 3000 ᠮᠦ ᠰᠢᠢᠳᠪᠦᠷᠢᠯᠡᠵᠦ᠂ ᠬᠥᠭᠵᠢᠯᠲᠡ ᠎ ᠶᠢᠨ ᠣᠷᠣᠨ ᠵᠠᠢ  ᠭᠠᠷᠭᠠᠨ᠎ᠠ᠃ ᠭᠤᠷᠪᠠ ᠳᠤ ᠤᠰᠤ ᠠᠷᠪᠢᠯᠠᠵᠤ ᠤᠰᠤ ᠶᠢ ᠬᠢᠵᠠᠭᠠᠷᠯᠠᠬᠤ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠺᠠᠢ ᠶᠤᠸᠠᠨ ᠵᠠᠮ ᠤᠨ ᠬᠠᠰᠢᠯᠭ᠎ᠠ ᠳᠤ ᠤᠰᠤ ᠬᠠᠳᠠᠭᠠᠯᠠᠵᠤ ᠦᠶᠡᠷ ᠢ ᠲᠣᠬᠢᠷᠠᠭᠤᠯᠬᠤ ᠶᠢ ᠠᠬᠢᠭᠤᠯᠤᠨ᠂ ᠨᠢᠭᠡᠴᠢ GDP᠎ ᠶᠢᠨ ᠤᠰᠤ ᠬᠡᠷᠡᠭᠯᠡᠬᠦ ᠬᠡᠮᠵᠢᠶ᠎ᠡ ᠶᠢ 2%᠎ ᠠᠴᠠ ᠳᠡᠭᠡᠭᠰᠢ ᠪᠠᠭᠤᠷᠠᠭᠤᠯᠵᠤ᠂ ᠤᠯᠤᠰ ᠤᠨ ᠲᠠᠰ ᠤᠨ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠡᠭᠦᠳᠦᠨ ᠪᠠᠶᠢᠭᠤᠯᠤᠨ᠎ᠠ᠃ ᠳᠥᠷᠪᠡ ᠳᠤ᠂ ᠨᠡᠭᠦᠷᠡᠰᠦᠲᠥ᠋ᠷᠥᠭᠴᠢ ᠶᠢᠨ ᠡᠳ᠋ ᠬᠥᠷᠥᠩᠭᠡ ᠶᠢᠨ ᠠᠷᠠᠯᠵᠢᠶ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠲᠤᠭ᠎ᠠ ᠪᠠᠷᠢᠮᠲᠠ ᠶᠢ ᠪᠦᠷᠢᠳᠬᠡᠬᠦ᠂ ᠦᠨ᠎ᠡ ᠲᠣᠭᠲᠠᠭᠠᠨ ᠡᠷᠬᠡ ᠣᠯᠭᠤᠬᠤ᠂ ᠨᠢᠭᠡᠳᠦᠯᠲᠡᠢ ᠬᠠᠮᠢᠶᠠᠷᠬᠤ ᠨᠡᠭᠦᠷᠡᠰᠦᠲᠥ᠋ᠷᠥᠭᠴᠢ ᠶᠢᠨ ᠡᠳ᠋ ᠬᠥᠷᠥᠩᠭᠡ ᠶᠢᠨ ᠠᠷᠠᠯᠵᠢᠶ᠎ᠠ ᠶᠢᠨ ᠲᠠᠪᠴᠠᠩ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ ᠠᠷᠠᠯᠵᠢᠶ᠎ᠠ᠂ ᠨᠡᠭᠦᠷᠡᠰᠦᠲᠥ᠋ᠷᠥᠭᠴᠢ ᠶᠢᠨ ᠦᠨ᠎ᠡ ᠲᠣᠭᠲᠠᠭᠠᠬᠤ᠂ ᠨᠡᠭᠦᠷᠡᠰᠦᠲᠥ᠋ᠷᠥᠭᠴᠢ ᠶᠢᠨ ᠮᠥᠩᠭᠦᠨ ᠭᠦᠢᠯᠭᠡᠭᠡᠨ ᠤ ᠵᠢᠱᠢᠶ᠎ᠡ ᠦᠵᠡᠭᠦᠯᠬᠦ ᠵᠠᠭᠪᠤᠷ ᠢ ᠥᠨᠳᠥᠷ ᠪᠠᠷᠢᠮᠵᠢᠶ᠎ᠠ ᠪᠠᠷ ᠪᠣᠶ ᠪᠣᠯᠭᠠᠨ᠎ᠠ᠃     ︵ᠲᠠᠪᠤ︶ ᠲᠤᠳᠠᠭᠳᠠᠯ ᠢ ᠨᠥᠬᠦᠪᠦᠷᠢᠯᠡᠵᠦ ᠶᠠᠰᠤ ᠴᠢᠨᠠᠷ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠭ᠎ᠠ ᠠᠮᠤᠷ ᠰᠡᠳᠬᠢᠯ ᠲᠠᠭᠠᠯᠠᠮᠵᠢᠲᠠᠢ ᠬᠤᠲᠠ ᠶᠢ ᠪᠦᠲᠦᠭᠡᠨ ᠪᠠᠶᠢᠭᠤᠯᠤᠨ᠎ᠠ᠃ ︽ᠬᠠᠳᠠᠭᠤ ᠴᠢᠩᠭ᠎ᠠ ᠵᠣᠷᠢᠭ ᠰᠠᠨᠠᠭ᠎ᠠ︾᠎ ᠪᠠᠷ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ ︽ᠤᠷᠠᠨ ᠳᠠᠷᠬᠠᠨ ᠤ ᠵᠣᠷᠢᠭ ᠰᠠᠨᠠᠭ᠎ᠠ︾᠎ ᠪᠠᠷ ᠶᠠᠰᠤ ᠴᠢᠨᠠᠷ ᠢ ᠳᠡᠭᠡᠭᠰᠢᠯᠡᠭᠦᠯᠵᠦ᠂ ᠬᠤᠳᠠ ᠶᠢᠨ ᠠᠮᠢᠳᠤᠷᠠᠯ ᠢ ᠨᠡᠩ ᠰᠠᠶᠢᠨ ᠰᠠᠶᠢᠬᠠᠨ᠂ ᠠᠷᠠᠳ ᠤᠯᠠᠨ ᠢ ᠨᠡᠩ ᠵᠣᠯ ᠵᠢᠷᠭᠠᠯ ᠲᠠᠢ ᠪᠤᠯᠭᠠᠨ᠎ᠠ᠃     ᠲᠡᠦᠬᠡᠨ ᠠᠴᠠ ᠦᠯᠡᠳᠡᠭᠳᠡᠰᠡᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠨ᠎ᠡ᠃ ᠨᠢᠭᠡ ᠳᠤ ᠬᠤᠲᠠ ᠶᠢᠨ ᠦᠯᠡᠳᠡᠭᠳᠡᠯ ᠠᠰᠠᠭᠤᠳᠠᠯ ᠢ ᠶᠡᠭᠡ ᠪᠠᠷ ᠰᠢᠢᠳᠪᠦᠷᠢᠯᠡᠵᠦ᠂ ᠶᠢᠨ ᠵᠢᠢ ᠲᠣᠭᠤᠷᠢᠭ᠂ ᠨᠡᠶᠢᠲᠡ ᠶᠢᠨ ᠠᠰᠠᠷᠠᠮᠵᠢ ᠶᠢᠨ ᠨᠤᠷᠠᠭᠠᠵᠤ ᠨᠡᠭᠦᠯᠭᠡᠭᠰᠡᠨ ᠵᠡᠷᠭᠡ ᠦᠯᠡᠳᠡᠭᠰᠡᠨ 126 ᠡᠷᠦᠬᠡ ᠰᠠᠭᠤᠭᠠᠯᠢ ᠠᠷᠠᠳ ᠢ ᠪᠤᠴᠠᠭᠠᠨ ᠨᠡᠭᠦᠯᠭᠡᠵᠦ ᠲᠥᠪᠬᠢᠨᠡᠭᠦᠯᠬᠦ ᠶᠢ ᠪᠥᠬᠦ ᠲᠠᠯ᠎ᠠ ᠪᠠᠷ ᠪᠡᠶᠡᠯᠡᠭᠦᠯᠵᠦ᠂ ᠢ ᠯᠢ ᠢ ᠬᠤᠤ ᠶᠤᠸᠠᠨ᠂ ᠴᠸᠡᠭ ᠲᠸᠤ ᠰᠢᠤᠸᠠᠢ ᠶᠤᠸᠠᠨ ᠵᠡᠷᠭᠡ ᠪᠠᠳᠤᠯᠠᠭ᠎ᠠ ᠲᠠᠢ ᠪᠠᠷ ᠲᠤᠰᠢᠶᠠᠬᠤ ᠠᠰᠠᠷ ᠤᠨ ᠲᠥᠷᠥᠯ ᠵᠦᠢᠯ ᠢ ᠪᠦᠬᠦᠨ ᠢ ᠪᠠᠷᠢᠯᠭ᠎ᠠ ᠳᠠᠭᠤᠰᠬᠠᠵᠤ ᠭᠡᠷ ᠪᠠᠶᠢᠰᠢᠩ ᠢᠶᠠᠨ ᠲᠤᠰᠢᠶᠠᠬᠤ ᠶᠢ ᠦᠨᠡᠨ ᠬᠦ ᠪᠠᠲᠤᠯᠠᠨ᠎ᠠ᠃ ᠠᠭᠤᠷᠬᠠᠢ ᠶᠢᠨ ᠣᠷᠣᠨ ᠤ ᠠᠷᠠᠳ ᠢ ᠨᠡᠭᠦᠯᠭᠡᠨ ᠲᠥᠪᠬᠢᠨᠡᠭᠦᠯᠬᠦ 2280 ᠢᠵᠢ ᠭᠡᠷ ᠪᠠᠶᠢᠰᠢᠩ ᠢ ᠰᠢᠨ᠎ᠡ ᠪᠠᠷ ᠪᠠᠶᠢᠭᠤᠯᠵᠤ᠂ ︽ᠭᠡᠷ ᠪᠠᠶᠢᠰᠢᠩ ᠬᠦᠯᠢᠶᠡᠬᠦ︾᠎  ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ ᠬᠤᠶᠠᠷ ᠲᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠲᠥᠪᠯᠡᠷᠡᠭᠦᠯᠦᠨ ᠵᠠᠰᠠᠵᠤ᠂ ᠪᠥᠬᠦ ᠬᠤᠰᠢᠭᠤᠨ ᠤ ᠭᠠᠯ ᠤᠨᠳᠠᠷᠠᠭᠠᠯᠳᠠ ᠶᠢᠨ ᠰᠢᠯᠭᠠᠨ ᠬᠢᠨᠠᠯᠳᠠ ᠬᠢᠭᠰᠡᠨ ᠦᠬᠡᠢ ᠲᠠᠩᠰᠠ ᠲᠡᠮᠳᠡᠭᠯᠡᠯ ᠲᠠᠢ ᠭᠤᠣᠯᠳᠠᠯᠭ᠎ᠠ ᠲᠠᠢ 298 ᠭᠠᠵᠠᠷ ᠢ ᠲᠥᠪᠯᠡᠷᠡᠭᠦᠯᠦᠨ ᠵᠠᠰᠠᠵᠤ᠂ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠡᠮ ᠰᠣᠭᠤᠭ ᠢ ᠪᠦᠭᠦ ᠲᠠᠯ᠎ᠠ ᠪᠠᠷ ᠠᠷᠢᠯᠭᠠᠨ᠎ᠠ᠃ ᠭᠤᠷᠪᠠ ᠳᠤ ᠠᠳᠠᠯ ᠠᠬᠤᠢ ᠶᠢᠨ ᠬᠠᠮᠢᠶᠠᠷᠤᠯᠲᠠ ᠶᠢᠨ ᠠᠰᠠᠭᠤᠳᠠᠯ ᠢ ᠲᠤᠰᠬᠠᠶᠢᠯᠠᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠠᠳᠠᠯ ᠠᠬᠤᠢ ᠶᠢᠨ ᠦᠢᠯᠡᠴᠢᠯᠡᠭᠡᠨ ᠤ ᠰᠢᠯᠭᠠᠨ ᠬᠢᠨᠠᠬᠤ ︽ᠴᠢᠩᠭ᠎ᠠ ᠪᠠᠷᠢᠮᠵᠢᠶ᠎ᠠ︾ ᠪᠠ ᠠᠳᠠᠯ ᠠᠬᠤᠢ ᠶᠢᠨ ᠠᠵᠤ ᠠᠬᠤᠶᠢᠯᠠᠯ ᠤᠨ ︽ᠬᠠᠷ᠎ᠠ ᠲᠠᠩᠰᠠ︾᠎ ᠶᠢ ᠨᠡᠶᠢᠳᠡᠯᠡᠵᠦ᠂ ᠣᠯᠠᠨ ᠨᠡᠶᠢᠲᠡ ᠶᠢᠨ ᠲᠥᠬᠦᠭᠡᠷᠦᠮᠵᠢ ᠶᠢ ᠴᠠᠭ ᠲᠤᠬᠠᠢ ᠳᠤᠨᠢ ᠬᠠᠮᠠᠭᠠᠯᠠᠭᠰᠠᠨ ᠦᠭᠡᠢ᠂ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢ ᠨᠡᠭᠦᠯᠭᠡᠨ ᠬᠡᠷᠡᠭᠯᠡᠭᠰᠡᠨ ᠵᠡᠷᠭᠡ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠣᠯᠠᠨ ᠲᠦᠮᠡᠨ ᠳᠤ ᠪᠠᠷᠢᠮᠵᠢᠶᠠᠵᠢᠭᠰᠠᠨ ᠴᠢᠨᠠᠷ ᠰᠠᠶᠢᠲᠠᠢ ᠠᠳᠠᠯ ᠠᠬᠤᠢ ᠶᠢᠨ ᠦᠢᠯᠡᠴᠢᠯᠡᠭᠡ ᠶᠢ ᠬᠠᠩᠭᠠᠨ᠎ᠠ᠃ ᠪᠤᠢ ᠪᠦᠬᠦᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠨᠠᠷᠢᠨ ᠳᠠᠩᠰᠠ ᠪᠠᠷ ᠬᠠᠮᠢᠶᠠᠷᠴᠤ᠂ ᠲᠤᠰᠬᠠᠢ ᠠᠩᠭᠢ ᠪᠠᠷ ᠴᠡᠭᠴᠡᠯᠡᠨ ᠠᠬᠢᠭᠤᠯᠵᠤ᠂ ᠡᠴᠦᠰ ᠲᠤᠨᠢ ᠲᠤᠯᠲᠠᠯ᠎ᠠ ᠠᠳᠬᠤᠬᠤ ᠬᠡᠷᠡᠭᠲᠡᠢ᠃      ᠤᠰᠤ ᠴᠠᠬᠢᠯᠭᠠᠨ ᠬᠡᠢ ᠪᠠᠷ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠨ ᠪᠠᠲᠤᠯᠠᠨ᠎ᠠ᠃ ᠳᠤᠯᠠᠭᠠᠯᠠᠬᠤ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ︽ᠳᠥᠷᠪᠡᠨ ᠪᠠᠲᠤᠯᠠᠭ᠎ᠠ︾᠎ ᠶᠢᠨ ᠠᠵᠢᠯᠯᠠᠭ᠎ᠠ ᠶᠢ ᠲᠣᠪᠣᠶᠢᠮ᠎ᠠ ᠰᠠᠶᠢᠲᠤᠷ ᠠᠳᠬᠤᠵᠤ᠂ ᠬᠠᠪᠤᠷ ᠤᠨ ᠡᠬᠢ ᠪᠠᠷ ᠠᠵᠢᠯ ᠢᠶᠠᠨ ᠡᠬᠢᠯᠡᠭᠦᠯᠵᠦ᠂ ᠵᠢᠯ ᠤᠨ ᠳᠣᠲᠣᠷ᠎ᠠ ᠪᠦᠬᠦᠨ ᠢ ᠳᠠᠭᠤᠰᠬᠠᠵᠤ᠂ ᠳᠤᠯᠠᠭᠠᠯᠠᠭ᠎ᠠ᠂ ᠤᠰᠤ᠂ ᠴᠠᠬᠢᠯᠭᠠᠨ᠂ ᠰᠢᠲᠠᠮᠠᠬᠠᠢ ᠬᠡᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠢᠭᠡ ᠳᠤ᠂ ᠠᠯᠳᠠᠨᠰᠢᠷᠡᠭᠡ ᠪᠠᠯᠭᠠᠰᠤᠨ ᠤ ᠭᠤᠣᠯ ᠬᠤᠲᠠ ᠲᠣᠭᠤᠷᠢᠭ᠂ ᠨᠢᠰᠬᠡᠯ ᠤᠨ ᠪᠠᠭᠤᠳᠠᠯ ᠤᠨ ᠠᠵᠤ ᠠᠬᠤᠢ ᠶᠢᠨ ᠲᠣᠭᠤᠷᠢᠭ ᠤᠨ ᠤᠶᠢᠷ᠎ᠠ ᠬᠠᠪᠢ ᠶᠢᠨ ᠢᠯᠴᠢ ᠬᠠᠩᠭᠠᠬᠤ ᠬᠤᠭᠤᠯᠠᠢ ᠶᠢᠨ ᠲᠣᠣᠷ ᠢ ᠰᠢᠰᠲ᠋ᠧᠮ ᠲᠠᠢ ᠥᠭᠡᠷᠡᠴᠢᠯᠡᠵᠦ᠂ ᠬᠢᠶ᠎ᠠ ᠪᠠᠭᠰᠢ ᠲᠣᠭᠤᠷᠢᠭ ᠲᠠᠢ ᠠᠯᠬᠤᠮ ᠠᠯᠬᠤᠮ ᠢᠶᠠᠷ ᠬᠤᠯᠪᠣᠯᠳᠤᠨ ᠨᠡᠪᠲᠡᠷᠡᠯᠴᠡᠵᠦ᠂ ᠵᠢᠦ ᠲᠠᠢ ᠶᠢᠨ 4×100 ᠰᠠᠶ᠎ᠠ ᠸᠠᠲ ᠤᠨ ᠠᠷᠤ ᠳᠠᠷᠤᠯᠲᠠᠲᠤ ᠮᠠᠰᠢᠨ ᠴᠣᠭᠴᠠᠯᠠᠪᠤᠷᠢ ᠶᠢᠨ ᠲᠥᠷᠥᠯ ᠵᠦᠢᠯ ᠢ ᠡᠪᠦᠯ ᠤᠨ ᠤᠯᠠᠷᠢᠯ ᠤᠨ ᠢᠯᠴᠢ ᠬᠠᠩᠭᠠᠬᠤ ᠠᠴᠠ ᠡᠮᠦᠨ᠎ᠡ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠵᠤ᠂ ᠬᠤᠭᠤᠯᠠᠢ ᠶᠢᠨ ᠲᠣᠣᠷ ᠤᠨ ᠬᠠᠭᠤᠴᠢᠷᠠᠭᠰᠠᠨ᠂ ᠢᠯᠴᠢ ᠶᠢᠨ ᠢᠷᠡᠯᠲᠡ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ᠃ ᠬᠤᠶᠠᠷ ᠲᠤ᠂ ᠬᠦᠡᠭ ᠤᠨ ᠵᠤᠤ᠂ ᠤᠯᠠᠭᠠᠨ ᠨᠠᠭᠤᠷ ᠤᠨ ᠤᠰᠤᠨ ᠰᠤᠷᠪᠤᠯᠵᠢ ᠶᠢᠨ ᠭᠠᠵᠠᠷ ᠪᠣᠯᠣᠨ ᠱᠧᠨ ᠳ᠋ᠦᠩ ᠤᠨ ᠤᠯᠠᠭᠠᠨ ᠮᠥᠷᠡᠨ ᠤᠰᠤ ᠳᠠᠮᠵᠢᠭᠤᠯᠬᠤ ᠬᠤᠭᠤᠯᠠᠢ ᠶᠢᠨ ᠱᠤᠭᠤᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ 2 ᠥᠨᠳᠥᠷ ᠪᠠᠶᠢᠷᠢ ᠲᠠᠢ ᠤᠰᠤ ᠬᠠᠳᠠᠭᠠᠯᠠᠬᠤ ᠴᠥᠭᠦᠷᠥᠮ ᠢ ᠰᠢᠨ᠎ᠡ ᠪᠠᠷ ᠪᠠᠶᠢᠭᠤᠯᠵᠤ᠂ ᠡᠳᠦᠷ ᠤᠨ ᠤᠰᠤ ᠬᠠᠩᠭᠠᠬᠤ ᠴᠢᠳᠠᠪᠤᠷᠢ ᠶᠢ 3 ᠲᠦᠮᠡᠨ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠂ ᠠᠯᠳᠠᠨᠰᠢᠷᠡᠭᠡ᠂  ᠤᠯᠠᠭᠠᠨᠮᠦ᠋ᠷᠡᠨ ᠪᠠᠯᠭᠠᠰᠤ ᠶᠢᠨ ᠤᠰᠤᠨ ᠤ ᠰᠤᠷᠪᠤᠯᠵᠢ ᠬᠦᠷᠦᠯᠴᠡᠬᠦ ᠦᠭᠡᠢ᠂ ᠤᠰᠤ ᠳᠠᠮᠵᠢᠭᠤᠯᠬᠤ ᠴᠢᠳᠠᠪᠤᠷᠢ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠭᠤᠷᠪᠠ ᠳᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠬᠡᠷᠡᠭᠴᠡᠭᠡ ᠶᠢᠨ ᠲᠣᠭᠤᠷᠢᠨ ᠳᠤ᠂ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ 700 ᠴᠠᠬᠢᠯᠭᠠᠨ ᠴᠡᠨᠡᠭᠯᠡᠬᠦ ᠪᠠᠭᠠᠨ᠎ᠠ ᠶᠢ ᠰᠢᠨ᠎ᠡ ᠪᠠᠷ ᠪᠠᠶᠢᠭᠤᠯᠤᠨ᠎ᠠ᠃ ᠳᠥᠷᠪᠡ ᠳᠤ᠂ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠪᠣᠯᠣᠨ ᠣᠶᠤᠨᠴᠢᠯᠠᠭᠰᠠᠨ ᠥᠭᠡᠷᠡᠴᠢᠯᠡᠯᠲᠡ ᠶᠢ ᠲᠦᠷᠭᠡᠳᠬᠡᠵᠦ᠂ ᠡᠵᠡᠩᠨᠡᠯᠲᠡ ᠶᠢᠨ ᠳᠡᠯᠭᠡᠭᠦᠷ ᠤᠨ ᠬᠠᠮᠢᠶᠠᠷᠤᠯᠳᠠ ᠶᠢ ᠪᠦᠬᠦ ᠲᠠᠯ᠎ᠠ ᠪᠠᠷ ᠠᠬᠢᠭᠤᠯᠵᠤ᠂ ᠥᠭᠡᠷᠡᠴᠢᠯᠡᠬᠦ ᠶᠣᠰᠣᠲᠠᠢ᠂ ᠥᠭᠡᠷᠡᠴᠢᠯᠡᠵᠦ ᠪᠣᠯᠬᠤ ᠶᠢ ᠨᠢ ᠪᠦᠬᠦᠨ ᠢ ᠥᠭᠡᠷᠡᠴᠢᠯᠡᠨ᠎ᠡ᠃      ᠬᠤᠳᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠴᠢᠨᠠᠷ ᠲᠡᠰ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠨᠢᠭᠡ ᠳᠤ᠂ ᠬᠤᠲᠠ ᠶᠢᠨ ᠴᠢᠳᠠᠮᠵᠢ ᠶᠢᠨ ᠲᠤᠳᠠᠭᠳᠠᠯ ᠢ ᠨᠥᠬᠦᠪᠦᠷᠢᠯᠡᠵᠦ᠂ ᠠᠯᠳᠠᠨᠰᠢᠷᠡᠭᠡ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠨ ᠪᠠᠶᠢᠭᠤᠯᠵᠤ᠂ ᠤᠯᠠᠭᠠᠨ ᠤ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠨᠤᠷᠠᠭᠠᠵᠤ ᠨᠡᠭᠦᠯᠭᠡᠬᠦ ᠶᠢ ᠪᠡᠶᠡᠯᠡᠭᠦᠯᠵᠦ᠂ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶ᠎ᠠ᠂ ᠬᠠᠶᠠᠭᠳᠠᠮᠠᠯ ᠡᠳ᠋ ᠢ ᠬᠤᠷᠢᠶᠠᠨ ᠠᠪᠬᠤ ᠪᠠ ᠪᠣᠯᠣᠳ ᠮᠠᠲ᠋ᠧᠷᠢᠶᠠᠯ ᠤᠨ ᠵᠠᠬ᠎ᠠ ᠳᠡᠯᠭᠡᠭᠦᠷ ᠢ ᠪᠠᠶᠢᠷᠢᠯᠠᠭᠤᠯᠤᠨ ᠪᠦᠲᠦᠭᠡᠨ ᠪᠠᠶᠢᠭᠤᠯᠤᠨ᠎ᠠ᠃ ᠮᠢᠩ ᠵᠦ ᠬᠤᠸᠠ ᠶᠤᠸᠠᠨ᠂ ᠰᠢᠨ ᠶᠠ ᠶᠤᠸᠠᠨ ᠵᠡᠷᠭᠡ 14 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠵᠦ᠂ ᠨᠢᠭᠡ ᠪᠦᠯᠦᠭ ᠨᠡᠶᠢᠲᠡᠯᠢᠭ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠢ ᠪᠠᠶᠢᠭᠤᠯᠤᠨ᠎ᠠ᠃ ᠬᠤᠶᠠᠷ ᠲᠤ᠂ ᠣᠶᠤᠨᠲᠤ ᠬᠤᠳᠠ ᠶᠢᠨ ᠶᠠᠪᠤᠳᠠᠯ ᠤᠨ ᠠᠮᠤᠷ ᠲᠦᠪᠰᠢᠨ ᠤ ᠠᠮᠢ ᠨᠠᠰᠤᠨ ᠤ ᠱᠤᠭᠤᠮ ᠤᠨ ᠢᠨᠵᠧᠨᠧᠷᠢᠩ ᠢ ᠬᠡᠷᠡᠭᠵᠢᠭᠦᠯᠵᠦ᠂ ᠬᠤᠳᠠ ᠶᠢᠨ ᠮᠡᠳᠡᠭᠡ ᠵᠠᠩᠭᠢ ᠶᠢᠨ ᠵᠠᠭᠪᠤᠷ ᠤᠨ ᠰᠠᠭᠤᠷᠢ ᠲᠠᠪᠴᠠᠩ ᠤᠨ ᠴᠢᠳᠠᠮᠵᠢ ᠶᠢ ᠰᠢᠯᠢᠳᠡᠭᠵᠢᠭᠦᠯᠵᠦ᠂ ᠬᠤᠳᠠ ᠶᠢᠨ ᠠᠵᠢᠯᠯᠠᠭᠠᠨ ᠤ ︽ᠨᠢᠭᠡ ᠰᠦᠯᠵᠢᠶ᠎ᠡ ᠪᠠᠷ ᠬᠠᠮᠢᠶᠠᠷᠬᠤ︾ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠭᠤᠷᠪᠠ ᠳᠤ ᠬᠤᠲᠠ ᠶᠢᠨ ᠴᠡᠴᠡᠷᠯᠢᠭ ᠤᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠱᠦᠢ ᠠᠨ ᠰᠢᠨ᠎ᠡ ᠬᠤᠲᠠ ᠶᠢᠨ ᠪᠡᠶ᠎ᠡ ᠶᠢᠨ ᠲᠠᠮᠢᠷ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠵᠤ᠂ ᠪᠠᠷᠠᠭᠤᠨ ᠠᠭᠤᠯᠠ ᠶᠢᠨ ᠲᠤᠭᠤᠷᠢᠭ ᠵᠡᠷᠭᠡ 5 ᠪᠠᠭ᠎ᠠ ᠬᠡᠯᠪᠡᠷᠢ ᠶᠢᠨ ᠴᠡᠴᠡᠷᠯᠢᠭ ᠢ ᠰᠢᠨ᠎ᠡ ᠪᠠᠷ ᠪᠠᠶᠢᠭᠤᠯᠵᠤ ᠥᠭᠡᠷᠡᠴᠢᠯᠡᠨ᠂ 25 ᠲᠦᠮᠡᠨ ᠲᠡᠭᠰᠢ ᠳᠥᠷᠪᠡᠯᠵᠢᠨ ᠮᠧᠲᠷ ᠨᠣᠭᠤᠭᠠᠨ ᠭᠠᠵᠠᠷ ᠤᠨ ᠲᠠᠯᠠᠪᠠᠶ ᠶᠢ ᠰᠢᠨ᠎ᠡ ᠪᠠᠷ ᠥᠭᠡᠷᠡᠴᠢᠯᠡᠨ ᠪᠠᠶᠢᠭᠤᠯᠤᠨ᠎ᠠ᠃ 24 ᠴᠠᠭ ᠤᠨ ᠴᠡᠴᠡᠷᠯᠢᠭ ᠤᠨ ᠳᠠᠪᠲᠠᠯᠭ᠎ᠠ ᠶᠢᠨ ᠦᠷᠦᠭᠡ᠂ ᠪᠠᠭ᠎ᠠ ᠬᠡᠯᠪᠡᠷᠢ ᠶᠢᠨ ᠪᠡᠶ᠎ᠡ ᠶᠢᠨ ᠲᠠᠮᠢᠷ ᠤᠨ ᠲᠠᠯᠠᠪᠠᠢ᠂ ᠪᠠᠭ᠎ᠠ ᠬᠡᠯᠪᠡᠷᠢ ᠶᠢᠨ ᠵᠤᠭ᠎ᠠ ᠴᠡᠩᠭᠡᠯ ᠤᠨ ᠲᠠᠯᠠᠪᠠᠢ ᠵᠡᠷᠭᠡ ᠴᠢᠳᠠᠮᠵᠢᠲᠤ ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠨᠢᠭᠡ ᠪᠦᠯᠦᠭ ᠬᠤᠳᠠ ᠶᠢᠨ ᠰᠡᠯᠡᠭᠦᠴᠡᠯ ᠤᠨ ᠣᠷᠣᠨ ᠵᠠᠢ ᠶᠢ ᠪᠤᠢ ᠪᠣᠯᠭᠠᠵᠤ᠂ ᠥᠷᠭᠡᠨ ᠤᠯᠠᠨ ᠲᠦᠮᠡᠨ ᠎ ᠤ ᠰᠡᠳᠬᠢᠯ ᠳᠤ ᠲᠠᠭᠠᠯᠠᠮᠵᠢᠲᠠᠢ  ᠴᠡᠴᠡᠷᠯᠢᠭ ᠢ  ᠪᠠᠶᠢᠭᠤᠯᠤᠨ᠎ᠠ᠃       ︵ᠵᠢᠷᠭᠤᠭ᠎ᠠ︶ ︽ᠮᠢᠩᠭᠠᠨ ᠲᠤᠰᠬᠤᠨ ᠢᠶᠠᠷ ᠲᠠᠭᠤᠷᠢᠶᠠᠯ ᠦᠵᠡᠬᠦᠯᠵᠦ ᠲᠦᠮᠡᠨ ᠲᠤᠰᠬᠤᠨ ᠢ ᠴᠡᠭᠴᠡᠯᠡᠨ ᠵᠠᠰᠠᠬᠤ ᠢᠨᠵᠧᠨᠧᠷᠢᠩ ︾᠎ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠠᠯᠬᠤᠮ ᠳᠠᠷᠠᠭ᠎ᠠ ᠲᠠᠢ ᠪᠠᠷ ᠤᠷᠤᠭᠰᠢᠯᠠᠵᠤ᠂ ᠥᠨᠢ ᠤᠳᠠᠭᠠᠨ ᠴᠢᠷᠮᠠᠶᠢᠨ᠂ ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ ᠠᠵᠤ ᠦᠢᠯᠡᠰ ᠢ ᠬᠦᠴᠦᠷᠬᠡᠭᠵᠢᠭᠦᠯᠵᠦ᠂ ᠨᠢᠭᠡ ᠪᠦᠯᠦᠭ ᠪᠡᠯᠡᠳᠬᠡᠮᠵᠢ ᠶᠢ ᠲᠡᠭᠦᠯᠳᠡᠷᠵᠢᠭᠦᠯᠦᠨ᠂ ᠨᠢᠭᠡ ᠪᠦᠯᠦᠭ ᠵᠢᠱᠢᠶ᠎ᠡ ᠦᠵᠡᠭᠦᠯᠬᠦ ᠲᠣᠰᠬᠤᠨ ᠢ ᠪᠣᠶ ᠪᠣᠯᠭᠠᠵᠤ᠂ ᠪᠥᠬᠦ ᠣᠷᠣᠨ ᠤ ︽ᠮᠢᠩᠭᠠᠨ ᠲᠤᠰᠬᠤᠨ ᠢᠶᠠᠷ ᠲᠠᠭᠤᠷᠢᠶᠠᠯ ᠦᠵᠡᠬᠦᠯᠵᠦ ᠲᠦᠮᠡᠨ ᠲᠤᠰᠬᠤᠨ ᠢ ᠴᠡᠭᠴᠡᠯᠡᠨ ᠵᠠᠰᠠᠬᠤ ᠢᠨᠵᠧᠨᠧᠷᠢᠩ︾᠎ ᠤᠨ ᠲᠤᠷᠰᠢᠯᠲᠠ ᠶᠢᠨ ᠴᠢᠭ᠋ ᠤᠨ ᠬᠤᠰᠢᠭᠤ ᠶᠢ ᠪᠦᠲᠦᠭᠡᠨ ᠪᠠᠶᠢᠭᠤᠯᠤᠨ᠎ᠠ᠃      ︽ᠮᠢᠩᠭᠠᠨ ᠲᠤᠰᠬᠤᠨ ᠢᠶᠠᠷ ᠲᠠᠭᠤᠷᠢᠶᠠᠯ ᠦᠵᠡᠬᠦᠯᠵᠦ ᠲᠦᠮᠡᠨ ᠲᠤᠰᠬᠤᠨ ᠢ ᠴᠡᠭᠴᠡᠯᠡᠨ ᠵᠠᠰᠠᠬᠤ ᠢᠨᠵᠧᠨᠧᠷᠢᠩ ︾᠎ ᠎ ᠤᠨ ᠵᠢᠱᠢᠶ᠎ᠡ ᠦᠵᠡᠭᠦᠯᠬᠦ ᠶᠢ ᠲᠦᠯᠬᠢᠨ ᠠᠬᠢᠭᠤᠯᠤᠨ᠎ᠠ᠃ ᠬᠦᠳᠡᠭᠡ ᠲᠣᠰᠬᠤᠨ ᠤ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠬᠥᠭᠵᠢᠯᠲᠡ ᠶᠢᠨ ᠴᠢᠭᠯᠡᠯ ᠢ ᠲᠣᠳᠣᠷᠬᠠᠶᠢᠯᠠᠵᠤ᠂ ︽ᠮᠢᠩᠭᠠᠨ ᠲᠤᠰᠬᠤᠨ ᠢᠶᠠᠷ ᠲᠠᠭᠤᠷᠢᠶᠠᠯ ᠦᠵᠡᠬᠦᠯᠵᠦ ᠲᠦᠮᠡᠨ ᠲᠤᠰᠬᠤᠨ ᠎ ᠢ ᠴᠡᠭᠴᠡᠯᠡᠨ ᠵᠠᠰᠠᠬᠤ ᠢᠨᠵᠧᠨᠧᠷᠢᠩ︾᠎ ᠢ ᠦᠨᠡᠨᠬᠦ ᠲᠣᠰᠬᠤᠨ ᠤ ᠠᠷᠠᠳ ᠣᠷᠣᠯᠴᠠᠬᠤ᠂ ᠵᠣᠯ ᠵᠢᠷᠭᠠᠯ ᠢ ᠬᠠᠮᠲᠤᠪᠠᠷ ᠪᠠᠶᠢᠭᠤᠯᠬᠤ᠂ ᠨᠤᠲᠤᠭ ᠤᠰᠤ ᠪᠠᠨ ᠮᠦᠷᠦᠭᠡᠳᠬᠦ ᠶᠠᠪᠤᠴᠠ ᠪᠣᠯᠭᠠᠨ ᠨᠠᠶᠢᠳᠠᠪᠤᠷᠢᠵᠢᠭᠤᠯᠵᠤ᠂ ᠨᠢᠭᠡ ᠪᠦᠯᠦᠭ ᠦᠵᠡᠰᠬᠦᠯᠡᠩᠲᠦ ᠰᠠᠶᠢᠬᠠᠨ ᠲᠣᠰᠬᠤᠨ᠂ ᠵᠣᠯ ᠵᠢᠷᠭᠠᠯᠲᠤ ᠲᠣᠰᠬᠤᠨ᠂ ᠢᠷᠡᠭᠡᠳᠦᠢ ᠲᠣᠰᠬᠤᠨ ᠢ ᠪᠦᠲᠦᠭᠡᠨ ᠪᠠᠶᠢᠭᠤᠯᠤᠨ᠎ᠠ᠃ ᠨᠢᠭᠡ ᠳᠤ᠂ ᠳᠦᠷᠦᠯ ᠬᠤᠪᠢᠶᠠᠨ ᠳᠦᠷᠦ ᠶᠢᠨ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠠᠯᠳᠠᠨᠰᠢᠷᠡᠭᠡ ᠪᠠᠯᠭᠠᠰᠤ ᠶᠢᠨ ᠭᠤᠣᠯ ᠬᠤᠲᠠ ᠶᠢᠨ ᠲᠣᠭᠤᠷᠢᠨ ᠳᠤ ᠬᠤᠲᠠ ᠶᠢᠨ ᠲᠡᠭᠦᠷᠭᠡ ᠶᠢᠨ ᠲᠠᠷᠢᠶᠠᠯᠠᠩ᠂ ᠦᠵᠡᠭᠦᠯᠭᠡ ᠶᠢᠨ ᠲᠠᠷᠢᠶᠠᠯᠠᠩ᠂ ᠰᠡᠯᠡᠭᠦᠴᠡᠯ ᠤᠨ ᠲᠠᠷᠢᠶᠠᠯᠠᠩ ᠢ ᠬᠥᠭᠵᠢᠭᠦᠯᠬᠦ ᠶᠢᠨ ᠲᠣᠭᠤᠷᠢᠨ ᠳᠤ᠂ ᠡᠵᠡᠨ ᠬᠤᠷᠤᠭ᠎ᠠ ᠪᠠᠯᠭᠠᠰᠤ᠂ ᠬᠤᠨᠢᠴᠢᠨᠭᠤᠤᠯ ᠪᠠᠯᠭᠠᠰᠤ᠂ ᠰᠤᠪᠤᠷᠭ᠎ᠠ ᠪᠠᠯᠭᠠᠰᠤᠨ ᠳᠤ ᠨᠢᠭᠡ ᠪᠦᠯᠦᠭ ᠰᠡᠯᠡᠭᠦᠴᠡᠯ ᠤᠨ ᠲᠣᠰᠬᠤᠨ᠂ ᠡᠶ᠎ᠡ ᠵᠤᠬᠢᠴᠠᠩᠭᠤᠢ ᠰᠠᠶᠢᠬᠠᠨ ᠲᠣᠰᠬᠤᠨ᠂ ᠢᠷᠡᠭᠡᠳᠦᠢ ᠶᠢᠨ ᠬᠥᠳᠡᠭᠡ ᠲᠣᠰᠬᠤᠨ ᠢ ᠪᠠᠶᠢᠭᠤᠯᠵᠤ᠂ ᠤᠯᠠᠭᠠᠨᠮᠦ᠋ᠷᠡᠨ ᠪᠠᠯᠭᠠᠰᠤ᠂ ᠵᠠᠰᠠᠭ ᠪᠠᠯᠭᠠᠰᠤ᠂ ᠨᠠᠷᠢᠨᠲᠤᠬᠤᠢ ᠪᠠᠯᠭᠠᠰᠤᠨ ᠳᠤ 3 ᠠᠭᠤᠷᠬᠠᠢ ᠶᠢᠨ ᠣᠷᠣᠨ ᠤ ᠠᠵᠤ ᠠᠬᠤᠢ ᠶᠢᠨ ᠪᠦᠰᠡ ᠶᠢ ᠬᠥᠭᠵᠢᠭᠦᠯᠵᠦ᠂ ᠡᠩ ᠲᠡᠷᠢᠭᠦᠨ ᠳᠤ ︽ᠮᠢᠩᠭᠠᠨ ᠲᠤᠰᠬᠤᠨ ᠢᠶᠠᠷ ᠲᠠᠭᠤᠷᠢᠶᠠᠯ ᠦᠵᠡᠬᠦᠯᠵᠦ ᠲᠦᠮᠡᠨ ᠲᠤᠰᠬᠤᠨ ᠢ ᠴᠡᠭᠴᠡᠯᠡᠨ ᠵᠠᠰᠠᠬᠤ ᠢᠨᠵᠧᠨᠧᠷᠢᠩ︾ ᠎ ᠤᠨ 29 ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠤᠨ᠎ᠠ᠃ ᠬᠤᠶᠠᠷ ᠲᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠰᠤᠪᠤᠷᠭ᠎ᠠ᠂ ᠬᠠᠳᠠᠲᠤ ᠨᠠᠭᠤᠷ ᠤᠨ ᠤᠰᠤᠨ ᠤ ᠴᠢᠨᠠᠷ ᠢ ᠳᠡᠭᠡᠭᠰᠢᠯᠡᠭᠦᠯᠬᠦ᠂ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠢ ᠰᠢᠨ᠎ᠡ ᠪᠠᠷ 17 ᠪᠠᠶᠢᠭᠤᠯᠵᠤ ᠥᠭᠡᠷᠡᠴᠢᠯᠡᠨ ᠵᠠᠰᠠᠵᠤ᠂ ᠬᠥᠳᠡᠭᠡ ᠲᠣᠰᠬᠤᠨ ᠤ ᠴᠠᠬᠢᠯᠭᠠᠨ ᠤ ᠲᠣᠣᠷ ᠢ 460 ᠺᠢᠯᠣᠮᠧᠲᠷ ᠥᠭᠡᠷᠡᠴᠢᠯᠡᠨ ᠳᠡᠭᠡᠭᠰᠢᠯᠡᠭᠦᠯᠵᠦ᠂ ᠱᠢ ᠭᠧ ᠲᠠᠢ ᠶᠢᠨ ᠶᠡᠭᠡ ᠬᠥᠭᠦᠷᠭᠡ ᠵᠢᠴᠢ ᠤᠲᠠᠰᠤ ᠲᠠᠲᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠥᠳᠡᠭᠡ ᠲᠣᠰᠬᠤᠨ ᠤ ᠶᠠᠰᠤ ᠴᠢᠨᠠᠷ ᠲᠠᠢ ᠵᠠᠰᠠᠮᠠᠯ ᠵᠠᠮ ᠢ 260 ᠺᠢᠯᠣᠮᠧᠲᠷ ᠵᠠᠰᠠᠨ᠎ᠠ᠃ ᠭᠤᠷᠪᠠ ᠳᠤ᠂ ᠮᠠᠯᠵᠢᠬᠤ ᠲᠠᠷᠢᠶᠠᠯᠠᠬᠤ ᠣᠷᠣᠨ ᠤ ᠬᠡᠷᠡᠯ ᠴᠡᠨᠡᠭ᠂ ᠡᠨᠧᠷᠭᠢ ᠨᠥᠭᠡᠴᠡᠯᠡᠬᠦ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠤᠷᠰᠢᠯᠲᠠ ᠶᠢᠨ ᠴᠢᠭ᠋ ᠢ ᠥᠷᠨᠢᠭᠦᠯᠵᠦ᠂ ︽ᠬᠡᠶᠢᠵᠢᠭᠦᠯᠦᠭᠰᠡᠨ ᠵᠢᠵᠢᠭ ᠪᠠᠯᠭᠠᠰᠤ︾᠎ ᠶᠢᠨ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠪᠣᠶ ᠪᠦᠬᠦᠢ ᠪᠠᠯᠭᠠᠰᠤ ᠲᠣᠭᠤᠷᠢᠭ ᠤᠨ ᠪᠠᠶᠢᠭᠠᠯᠢ ᠶᠢᠨ ᠰᠢᠲᠠᠮᠠᠬᠠᠢ ᠬᠡᠢ ᠶᠢ ᠨᠡᠶᠢᠳᠡᠮ ᠪᠦᠷᠬᠦᠭᠦᠯᠬᠦ ᠶᠢ ᠲᠦᠯᠬᠢᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ 3000 ᠡᠷᠦᠬᠡ ᠠᠴᠠ ᠳᠡᠭᠡᠭᠰᠢ ᠪᠡᠶᠡᠯᠡᠭᠦᠯᠦᠨ᠎ᠡ᠃      ︽ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠬᠤ︾᠎ ᠶᠢ ᠭᠦᠨᠵᠡᠭᠡᠶᠢᠷᠡᠭᠦᠯᠦᠨ᠎ᠡ᠃ ᠨᠢᠭᠡ ᠳᠤ ︽ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠬᠤ᠂ ᠠᠵᠤ ᠦᠢᠯᠡᠳᠪᠦᠷᠢ ᠪᠠᠷ ᠲᠠᠷᠢᠶᠠᠯᠠᠩ ᠢ ᠲᠡᠳᠬᠦᠬᠦ︾ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠰᠠᠭᠤᠭ᠎ᠠ ᠭᠠᠵᠠᠷ ᠤᠨ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠲᠠᠷᠢᠶᠠᠯᠠᠩ ᠮᠠᠯ ᠠᠵᠤ  ᠠᠬᠤᠢ ᠶᠢᠨ ᠲᠥᠷᠥᠯ ᠵᠦᠢᠯ ᠳᠤ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠠᠵᠤ ᠦᠢᠯᠡᠰ ᠢ ᠬᠥᠭᠵᠢᠭᠦᠯᠬᠦ᠂ ᠦᠢᠯᠡᠳᠪᠦᠷᠢ ᠪᠠᠶᠢᠭᠤᠯᠵᠤ ᠲᠦᠪᠯᠡᠷᠡᠬᠦᠯᠦᠨ ᠠᠪᠬᠤ᠂ ᠦᠢᠯᠡᠴᠢᠯᠡᠭᠡᠨ ᠤ ᠣᠷᠣᠯᠭ᠎ᠠ ᠡᠭᠦᠳᠬᠦ᠂ ᠵᠠᠬᠢᠶᠠᠯᠠᠭ᠎ᠠ ᠶᠢᠨ ᠦᠢᠯᠡᠳᠪᠦᠷᠢᠯᠡᠯ ᠬᠢᠬᠦ ᠵᠡᠷᠭᠡ ᠵᠠᠭᠪᠤᠷ ᠢᠶᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠢ ᠶᠢ ᠳᠠᠶᠢᠴᠢᠯᠠᠨ ᠬᠡᠪᠴᠢᠶᠡᠵᠢᠭᠦᠯᠬᠦ᠂ ᠨᠠᠷᠠᠲᠤ ᠲᠥᠷᠥᠯ ᠲᠡᠮᠳᠡᠭᠲᠦ ᠶᠢ ᠡᠭᠦᠳᠬᠦ ᠬᠡᠷᠡᠭᠲᠡᠢ᠃ ᠬᠤᠶᠠᠷ ᠲᠤ ᠬᠥᠲᠥᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠬᠤᠸᠠ ᠱᠠᠩ ᠨᠦᠩ ᠯᠢᠦᠢ ᠡᠷᠡᠬᠦᠯ ᠢᠶᠠᠷ ᠲᠡᠵᠢᠭᠡᠨ ᠦᠷᠡᠵᠢᠬᠦᠯᠬᠦ  ᠰᠦᠨ ᠪᠦᠳᠦᠭᠡᠭᠳᠡᠬᠦᠨ ᠢ ᠡᠳ᠋ᠰᠢᠬᠦᠯᠬᠦ‌‍ᠲ᠋ᠥ᠋ᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠮᠸᠡᠭ ᠲᠠᠢ ᠲᠠᠷᠢᠶᠠᠯᠠᠩ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠴᠣᠭᠴᠠ᠂ ᠰᠢᠩ ᠭᠤᠸᠠᠩ ᠲᠠᠷᠢᠶᠠᠯᠠᠩ ᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠦᠵᠡᠰᠬᠦᠯᠡᠩ ᠤᠨ ᠬᠦᠷᠢᠶᠡᠯᠡᠩ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠶᠢ ᠦᠨᠡᠨᠬᠦ ᠪᠠᠲᠤᠯᠠᠵᠤ᠂ ᠤᠯᠠᠭᠠᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠪᠣᠯᠭᠠᠨ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠬᠤᠲᠠ ᠶᠢᠨ ᠱᠠᠲᠤᠨ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ᠢ 5 ᠰᠢᠨ᠎ᠡ ᠪᠠᠷ ᠨᠡᠮᠡᠭᠳᠡᠭᠦᠯᠦᠨ᠎ᠡ᠃ ᠭᠤᠷᠪᠠ ᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠪᠤᠯᠪᠠᠰᠤᠷᠠᠭᠤᠯᠬᠤ ᠶᠢ ᠶᠡᠬᠡᠪᠡᠷ ᠬᠥᠭᠵᠢᠭᠦᠯᠵᠦ᠂ ᠲᠤᠬᠠᠢ ᠶᠢᠨ ᠭᠠᠵᠠᠷ᠂ ᠣᠶᠢᠷ᠎ᠠ ᠬᠠᠪᠢ ᠳᠤᠨᠢ ᠬᠤᠪᠢᠷᠠᠭᠤᠯᠤᠨ ᠥᠷᠲᠡᠭ ᠨᠡᠮᠡᠭᠳᠡᠭᠦᠯᠬᠦ ᠶᠢ ᠠᠬᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃     ︽ᠣᠷᠣᠯᠭ᠎ᠠ ᠶᠢ ᠲᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠥᠷᠨᠢᠭᠦᠯᠦᠨ᠎ᠡ᠃ ᠨᠢᠭᠡ ᠳᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠭᠤᠷᠪᠠᠨ ᠵᠢᠯ ᠳᠤ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠡᠬᠢᠯᠡᠨ ᠬᠡᠷᠡᠭᠵᠢᠭᠦᠯᠵᠦ᠂ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠭᠠᠵᠠᠷ ᠰᠢᠷᠣᠢ ᠶᠢ ᠨᠡᠶᠢᠯᠡᠭᠦᠯᠬᠦ᠂ ᠠᠯᠠᠰᠢᠨ ᠦᠬᠡᠷ ᠲᠡᠵᠢᠭᠡᠨ ᠦᠷᠡᠵᠢᠭᠦᠯᠬᠦ᠂ ᠡᠯᠳᠡᠪ ᠵᠦᠢᠯ ᠤᠨ ᠠᠮᠤ ᠳᠠᠷᠢᠬᠤ ᠵᠡᠷᠭᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 21 ᠠᠵᠤ ᠦᠢᠯᠡᠰ ᠢ ᠲᠡᠳᠬᠦᠨ ᠳᠡᠮᠵᠢᠬᠦ ᠲᠥᠷᠥᠯ ᠵᠦᠢᠯ ᠢ ᠬᠡᠷᠡᠭᠵᠢᠭᠦᠯᠵᠦ᠂ ᠬᠦᠴᠦᠷᠬᠡᠭ ᠢᠶᠠᠷ ᠪᠠᠭᠤᠷᠠᠢ ᠶᠢ ᠳᠠᠶᠢᠴᠢᠯᠠᠬᠤ᠂ ᠨᠠᠶᠢᠳᠠᠨ ᠡᠵᠡᠩᠨᠡᠭᠦᠯᠬᠦ ᠵᠡᠷᠭᠡ ᠠᠷᠭ᠎ᠠ ᠮᠠᠶ᠋ᠢᠭ ᠢᠶᠠᠷ ᠬᠤᠯᠪᠤᠭᠠᠯᠠᠨ ᠬᠥᠭᠵᠢᠭᠦᠯᠬᠦ ᠪᠠᠷ ᠳᠠᠮᠵᠢᠭᠤᠯᠤᠨ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ ᠶᠢ ᠪᠦᠬᠦᠨ ᠢ 30 ᠲᠦᠮᠡᠨ ᠲᠥᠭᠦᠷᠢᠭ ᠠᠴᠠ ᠳᠠᠪᠠᠭᠤᠯᠵᠤ᠂ 50%᠎ ᠠᠴᠠ ᠳᠡᠭᠡᠭᠰᠢᠬᠢ ᠶᠢ 50 ᠲᠦᠮᠡᠨ ᠲᠥᠭᠦᠷᠢᠭ ᠲᠤ ᠬᠦᠷᠦᠭᠦᠯᠬᠦ ᠶᠢ ᠦᠨᠡᠨ ᠬᠦ ᠪᠠᠲᠤᠯᠠᠨ᠎ᠠ᠃ ᠬᠤᠶᠠᠷ ᠲᠤ ᠮᠠᠯᠴᠢᠨ ᠲᠠᠷᠢᠶᠠᠴᠢᠨ ᠤ ᠣᠷᠣᠯᠭ᠎ᠠ ᠶᠢ ᠲᠠᠪᠤᠨ ᠵᠢᠯ ᠳᠤ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠡᠬᠢᠯᠡᠭᠦᠯᠦᠨ ᠬᠡᠷᠡᠭᠵᠢᠭᠦᠯᠵᠦ᠂ 2 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ ᠣᠷᠣᠯᠠᠨ ᠳᠠᠷᠢᠬᠤ᠂ ᠣᠷᠣᠯᠠᠨ ᠬᠠᠮᠢᠶᠠᠷᠴᠤ ᠣᠷᠣᠯᠠᠨ ᠬᠤᠷᠢᠶᠠᠬᠤ᠂ ᠪᠥᠬᠦ ᠶᠠᠪᠤᠴᠠ ᠶᠢ ᠨᠠᠶᠢᠳᠠᠨ ᠬᠠᠮᠢᠶᠠᠷᠤᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠶᠢ ᠬᠠᠶᠢᠨ ᠰᠦᠪᠡᠭᠴᠢᠯᠡᠵᠦ᠂ ᠮᠠᠯᠴᠢᠨ ᠲᠠᠷᠢᠶᠠᠴᠢᠨ ᠤ ᠡᠵᠡᠩᠨᠡᠯᠲᠡ ᠶᠢᠨ ᠴᠢᠨᠠᠷᠲᠠᠢ᠂ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠶᠢ ᠨᠡᠮᠡᠭᠳᠡᠭᠦᠯᠦᠨ᠎ᠡ᠃ ᠮᠠᠯᠴᠢᠨ ᠲᠠᠷᠢᠶᠠᠴᠢᠳ ᠤᠨ ᠭᠡᠷ ᠣᠶᠢᠷᠠᠯᠴᠠᠭ᠎ᠠ ᠠᠵᠢᠯ ᠣᠯᠬᠤ ᠠᠷᠭ᠎ᠠ ᠵᠠᠮ ᠢ ᠥᠷᠭᠡᠳᠬᠡᠨ᠂ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠵᠠᠭᠪᠤᠷ ᠢ ᠳᠡᠯᠭᠡᠷᠡᠭᠦᠯᠵᠦ᠂ ᠠᠵᠢᠯ ᠣᠯᠬᠤ ᠴᠢᠳᠠᠪᠤᠷᠢ ᠲᠠᠢ ᠮᠠᠯᠴᠢᠨ ᠲᠠᠷᠢᠶᠠᠴᠢᠨ ᠡᠷᠦᠬᠡ ᠪᠦᠷᠢ ᠳᠤ ᠨᠠᠭᠠᠲᠤ ᠵᠠᠬ᠎ᠠ ᠳᠠᠭᠠᠨ 1 ᠬᠥᠮᠥᠨ ᠳᠤ ᠠᠵᠢᠯ ᠣᠯᠭᠤᠬᠤ ᠶᠢ ᠠᠬᠢᠭᠤᠯᠵᠤ᠂ ᠵᠢᠯ ᠤᠨ ᠳᠣᠲᠣᠷ᠎ᠠ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠣᠷᠣᠯᠭ᠎ᠠ ᠶᠢ 10%᠎ ᠠᠴᠠ ᠳᠡᠭᠡᠭᠰᠢ ᠨᠡᠮᠡᠭᠳᠡᠭᠦᠯᠦᠨ᠎ᠡ᠃     ︵ᠳᠣᠯᠤᠭ᠎ᠠ︶ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠣᠯ ᠵᠢᠷᠭᠠᠯᠲᠤ ᠡᠵᠡᠨ ᠬᠤᠷᠤᠭ᠎ᠠ ᠶᠢ ᠪᠦᠲᠦᠭᠡᠨ ᠪᠠᠶᠢᠭᠤᠯᠤᠨ᠎ᠠ᠃ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠴᠢᠨᠠᠷ ᠰᠠᠶᠢᠲᠠᠢ ᠠᠮᠢᠳᠤᠷᠠᠯ ᠢ ᠡᠭᠦᠳᠦᠨ ᠪᠦᠲᠦᠭᠡᠬᠦ ᠶᠢ ᠪᠠᠷᠢᠮᠲᠠᠯᠠᠵᠤ᠂ ︽ᠳᠥᠷᠪᠡ ᠶᠢ ᠳᠡᠭᠡᠭᠰᠢᠯᠡᠭᠦᠯᠬᠦ︾᠎ ᠶᠢ ᠠᠬᠢᠭᠤᠯᠤᠨ᠂ ︽ᠳᠥᠷᠪᠡ ᠶᠢ ᠣᠶᠢᠷ᠎ᠠ ᠬᠠᠪᠢ ᠳᠤ︾᠎ ᠶᠢ ᠪᠡᠶᠡᠯᠡᠭᠦᠯᠵᠦ᠂ ᠠᠮᠢᠳᠤᠷᠠᠯ ᠎ ᠢ ︽ᠲᠤᠯᠠᠭᠠᠯᠠᠬᠤ︾᠂ ᠠᠷᠠᠳ ᠤᠨ ᠠᠮᠢᠳᠤᠷᠠᠯ  ᠎ ᠤᠨ ᠲᠡᠬᠡᠭᠰᠢᠯᠡᠯᠳᠡ ᠶᠢ ︽ᠬᠦᠴᠦᠯᠡᠴᠡ ᠶᠢ  ᠴᠢᠩᠭᠠᠷᠠᠭᠤᠯᠬᠤ︾᠂ ᠵᠣᠯ ᠵᠢᠷᠭᠠᠯ ᠤᠨ ︽ᠬᠡᠮᠵᠢᠶ᠎ᠡ ᠶᠢ ᠨᠡᠮᠡᠭᠳᠡᠬᠦᠯᠬᠦ︾᠎ ᠶᠢ ᠦᠨᠡᠨᠬᠦ  ᠪᠠᠳᠤᠯᠠᠨ᠎ᠠ᠃      ︽ᠵᠣᠯ ᠵᠢᠷᠭᠠᠯ ᠤᠨ ᠬᠥᠮᠦᠵᠢᠯ︾ ᠎ ᠤᠨ ᠨᠡᠷᠡᠳᠦ ᠲᠡᠮᠳᠡᠭ ᠢ ᠳᠠᠭᠤᠷᠢᠰᠤᠭᠤᠯᠤᠨ᠎ᠠ᠃ ᠱᠦᠢ ᠠᠨ ᠰᠢᠨ᠎ᠡ ᠬᠤᠲᠠ ᠶᠢᠨ ᠴᠠᠭ ᠦᠶ᠎ᠡ ᠶᠢᠨ ᠳᠤᠮᠳᠠᠳᠤ ᠰᠤᠷᠭᠠᠭᠤᠯᠢ᠂ ᠤᠯᠠᠭᠠᠨᠮᠦ᠋ᠷᠡᠨ ᠳᠤᠮᠳᠠᠳᠤ ᠰᠤᠷᠭᠠᠭᠤᠯᠢ ᠵᠡᠷᠭᠡ 10 ᠰᠤᠷᠭᠠᠨ ᠬᠥᠮᠦᠵᠢᠯ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ ᠬᠤᠶᠠᠳᠤᠭᠠᠷ ᠪᠠᠭ᠎ᠠ ᠰᠤᠷᠭᠠᠭᠤᠯᠢ ᠵᠡᠷᠭᠡ 4 ᠰᠤᠷᠭᠠᠭᠤᠯᠢ ᠶᠢᠨ ᠪᠠᠶᠢᠷᠢ ᠶᠢᠨ ᠠᠰᠠᠷ᠂ ᠬᠤᠭᠤᠯᠠᠨ ᠭᠡᠷ ᠢ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ 1100 ᠰᠤᠷᠭᠠᠭᠤᠯᠢ ᠶᠢᠨ ᠰᠤᠷᠤᠭᠴᠢ ᠶᠢᠨ ᠤᠷᠤᠨ ᠪᠠᠶᠢᠷᠢ ᠶᠢ ᠰᠢᠨ᠎ᠡ ᠪᠠᠷ ᠨᠡᠮᠡᠭᠳᠡᠭᠦᠯᠦᠨ᠎ᠡ᠃ ᠡᠨᠧᠷᠭᠢ ᠶᠢᠨ ᠰᠤᠷᠪᠤᠯᠵᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠵᠦ᠂ ᠵᠠᠯᠠᠭᠤᠴᠤᠳ ᠪᠠᠭᠠᠴᠤᠳ ᠤᠨ ᠠᠵᠢᠯᠯᠠᠭᠠᠨ ᠤ ᠲᠥᠪ᠂ ᠬᠥᠳᠡᠯᠮᠦᠷᠢ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ ᠤᠨ ᠠᠰᠢᠭᠯᠠᠯᠲᠠ ᠳᠤ ᠣᠷᠣᠬᠤ ᠶᠢ ᠦᠨᠡᠨ ᠬᠦ ᠪᠠᠳᠤᠯᠠᠨ᠎ᠠ᠃ ᠨᠡᠷᠡᠲᠦ ᠰᠤᠷᠭᠠᠭᠤᠯᠢ ᠶᠢ ᠲᠠᠳᠠᠨ ᠣᠷᠣᠭᠤᠯᠵᠤ ᠂ ᠨᠡᠷᠡᠲᠦ ᠲᠡᠮᠳᠡᠭᠲᠦ ᠶᠢ ᠡᠭᠦᠳᠬᠦ ᠶᠢ ᠪᠠᠷᠢᠮᠲᠠᠯᠠᠨ᠂ ᠪᠡᠭᠡᠵᠢᠩ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠵᠧᠵᠢᠶᠠᠩ ᠤᠨ ᠬᠠᠢ ᠯᠢᠶᠠᠩ ᠰᠤᠷᠭᠠᠨ ᠬᠥᠮᠦᠵᠢᠯ ᠤᠨ ᠪᠦᠯᠦᠭᠯᠡᠯ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠤᠷᠭᠠᠭᠤᠯᠢ ᠶᠢᠨ ᠳᠠᠷᠤᠭ᠎ᠠ ᠴᠡᠴᠡᠷᠯᠢᠭ ᠤᠨ ᠲᠠᠷᠤᠭ᠎ᠠ ᠶᠢᠨ ︽ᠰᠠᠭᠤᠷᠢ ᠶᠢ ᠪᠠᠲᠤᠳᠬᠠᠬᠤ ᠲᠥᠯᠥᠪᠯᠡᠭᠡ︾ ᠪᠠ ᠰᠢᠨ᠎ᠡ ᠪᠠᠭᠰᠢ ᠶᠢ ᠬᠥᠮᠥᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠰᠢᠯᠢᠳᠡᠭ ᠵᠢᠭᠠᠨ ᠰᠤᠳᠤᠯᠤᠭᠴᠢ᠂ ᠰᠢᠯᠢᠳᠡᠭ ᠪᠠᠭᠰᠢ ᠶᠢ 500᠎ ᠠᠴᠠ ᠳᠡᠭᠡᠭᠰᠢ ᠣᠷᠣᠭᠤᠯᠤᠨ ᠠᠪᠴᠢᠷᠠᠵᠤ᠂ ᠬᠠᠮᠤᠭ ᠶᠡᠭᠡ ᠴᠢᠷᠮᠠᠶᠢᠯᠭ᠎ᠠ ᠭᠠᠷᠭᠠᠵᠤ᠂ ᠬᠠᠮᠤᠭ ᠣᠬᠤᠷ ᠬᠤᠭᠤᠴᠠᠭᠠᠨ ᠳᠤ ᠬᠢᠶ᠎ᠠ ᠪᠠᠭᠰᠢ ᠲᠠᠢ ᠵᠡᠷᠭᠡ ᠪᠠᠷ ᠤᠷᠤᠭᠰᠢᠯᠠᠭᠰᠠᠨ ᠰᠠᠭᠤᠷᠢ ᠰᠤᠷᠭᠠᠨ ᠬᠥᠮᠦᠵᠢᠯ ᠤᠨ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠦᠨ᠎ᠡ᠃ ᠵᠢᠯ ᠤᠨ ᠳᠣᠲᠣᠷ᠎ᠠ ᠪᠦᠬᠦ ᠤᠯᠤᠰ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠠᠷᠠᠭᠠᠯᠵᠠᠯ ᠦᠵᠡᠭᠦᠯᠬᠦ ᠰᠢᠶᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠭᠦᠯᠬᠦ ᠰᠢᠶᠠᠨ ᠢ ᠡᠭᠦᠳᠦᠨ ᠪᠠᠶᠢᠭᠤᠯᠬᠤ ᠶᠢ ᠦᠨᠡᠨ ᠬᠦ ᠪᠠᠲᠤᠯᠠᠨ᠎ᠠ᠃      ᠠᠷᠠᠳ ᠲᠦᠮᠡᠨ ᠤ ᠡᠷᠡᠭᠦᠯ ᠮᠡᠨᠳᠦ ᠶᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠡᠮᠴᠢᠯᠡᠭᠡ ᠶᠢ ᠰᠠᠶᠢᠲᠤᠷ ᠡᠷᠭᠢᠯᠡᠵᠦ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠠᠰᠠᠷ ᠢ ᠠᠵᠢᠯ ᠡᠬᠢᠯᠡᠭᠦᠯᠦᠨ ᠪᠠᠶᠢᠭᠤᠯᠵᠤ᠂ ᠬᠤᠰᠢᠭᠤᠨ ᠤ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ᠂ ᠶᠡᠷᠦᠩᠬᠡᠶᠢᠯᠡᠭᠰᠡᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠰᠤᠪᠢᠯᠠᠯᠲᠠ ᠶᠢᠨ ᠲᠥᠪ᠂ ᠱᠦᠢ ᠠᠨ ᠰᠢᠨ᠎ᠡ ᠬᠤᠲᠠ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠶᠡᠬᠡᠪᠡᠷ ᠥᠷᠨᠢᠭᠦᠯᠵᠦ᠂ 40 ᠨᠠᠰᠤᠨ ᠠᠴᠠ ᠳᠡᠭᠡᠭᠰᠢᠬᠢ ᠡᠷᠦᠬᠡ ᠠᠮᠠ ᠶᠢᠨ ᠲᠠᠩᠰᠠ ᠲᠠᠢ ᠰᠠᠭᠤᠭᠠᠯᠢ ᠠᠷᠠᠳ ᠲᠤ ᠰᠦᠢᠳᠬᠡᠯ ᠬᠤᠷᠢᠶᠠᠬᠤ ᠦᠭᠡᠢ ᠪᠠᠷ ᠡᠯᠢᠭᠡᠨ ᠥᠮᠡᠨ᠂ ᠠᠭᠤᠰᠬᠢᠨ ᠤ ᠥᠮᠡᠨ ᠢ ᠪᠠᠶᠢᠴᠠᠭᠠᠨ ᠰᠢᠯᠭᠠᠬᠤ ᠵᠢᠴᠢ ︽ᠳᠥᠷᠪᠡᠨ ᠥᠨᠳᠥᠷ︾᠎ ᠤᠨ ᠰᠢᠭᠰᠢᠨ ᠪᠠᠶᠢᠴᠠᠭᠠᠯᠲᠠ ᠶᠢ ᠥᠷᠨᠢᠭᠦᠯᠵᠦ᠂ ᠬᠠᠷᠰᠢᠮᠠᠲᠠᠭᠠᠢ ᠴᠢᠨᠠᠷᠲᠠᠢ ᠬᠠᠮᠠᠷ ᠤᠨ ᠦᠷᠪᠢᠰᠦᠯ ᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠳᠤ ᠣᠷᠣᠭᠤᠯᠤᠨ᠎ᠠ᠃ ᠨᠢᠭᠳᠠᠷᠠᠭᠰᠠᠨ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ᠂ ᠣᠶᠤᠨᠴᠢ ᠬᠡᠯᠪᠡᠷᠢ ᠶᠢᠨ ᠡᠮᠨᠡᠯᠭᠡ ᠶᠢᠨ ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠪᠠ ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃      ︽ᠨᠠᠰᠤᠲᠠᠨ ᠪᠠ ᠬᠡᠦᠬᠡᠳ︾᠎ ᠲᠤ ᠰᠠᠶᠢᠲᠤᠷ ᠦᠢᠯᠡᠴᠢᠯᠡᠨ᠎ᠡ᠃ ︽ᠡᠵᠡᠨ ᠬᠤᠷᠤᠭ᠎ᠠ ᠶᠢᠨ ᠵᠣᠯ ᠵᠢᠷᠭᠠᠯᠲᠤ e ᠠᠰᠠᠷᠠᠮᠵᠢ︾ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠠᠵᠠᠳᠠᠢ ᠡᠷᠡᠬᠦᠯ ᠮᠡᠨᠳᠦ ᠶᠢᠨ ᠬᠤᠲᠠ᠂ ᠵᠣᠯ ᠵᠢᠷᠭᠠᠯᠲᠤ ᠶᠢᠰᠦᠳᠦᠭᠡᠷ ᠨᠣᠮᠧᠷᠲᠤ ᠬᠦᠷᠢᠶᠡᠯᠡᠩ ᠤᠨ ᠡᠵᠡᠩᠨᠡᠯᠲᠡ ᠶᠢ ᠡᠬᠢᠯᠡᠭᠦᠯᠦᠨ᠂ ᠪᠦᠯᠢᠶᠡᠨ ᠤ ᠵᠣᠯ ᠵᠢᠷᠭᠠᠯᠲᠤ ᠬᠠᠪᠰᠤᠷᠤᠯᠴᠠᠬᠤ ᠬᠦᠷᠢᠶᠡᠯᠡᠩ ᠢ ᠠᠵᠢᠯ ᠡᠬᠢᠯᠡᠭᠦᠯᠦᠨ ᠪᠠᠶᠢᠭᠤᠯᠵᠤ᠂ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠪ ᠢ 10 ᠰᠢᠨ᠎ᠡ ᠪᠠᠷ ᠪᠠᠶᠢᠭᠤᠯᠵᠤ᠂ ᠭᠡᠷ ᠪᠦᠯᠢ ᠶᠢᠨ ᠨᠠᠰᠤᠵᠢᠯᠲᠠ ᠶᠢᠨ ᠥᠭᠡᠷᠡᠴᠢᠯᠡᠯᠲᠡ ᠎ ᠶᠢ 500 ᠡᠷᠦᠬᠡ  ᠪᠡᠶᠡᠯᠡᠭᠦᠯᠵᠦ᠂ ᠨᠡᠶᠢᠭᠡᠮᠴᠢᠯᠡᠭᠰᠡᠨ ᠨᠠᠰᠤᠵᠢᠯ ᠤᠨ ᠪᠠᠶᠢᠭᠤᠯᠤᠮᠵᠢ ᠶᠢᠨ ᠨᠡᠶᠢᠭᠡᠮ ᠲᠣᠭᠤᠷᠢᠭ ᠲᠤ ᠣᠷᠣᠬᠤ᠂ ᠬᠥᠳᠡᠭᠡ ᠲᠣᠰᠬᠤᠨ ᠳᠤ ᠣᠷᠣᠬᠤ᠂ ᠭᠡᠷ ᠪᠦᠯᠢ ᠳᠤ ᠣᠷᠣᠬᠤ ᠶᠢ ᠳᠡᠮᠵᠢᠵᠦ᠂ ᠨᠠᠰᠤᠲᠠᠶᠢᠴᠤᠳ ᠲᠤ ᠲᠤᠰᠬᠠᠶᠢᠵᠢᠭᠰᠠᠨ ᠦᠢᠯᠡᠴᠢᠯᠡᠭᠡ ᠬᠠᠩᠭᠠᠨ᠎ᠠ᠃ ᠠᠷᠪᠠᠨ ᠭᠤᠷᠪᠠᠳᠤᠭᠠᠷ᠂ ᠠᠷᠪᠠᠨ ᠳᠥᠷᠪᠡᠳᠦᠭᠡᠷ᠂ ᠠᠷᠪᠠᠨ ᠲᠠᠪᠤᠳᠤᠭᠠᠷ ᠬᠡᠦᠬᠡᠳ ᠤᠨ ᠴᠡᠴᠡᠷᠯᠢᠭ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂  ᠨᠢᠯᠬᠠᠰ ᠤᠨ ᠬᠥᠮᠦᠵᠢᠯ ᠤᠨ ᠨᠠᠶᠢᠳᠠᠨ ᠬᠥᠮᠥᠵᠢᠭᠦᠯᠬᠦ ᠲᠥᠪ ᠢ ᠡᠬᠢᠯᠡᠨ ᠠᠵᠢᠯᠯᠠᠭᠤᠯᠵᠤ᠂ ᠨᠢᠭᠡ ᠪᠦᠯᠦᠭ ᠤᠯᠠᠨ ᠶᠠᠩᠵᠤᠴᠢᠯᠠᠭᠰᠠᠨ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢ ᠪᠠᠶᠢᠷᠢᠰᠢᠭᠤᠯᠵᠤ᠂ ᠨᠢᠯᠬ᠎ᠠ ᠬᠡᠦᠬᠡᠳ ᠎ ᠢ ᠰᠠᠭᠠᠳᠠᠭᠤᠯᠬᠤ ᠤᠷᠤᠨ ᠪᠠᠶᠢᠷᠢ ᠶᠢᠨ ᠬᠠᠩᠭᠠᠯᠭ᠎ᠠ ᠶᠢ ᠥᠷᠭᠡᠳᠬᠡᠵᠦ᠂ ᠨᠡᠶᠢᠳᠡᠮ ᠬᠠᠷᠠᠭᠠᠯᠵᠠᠯ ᠦᠵᠡᠭᠦᠯᠬᠦ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠣᠶᠢᠷ᠎ᠠ ᠬᠠᠪᠢ ᠳᠤᠨᠢ ᠬᠦᠷᠭᠡᠨ᠎ᠡ᠃      ᠬᠤᠳᠠ ᠶᠢᠨ ᠰᠣᠶᠣᠯ ᠤᠨ ᠪᠣᠳᠠᠲᠤ ᠬᠦᠴᠦᠨ ᠢ ᠳᠡᠭᠡᠭᠰᠢᠯᠡᠭᠦᠯᠦᠨ᠎ᠡ᠃ ᠪᠥᠬᠦ ᠤᠯᠤᠰ ᠤᠨ ᠳᠥᠷᠪᠡᠳᠦᠭᠡᠷ ᠤᠳᠠᠭᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠵᠢᠶᠦ᠋ᠨ ᠸᠠᠩ ᠤᠨ ᠣᠷᠳᠣᠨ᠂ ᠵᠢᠷᠦᠬᠡ ᠶᠢᠨ ᠭᠤᠤᠯ ᠤᠨ ᠪᠠᠭᠤᠷᠢ ᠵᠡᠷᠭᠡ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠲᠠᠷᠢᠶᠠᠯᠠᠬᠤ ᠨᠡᠭᠦᠳᠡᠯ ᠮᠠᠯᠵᠢᠯ ᠤᠨ ᠰᠣᠶᠣᠯ ᠤᠨ ᠮᠦᠽᠧᠢ ᠶᠢᠨ ᠬᠡᠷᠡᠭᠯᠡᠯᠳᠡ ᠳᠤ ᠤᠷᠤᠭᠤᠯᠤᠨ ᠡᠵᠡᠩᠨᠡᠬᠦ ᠶᠢ ᠠᠬᠢᠭᠤᠯᠤᠨ᠎ᠠ᠃ ᠠᠷᠠᠳ ᠤᠨ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠪᠠ ᠲᠠᠶᠢᠰᠠᠨ ᠤ ᠤᠷᠠᠯᠢᠭ ᠤᠨ ᠰᠣᠳᠣᠨ ᠪᠦᠲᠦᠭᠡᠯ ᠤᠨ ᠢᠨᠵᠧᠨᠧᠷᠢᠩ ᠢ ᠬᠡᠷᠡᠭᠵᠢᠭᠦᠯᠵᠦ᠂ ᠠᠷᠠᠳ ᠲᠤ ᠠᠰᠢᠭ ᠬᠦᠷᠲᠡᠭᠡᠬᠦ ᠪᠡᠶ᠎ᠡ ᠶᠢᠨ ᠲᠠᠮᠢᠷ ᠤᠨ ᠲᠥᠪ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ︽ᠪᠢᠳᠡᠨ ᠤ ᠪᠠᠶᠠᠷ ᠤᠨ ᠡᠳᠦᠷ︾᠎  ᠮᠠᠯᠴᠢᠨ ᠲᠠᠷᠢᠶᠠᠴᠢᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠵᠡᠷᠭᠡ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠥᠬᠦ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ᠂ ᠪᠡᠶ᠎ᠡ ᠶᠢᠨ ᠲᠠᠮᠢᠷ ᠤᠨ ᠨᠠᠶᠢᠷ ᠵᠡᠷᠭᠡ ᠣᠨᠴᠠᠯᠢᠭᠲᠤ ᠤᠷᠤᠯᠳᠤᠭᠠᠨ ᠢ ᠰᠠᠶᠢᠲᠤᠷ ᠡᠷᠭᠢᠯᠡᠵᠦ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃      ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠣᠷ ᠢ ᠪᠠᠬᠢᠵᠢᠬᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ 3000 ᠬᠥᠮᠥᠨ ᠤᠳᠠᠭ᠎ᠠ ᠠᠴᠠ ᠳᠡᠭᠡᠭᠰᠢ ᠥᠷᠨᠢᠭᠦᠯᠵᠦ᠂ ᠬᠤᠳᠠ ᠪᠠᠯᠭᠠᠰᠤᠨ ᠤ ᠠᠵᠢᠯ ᠣᠯᠭᠤᠯᠲᠠ ᠎ ᠳᠤ 5000 ᠬᠥᠮᠥᠨ ᠰᠢᠨ᠎ᠡ ᠪᠠᠷ ᠨᠡᠮᠡᠭᠳᠡᠭᠦᠯᠦᠨ᠂ ᠠᠵᠢᠯ ᠣᠯᠣᠭᠰᠠᠨ ᠬᠥᠮᠥᠨ ᠦᠭᠡᠢ ᠭᠡᠷ ᠪᠦᠯᠢ ᠶᠢ ᠬᠥᠳᠡᠯᠦᠩᠭᠦᠢ ᠪᠠᠷ ᠦᠭᠡᠶᠢᠭᠡᠰᠭᠡᠵᠦ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4%᠎ ᠶᠢᠨ ᠳᠣᠲᠣᠷ᠎ᠠ ᠬᠢᠵᠠᠭᠠᠷᠯᠠᠨ᠎ᠠ᠃ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ ᠴᠡᠷᠢᠭ ᠠᠴᠠ ᠬᠠᠯᠠᠭᠳᠠᠭᠰᠠᠳ ᠪᠠ ᠠᠰᠠᠷᠠᠨ ᠬᠠᠷᠠᠭᠠᠯᠵᠠᠬᠤ ᠡᠲᠡᠭᠡᠳ ᠲᠤ ᠦᠢᠯᠡᠴᠢᠯᠡᠬᠦ ᠪᠠᠲᠤᠯᠠᠭ᠎ᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠪᠥᠬᠦ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢᠨ ︽ᠵᠠᠯᠭᠠᠭ᠎ᠠ ᠪᠠᠷ ᠵᠢᠷᠭᠤᠭ᠎ᠠ ᠤᠳᠠᠭ᠎ᠠ ᠮᠠᠩᠯᠠᠶᠢᠯᠠᠬᠤ︾᠎ ᠶᠢ ᠴᠢᠷᠮᠠᠶᠢᠨ ᠪᠡᠶᠡᠯᠡᠬᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠡᠮᠡᠭᠲᠡᠶᠢᠴᠦᠳ ᠬᠡᠦᠬᠡᠳ᠂ ᠵᠡᠮᠳᠡᠭᠴᠦᠳ ᠤᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠥᠰ ᠢ ᠠᠪᠤᠷᠠᠨ ᠲᠤᠰᠠᠯᠠᠬᠤ ᠲᠣᠭᠲᠠᠴᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠠᠲᠤ ᠪᠠᠶᠢᠭᠤᠯᠤᠨ᠎ᠠ᠃     ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠶᠦᠯᠬᠦᠢ ᠦᠢᠯᠡᠳᠪᠦᠷᠢᠯᠡᠯ ᠤᠨ ︽ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠣᠨ︾᠎ ᠤ ᠠᠵᠢᠯᠯᠠᠭ᠎ᠠ ᠶᠢ ᠥᠷᠨᠢᠭᠦᠯᠵᠦ᠂ ᠠᠶᠦᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮᠵᠢ᠂ ᠴᠡᠭᠴᠡᠯᠡᠨ ᠵᠠᠰᠠᠬᠤ ᠰᠢᠰᠲ᠋ᠧᠮᠵᠢ᠂ ᠬᠢᠨᠠᠨ ᠬᠠᠮᠢᠶᠠᠷᠬᠤ ᠰᠢᠰᠲ᠋ᠧᠮᠵᠢ᠂ ᠰᠡᠷᠭᠡᠶᠢᠯᠡᠬᠦ ᠰᠢᠰᠲ᠋ᠧᠮᠵᠢ ᠪᠠ ᠬᠠᠮᠢᠶᠠᠷᠤᠯᠲᠠ ᠶᠢ ᠴᠢᠩᠭᠠᠳᠬᠠᠵᠤ᠂ ᠠᠶᠤᠯᠬᠦᠢ ᠪᠣᠯᠭᠠᠬᠤ ᠪᠠᠷ ᠭᠠᠷᠳᠠᠴᠠ ᠪᠣᠯᠭᠠᠵᠤ ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠵᠤ ᠳᠠᠩᠰᠠᠯᠠᠬᠤ᠂ ︽ᠭᠤᠷᠪᠠ ᠶᠢ ᠪᠠᠶᠢᠴᠠᠭᠠᠵᠤ ᠨᠢᠭᠡ ᠢᠯᠡᠴᠢᠯᠡᠨ ᠮᠡᠳᠡᠭᠦᠯᠬᠦ︾᠂ ︽ᠨᠢᠭᠡ ᠪᠢᠴᠢᠭ ᠨᠢᠭᠡ ᠵᠠᠬᠢᠳᠠᠯ ᠨᠢᠭᠡ ᠵᠠᠷᠯᠢᠭ︾ ᠵᠡᠷᠭᠡ ᠳᠦᠷᠢᠮ ᠢ ᠪᠠᠶᠢᠭᠤᠯᠵᠤ᠂ ᠮᠥᠨ ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ︽ᠮᠠᠰᠢᠨᠴᠢᠯᠠᠯᠲᠠ ᠪᠠᠷ ᠬᠥᠮᠥᠨ ᠰᠣᠯᠢᠬᠤ᠂ ᠠᠦ᠋ᠲ᠋ᠣᠴᠢᠯᠠᠯᠲᠠ ᠪᠠᠷ ᠬᠥᠮᠥᠨ ᠬᠠᠰᠤᠬᠤ᠂ ᠣᠶᠤᠨᠴᠢᠯᠠᠨ ᠠᠵᠢᠯᠯᠠᠬᠤ︾᠎ ᠶᠢ ᠲᠦᠷᠭᠡᠳᠬᠡᠨ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠭᠠᠵᠠᠷ ᠳᠡᠭᠡᠷᠡᠬᠢ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠥᠪ ᠪᠠ ᠬᠤᠲᠠ ᠶᠢᠨ ᠭᠠᠯ ᠤᠨᠲᠠᠷᠠᠭᠠᠬᠤ ᠠᠯᠤᠰ ᠎ ᠠᠴᠠ ᠬᠢᠨᠠᠨ ᠡᠵᠡᠮᠳᠡᠬᠦ ᠰᠢᠰᠲ᠋ᠧᠮ ᠢ ᠪᠠᠶᠢᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠎ ᠠᠴᠠ ᠠᠪᠤᠷᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃     ᠨᠡᠶᠢᠭᠡᠮ ᠤᠨ ᠵᠠᠰᠠᠯᠲᠠ ᠶᠢᠨ ᠰᠠᠭᠤᠷᠢ ᠶᠢ ᠪᠠᠬᠢᠵᠢᠭᠦᠯᠦᠨ᠎ᠡ᠃ ᠰᠢᠨ᠎ᠡ ᠴᠠᠭ ᠦᠶ᠎ᠡ ᠶᠢᠨ ︽ᠹᠸᠡᠭ ᠴᠢᠶᠤᠤ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ᠂ ︽ᠭᠤᠷᠪᠠᠨ ᠬᠤᠪᠢ ᠪᠠᠷ ᠰᠤᠷᠬᠤ ᠠᠷᠭ᠎ᠠ︾᠎ ᠶᠢ ᠳᠡᠯᠭᠡᠷᠡᠭᠦᠯᠦᠨ ᠬᠡᠷᠡᠭᠯᠡᠵᠦ᠂ ᠡᠯ᠎ᠡ ᠬᠦᠷᠢᠶ᠎ᠡ ᠡᠯ᠎ᠡ ᠲᠠᠰ ᠳᠠᠪᠬᠤᠷᠭ᠎ᠠ ᠶᠢᠨ ᠡᠶᠡᠳᠡᠭᠦᠯᠬᠦ ᠪᠠᠬᠢᠯᠡᠯᠲᠡ ᠶᠢ ᠰᠠᠶᠢᠲᠤᠷ ᠪᠦᠲᠦᠭᠡᠨ ᠪᠠᠶᠢᠭᠤᠯᠵᠤ᠂ ᠵᠥᠷᠢᠴᠡᠯ ᠵᠢᠭᠤᠷᠠᠯᠳᠤᠭᠠᠨ ᠢ ᠪᠠᠷᠢᠨ ᠮᠡᠳᠡᠵᠦ ᠪᠠᠷᠢᠨ ᠡᠶᠡᠳᠡᠭᠦᠯᠬᠦ᠂  ᠰᠠᠯᠭᠠᠨ ᠬᠤᠪᠢᠶᠠᠵᠤ ᠰᠠᠯᠭᠠᠨ ᠡᠶᠡᠳᠡᠬᠦᠯᠬᠦ᠂ ᠬᠤᠯᠪᠤᠭᠠᠯᠠᠨ ᠬᠠᠮᠢᠶᠠᠷᠴᠤ ᠬᠤᠯᠪᠤᠭᠠᠯᠠᠨ  ᠡᠶᠡᠳᠡᠬᠦᠯᠬᠦ ᠶᠢ ᠲᠦᠯᠬᠢᠨ ᠠᠬᠢᠭᠤᠯᠵᠤ᠂ ᠠᠩᠬᠠᠨ ᠤ ᠵᠠᠬᠢᠳᠠᠯ ᠰᠣᠷᠪᠤᠯᠵᠢᠯᠠᠭ᠎ᠠ ᠶᠢ ᠰᠠᠷ᠎ᠠ ᠪᠦᠷᠢ ᠳ᠋ᠦᠩᠨᠡᠨ ᠰᠠᠷ᠎ᠠ ᠪᠦᠷᠢ ᠲᠣᠳᠣᠷᠬᠠᠶᠢᠯᠠᠬᠤ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠬᠦᠳᠡᠯᠦᠩᠬᠦᠢ ᠎ ᠪᠠᠷ ᠦᠭᠡᠶᠢᠰᠬᠡᠬᠦ ᠶᠢ ᠪᠡᠶᠡᠯᠡᠭᠦᠯᠦᠨ᠎ᠡ᠃ ᠬᠥᠯᠥᠰᠦᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠬᠤ ᠶᠢ ᠤᠷᠢᠳᠴᠢᠯᠠᠨ ᠰᠡᠷᠭᠡᠶᠢᠯᠡᠬᠦ ᠪᠠ ᠴᠡᠭᠴᠡᠯᠡᠨ ᠵᠠᠰᠠᠬᠤ ᠲᠤᠰᠬᠠᠢ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠥᠷᠨᠢᠭᠦᠯᠵᠦ᠂ ᠴᠠᠯᠢᠩ ᠥᠷᠢᠲᠦᠬᠦ ᠶᠢ ᠦᠨᠳᠦᠰᠦ ᠠᠴᠠ ᠨᠢ ᠤᠷᠢᠳᠴᠢᠯᠠᠨ ᠰᠡᠷᠭᠡᠶᠢᠯᠡᠨ᠎ᠡ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠢᠳᠡᠭᠡᠨ ᠤ ᠠᠮᠤᠷ ᠲᠦᠪᠰᠢᠨ ᠤ ᠲᠦᠷᠭᠡᠨ ᠪᠠᠶᠢᠴᠠᠭᠠᠯᠲᠠ ᠶᠢᠨ ᠥᠷᠲᠡᠭᠡ ᠶᠢ 5 ᠰᠢᠨ᠎ᠡ ᠪᠠᠷ ᠪᠠᠶᠢᠭᠤᠯᠵᠤ᠂ ᠢᠳᠡᠭᠡᠨ ᠤᠮᠳᠠᠭᠠᠨ ᠤ ᠵᠦᠢᠯᠡᠰ ᠤᠨ ᠠᠮᠤᠷ ᠲᠦᠪᠰᠢᠨ ᠬᠡᠷᠡᠭᠯᠡᠭᠡᠨ ᠤ ᠨᠢᠭᠡ ᠪᠦᠯᠦᠭ ᠵᠡᠭᠡᠯᠢ ᠲᠣᠭᠤᠷᠢᠭ ᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠠᠮᠳᠠᠭᠤᠨ ᠤ ᠠᠮᠤᠷ ᠲᠦᠪᠰᠢᠨ ᠵᠢᠱᠢᠶ᠎ᠡ ᠦᠵᠡᠬᠦᠯᠬᠦ ᠬᠤᠰᠢᠭᠤ ᠶᠢ ᠡᠬᠦᠳᠦᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ︽ᠭᠡᠭᠡᠨ ᠰᠠᠷᠠᠭᠤᠯ ᠢᠨᠵᠧᠨᠧᠷᠢᠩ︾᠎ ᠤᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠬᠦᠴᠦᠲᠡᠢ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ ᠦᠨᠡᠨ ᠬᠦ  ᠪᠠᠳᠤᠯᠠᠨ᠎ᠠ᠃     ᠲᠥᠯᠥᠭᠡᠯᠡᠭᠴᠢᠳ ᠠ᠋︕ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠳᠥᠷᠪᠡ ᠶᠢ ᠬᠠᠮᠲᠤᠳᠬᠠᠬᠤ︾᠂ ︽ᠲᠠᠪᠤ ᠶᠢ ᠮᠡᠳᠡᠷᠡᠨ ᠵᠥᠪᠰᠢᠶᠡᠷᠡᠬᠦ︾ ᠪᠣᠯᠣᠨ ︽ᠲᠤᠯᠤᠭᠠᠨ ᠲᠠᠯ᠎ᠠ ᠪᠠᠷ ᠵᠢᠰᠢᠶᠡᠴᠢ ᠪᠤᠯᠬᠤ︾᠎ ᠪᠠᠷ ᠭᠤᠣᠯᠳᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠭᠦᠯᠬᠦ ᠤᠷᠤᠨ ᠤ ᠵᠢᠱᠢᠶ᠎ᠡ ᠦᠵᠡᠭᠦᠯᠬᠦ ᠨᠢᠭᠡᠴᠡ ᠶᠢᠨ ︽ᠵᠠᠭᠤ ᠮᠢᠩᠭ᠎ᠠ ᠲᠦᠮᠡ ᠪᠠᠷ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ︾ ᠢᠨᠵᠧᠨᠧᠷᠢᠩ ᠢ ᠪᠦᠬᠦ ᠲᠠᠯ᠎ᠠ ᠪᠠᠷ ᠥᠷᠨᠢᠭᠦᠯᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠠᠵᠢᠯ ᠤᠨ ᠡᠭᠦᠷᠭᠡ ᠶᠢ ᠥᠨᠳᠥᠷ ᠪᠦᠲᠦᠮᠵᠢᠲᠡᠢ ᠪᠠᠷ ᠨᠠᠶᠢᠳᠠᠪᠤᠷᠢᠵᠢᠭᠤᠯᠤᠨ᠎ᠠ᠃     ᠲᠥᠯᠥᠭᠡᠯᠡᠭᠴᠢᠳ ᠠ᠋︕ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠲᠠᠢ ᠪᠠᠶᠢᠬᠤ ᠠᠰᠠᠭᠤᠳᠠᠯ ᠢ ᠨᠡᠩ ᠰᠠᠶᠢᠲᠤᠷ ᠰᠢᠢᠳᠪᠦᠷᠢᠯᠡᠬᠦ ᠶᠢᠨ ᠲᠥᠯᠥᠭᠡ᠂ ᠡᠨᠡ ᠵᠢᠯ ᠪᠢᠳᠡ ᠠᠷᠠᠳ ᠤᠨ ᠠᠮᠢᠳᠤᠷᠠᠯ ᠤᠨ 12 ᠵᠦᠢᠯ ᠤᠨ ᠪᠣᠳᠠᠲᠤ ᠶᠠᠪᠤᠳᠠᠯ ᠤᠨ  ᠵᠢᠱᠢᠭᠳᠡᠭᠰᠡᠨ ᠲᠦᠷᠦᠯ ᠵᠦᠢᠯ ᠢ ᠰᠢᠯᠢᠨ ᠰᠣᠩᠭᠤᠵᠤ ᠲᠤᠰ ᠤᠳᠠᠭ᠎ᠠ ᠶᠢᠨ ᠶᠡᠭᠡ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠵᠤ ᠪᠢᠯᠧᠲ ᠢᠶᠠᠷ ᠪᠠᠳᠤᠯᠠᠭᠤᠯᠤᠨ᠎ᠠ᠃ ᠲᠥᠯᠥᠭᠡᠯᠡᠭᠴᠢᠳ ᠤᠨ ᠪᠢᠯᠧᠲ ᠰᠣᠩᠭᠤᠵᠤ ᠲᠣᠭᠲᠠᠭᠠᠭᠰᠠᠨ ᠲᠥᠷᠥᠯ ᠵᠦᠢᠯ ᠳᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠡᠷᠡᠭᠵᠢᠭᠦᠯᠬᠦ ᠲᠥᠰᠥᠯ ᠢ ᠵᠦᠢᠯ ᠳᠠᠷᠠᠭᠠᠯᠠᠨ ᠲᠣᠭᠲᠠᠭᠠᠵᠤ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠮᠦᠷᠳᠡᠭᠡᠨ ᠪᠣᠳᠠᠲᠠᠢ ᠬᠢᠨ᠎ᠡ᠃ ᠡᠭᠦᠨ ᠠᠴᠠ ᠭᠠᠳᠠᠨ᠎ᠠ᠂ ︽ᠠᠷᠠᠳ ᠠᠴᠠ ᠠᠷᠭ᠎ᠠ ᠤᠬᠠᠭᠠᠨ ᠠᠰᠠᠭᠤᠬᠤ︾᠎ ᠪᠠᠷ ᠳᠠᠮᠵᠢᠭᠤᠯᠤᠨ ᠨᠡᠶᠢᠭᠡᠮ ᠠᠴᠠ 319 ᠠᠷᠭ᠎ᠠ ᠤᠬᠠᠭᠠᠨ ᠴᠤᠭᠯᠠᠭᠤᠯᠵᠤ᠂ 13 ᠲᠥᠷᠥᠯ ᠤᠨ 120 ᠠᠰᠠᠭᠤᠳᠠᠯ ᠢ ᠬᠤᠷᠢᠶᠠᠩᠭᠤᠶᠢᠯᠠᠨ ᠡᠮᠬᠢᠯᠡᠵᠦ᠂ ᠵᠠᠷᠢᠮ ᠢ ᠨᠢ ᠨᠢᠭᠡᠨᠲᠡ ᠢᠯᠡᠳᠬᠡᠯ ᠳᠤ ᠢᠯᠡᠷᠡᠭᠦᠯᠵᠦ᠂ ᠵᠠᠷᠢᠮ ᠢ ᠨᠢ ᠨᠢᠭᠡᠨᠲᠡ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠲᠤ ᠬᠤᠪᠢᠶᠠᠨ ᠥᠭᠴᠦ ᠠᠯᠬᠤᠮ ᠠᠯᠬᠤᠮ ᠢᠶᠠᠷ ᠨᠠᠶᠢᠳᠠᠪᠦᠷᠢᠵᠢᠭᠤᠯᠤᠨ᠎ᠠ᠃     ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ    ᠵᠠᠰᠠᠭ ᠤᠨ ᠣᠷᠳᠣᠨ ᠤ ᠰᠢᠰᠲ᠋ᠧᠮ ᠡᠷᠬᠡᠪᠰᠢ ᠲᠠᠩᠰᠠ ᠲᠤᠰᠢᠶᠠᠬᠤ ᠤᠬᠠᠮᠰᠠᠷ᠂ ᠰᠢᠯᠭᠠᠯᠳᠠ ᠲᠤᠰᠢᠶᠠᠬᠤ ᠤᠬᠠᠮᠰᠠᠷ᠂ ᠦᠷ᠎ᠡ ᠪᠦᠳᠦᠮᠵᠢ ᠭᠠᠷᠭᠠᠬᠤ ᠤᠬᠠᠮᠰᠠᠷ ᠢᠶᠠᠨ ᠴᠢᠩᠭᠠᠳᠬᠠᠵᠤ᠂ ᠰᠠᠶᠢᠨ ᠬᠡᠷᠡᠭᠵᠢᠭᠦᠯᠦᠭᠴᠢ᠂ ᠠᠵᠢᠯᠯᠠᠭᠴᠢ᠂ ᠪᠣᠳᠠᠲᠠᠢ ᠪᠡᠶᠡᠯᠡᠬᠦᠯᠦᠭᠴᠢ ᠪᠣᠯᠵᠤ᠂ ᠠᠷᠠᠳ ᠲᠦᠮᠡᠨ ᠤ ᠰᠠᠨᠠᠭᠠᠨ ᠳᠤ ᠲᠠᠭᠠᠯᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠬᠤ ᠬᠡᠷᠡᠭᠲᠡᠢ᠃     ︵ᠨᠢᠭᠡ︶ ᠦᠨᠡᠨᠴᠢ ᠰᠢᠳᠤᠷᠭᠤ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠵᠤ᠂ ᠪᠦᠬᠦ ᠲᠠᠯ᠎ᠠ ᠪᠠᠷ ᠡᠵᠡᠮᠰᠢᠵᠤ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠭᠤᠣᠯ ᠰᠡᠳᠦᠪᠲᠦ ᠬᠥᠮᠦᠵᠢᠯ ᠪᠣᠯᠣᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠭᠦᠨᠵᠡᠭᠡᠢ ᠥᠷᠨᠢᠭᠦᠯᠵᠦ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠬᠦᠰᠡᠯᠡᠩ ᠢᠶᠠᠨ ᠪᠠᠲᠤᠳᠬᠠᠵᠤ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢᠶᠠᠨ ᠲᠠᠰᠤᠷᠠᠯᠲᠠ ᠦᠭᠡᠢ ᠲᠡᠭᠡᠭᠰᠢᠯᠡᠬᠦᠯᠦᠨ᠎ᠡ᠃ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠬᠤ ᠶᠢ ᠤᠬᠠᠮᠰᠠᠷ ᠠᠴᠠ ᠪᠠᠨ ᠠᠵᠢᠯ ᠢᠶᠠᠨ ᠲᠥᠯᠥᠪᠵᠢᠭᠦᠯᠬᠦ᠂ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠳᠤᠮᠳᠠ ᠢᠯᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾᠎ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠬᠦᠯᠦᠨ᠎ᠡ᠃     ︵ᠬᠤᠶᠠᠷ︶ ᠠᠵᠢᠯ ᠤᠨ ᠨᠠᠶᠢᠳᠠᠪᠤᠷᠢᠵᠢᠭᠤᠯᠤᠯᠲᠠ ᠶᠢ ᠶᠡᠬᠡᠪᠡᠷ ᠠᠳᠬᠤᠨ᠎ᠠ᠃ ᠡᠷᠬᠡᠪᠰᠢ ︽ᠢᠯᠡᠭᠦᠬᠡᠨ ᠬᠦᠶᠦᠵᠦ︾᠂ ᠦᠨᠳᠦᠰᠦᠨ ᠱᠠᠲᠤᠨ ᠳᠤ ᠬᠦᠵᠡᠭᠡᠶᠢᠷᠡᠵᠤ᠂ ᠤᠯᠠᠨ ᠲᠦᠮᠡᠨ ᠲᠠᠢ ᠠᠭᠤᠯᠵᠠᠬᠤ᠂ ᠠᠵᠤ ᠠᠬᠤᠶᠢᠯᠠᠯ ᠳᠤ ᠬᠦᠷᠴᠦ᠂ ᠭᠤᠤᠯ  ᠬᠠᠷᠢᠭᠤᠴᠠᠯᠭᠠᠳᠠᠨ ᠲᠠᠢ ᠵᠤᠯᠭᠠᠬᠤ᠂ ᠲᠡᠬᠡᠳᠦ ᠱᠠᠳᠤᠨ ᠳᠤ ᠬᠦᠷᠴᠦ᠂ ᠪᠠᠶᠢᠷᠢᠯᠠᠭᠤᠯᠤᠯᠲᠠ ᠶᠢ ᠠᠬᠢᠭᠤᠯᠬᠤ᠂ ᠰᠠᠯᠠᠭ᠎ᠠ ᠮᠥᠴᠢᠷ ᠲᠤ ᠬᠦᠷᠴᠦ᠂ ᠲᠦᠷᠦ ᠶᠢᠨ ᠪᠣᠳᠣᠯᠭ᠎ᠠ ᠶᠢ ᠠᠪᠬᠤ᠂ ᠭᠠᠳᠠᠷ ᠣᠷᠣᠨ ᠳᠤ ᠶᠠᠪᠤᠵᠤ᠂ ᠲᠦᠷᠦᠯ ᠵᠦᠢᠯ ᠲᠠᠲᠠᠬᠤ᠂  ᠶᠡᠭᠡ ᠳᠡᠭᠡᠳᠦ ᠰᠤᠷᠭᠠᠭᠤᠯᠢ ᠳᠤ ᠤᠴᠢᠵᠤ᠂ ᠴᠢᠳᠠᠪᠤᠷᠢᠲᠠᠨ ᠢ ᠤᠷᠢᠨ᠎ᠠ᠃ ︽ᠠᠵᠢᠯ ᠶᠠᠪᠤᠳᠠᠯ ᠢ ᠳᠠᠭᠤᠰᠬᠠᠬᠤ︾᠎ ᠳᠤ ᠠᠯᠢᠪᠠ ᠠᠵᠢᠯ ᠢ ᠡᠷᠬᠡᠪᠰᠢ ᠠᠵᠢᠯ ᠶᠠᠪᠤᠳᠠᠯ ᠳᠤ ᠵᠣᠷᠢᠭᠤᠯᠤᠨ ᠬᠢᠵᠦ᠂ ᠨᠢᠭᠡ ᠨᠢᠭᠡ ᠪᠠᠷ ᠪᠣᠳᠠᠲᠠᠢ ᠠᠵᠢᠯ ᠶᠠᠪᠤᠳᠠᠯ ᠳᠡᠭᠡᠷ᠎ᠡ  ᠨᠠᠶᠢᠳᠠᠪᠦᠷᠢᠵᠢᠭᠤᠯᠤᠨ᠎ᠠ᠃ ︽ᠦᠨᠡᠨ ᠢ ᠡᠷᠬᠢᠮᠯᠡᠵᠦ︾᠂ ᠦᠨᠡᠨ ᠦᠭᠡ ᠬᠡᠯᠡᠵᠦ᠂ ᠪᠣᠳᠠᠲᠠᠢ ᠠᠷᠭ᠎ᠠ ᠭᠠᠷᠭᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠪᠠᠷ ᠦᠭᠡ ᠬᠡᠯᠡᠨ᠎ᠡ᠃ ᠡᠷᠬᠡᠪᠰᠢ ᠣᠶᠢᠯᠠᠭᠠᠭᠳᠠᠬᠤᠨ ᠤ ᠲᠠᠯ᠎ᠠ ᠪᠠᠷ ᠵᠣᠷᠢᠭᠲᠠᠢ ᠪᠠᠷ ᠵᠠᠮ ᠰᠢᠪᠲᠤᠯᠵᠤ᠂ ᠠᠵᠢᠯ ᠤᠨ ᠲᠠᠯ᠎ᠠ ᠪᠠᠷ ᠵᠣᠷᠢᠭᠲᠠᠢ ᠪᠠᠷ ᠵᠠᠮ ᠰᠢᠪᠲᠤᠯᠵᠤ᠂ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠵᠣᠷᠢᠭᠲᠠᠢ ᠪᠠᠷ ᠵᠠᠮ ᠰᠢᠪᠳᠤᠯᠤᠨ᠎ᠠ᠃     ︵ᠭᠤᠷᠪᠠ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︿ᠨᠠᠢᠮᠠᠳᠤᠭᠠᠷ ᠲᠠᠪᠤᠨ ᠵᠢᠯ﹀᠎ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠤᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠲᠦᠯᠬᠢᠨ ᠠᠬᠢᠭᠤᠯᠤᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ ᠢ ᠲᠣᠭᠲᠠᠭᠠᠨ ᠨᠡᠶᠢᠲᠡᠯᠡᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠨᠤᠷᠮ᠎ᠠ ᠶᠢ ᠲᠡᠭᠡᠭᠰᠢᠯᠡᠬᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ  ᠬᠡᠰᠢᠬᠦᠳ ᠤᠨ ᠰᠠᠨᠠᠯ ᠲᠤᠷᠠᠳᠤᠯᠭ᠎ᠠ ᠶᠢ ᠦᠨᠳᠦᠷ ᠴᠢᠨᠠᠷ ᠢᠶᠠᠷ ᠪᠡᠶᠡᠯᠡᠬᠦᠯᠦᠨ᠎ᠡ᠃    ︵ᠳᠥᠷᠪᠡ︶ ᠠᠷᠢᠭᠤᠨ ᠴᠢᠬᠡᠴᠢ ᠪᠠᠷ ᠠᠵᠢᠯᠯᠠᠨ᠎ᠠ᠃ ᠨᠠᠮ ᠢᠶᠠᠨ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠷᠬᠡ ᠲᠥᠪᠯᠡᠷᠡᠭᠰᠡᠨ᠂ ᠪᠡᠯᠡ ᠮᠥᠩᠭᠦ ᠨᠢᠭᠲᠠᠷᠠᠭᠰᠠᠨ᠂ ᠡᠬᠢ ᠪᠠᠶᠠᠯᠢᠭ ᠡᠯᠪᠡᠭ ᠬᠤᠷᠠᠭᠰᠠᠨ ᠬᠦᠷᠢᠶ᠎ᠡ ᠴᠠᠷᠠᠭ᠎ᠠ ᠳᠠᠬᠢ ᠬᠢᠨᠠᠯᠲᠠ ᠶᠢ ᠴᠢᠩᠭᠠᠳᠬᠠᠵᠤ᠂ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠥᠬᠦᠷᠡᠯ ᠦᠭᠡᠢ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ︽ᠭᠠᠮᠨᠠᠵᠤ ᠠᠷᠪᠢᠯᠠᠬᠤ︾᠎ ᠶᠢ ᠪᠠᠷᠢᠮᠲᠠᠯᠠᠵᠤ᠂ ᠰᠢᠨ᠎ᠡ ᠪᠠᠷ ᠪᠠᠶᠢᠭᠤᠯᠤᠭᠰᠠᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ︽ᠭᠤᠷᠪᠠᠨ ᠵᠦᠢᠯ ᠤᠨ ᠠᠯᠪᠠᠨ ᠵᠠᠷᠤᠳᠠᠯ︾᠎ ᠢ ᠴᠢᠩᠭ᠎ᠠ ᠬᠢᠵᠠᠭᠠᠷᠯᠠᠵᠤ᠂ ᠣᠯᠠᠨ ᠨᠡᠶᠢᠲᠡ ᠶᠢᠨ ᠢᠨᠵᠧᠨᠧᠷᠢᠩ ᠤᠨ ᠬᠠᠮᠢᠶᠠᠷᠤᠯᠲᠠ ᠶᠢ ᠴᠢᠩᠳᠠᠯᠠᠵᠤ᠂ ᠠᠷᠭ᠎ᠠ ᠪᠦᠬᠦᠨ ᠢ ᠰᠦᠪᠡᠭᠴᠢᠯᠡᠨ ᠵᠠᠰᠠᠭ ᠤᠨ ᠣᠷᠳᠣᠨ ᠤ ᠥᠷᠢ ᠥᠭᠴᠡᠭᠡ ᠪᠠ ᠬᠤᠰᠢᠭᠤᠨ ᠤ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠷᠢ ᠥᠭᠴᠡᠭᠡ ᠶᠢ ᠠᠷᠢᠯᠭᠠᠵᠤ᠂ ᠰᠢᠨ᠎ᠡ ᠪᠠᠷ ᠨᠡᠮᠡᠭᠳᠡᠭᠰᠡᠨ ᠥᠷᠢ ᠥᠭᠴᠡᠭᠡ ᠶᠢ ᠴᠢᠩᠭ᠎ᠠ ᠬᠢᠵᠠᠭᠠᠷᠯᠠᠨ᠎ᠠ᠃ ᠬᠢᠨᠠᠨ ᠪᠤᠳᠤᠵᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠯᠡᠳᠡᠭᠰᠡᠨ 166 ᠨᠢᠭᠡᠨᠲᠡ ᠠᠵᠢᠯ ᠳᠠᠭᠤᠰᠤᠭᠰᠠᠨ ᠲᠥᠷᠥᠯ ᠵᠦᠢᠯ ᠤᠨ ᠲᠥᠰᠥᠪ ᠤᠨ ᠭᠦᠢᠴᠡᠳᠬᠡᠯ ᠤᠨ ᠬᠢᠨᠠᠨ ᠪᠣᠳᠣᠯᠲᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠡᠯ᠎ᠡ ᠱᠠᠲᠤᠨ ᠤ ᠬᠢᠨᠠᠨ ᠪᠤᠳᠤᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠦᠭᠡᠶᠢᠰᠭᠡᠬᠦ ᠶᠢ ᠲᠦᠯᠬᠢᠨ ᠠᠬᠢᠭᠤᠯᠤᠨ᠎ᠠ᠃     ᠲᠥᠯᠥᠭᠡᠯᠡᠭᠴᠢᠳ ᠠ᠋︕ ᠢᠷᠡᠭᠡᠳᠦᠢ  ᠬᠡᠭᠡᠨ ᠰᠠᠷᠠᠭᠤᠯ ᠪᠠᠶᠢᠨ᠎ᠠ᠂ ᠡᠷᠬᠡᠪᠰᠢ ᠰᠠᠶᠢᠨ ᠲᠣᠬᠢᠶᠠᠯ ᠢ ᠵᠠᠪᠳᠤᠨ᠂ ᠠᠷᠠᠳ ᠲᠦᠮᠡᠨ ᠤ ᠲᠥᠯᠥᠭᠡ ᠡᠷᠡᠯᠬᠡᠭᠯᠡᠨ ᠤᠷᠤᠭᠰᠢᠯᠠᠵᠤ᠂ ᠡᠷᠬᠡᠪᠰᠢ ᠪᠡᠶ᠎ᠡ ᠪᠠᠷ ᠢᠶᠠᠨ ᠦᠨᠡᠨ ᠪᠣᠳᠠᠲᠠᠢ ᠪᠠᠷ ᠠᠵᠢᠯᠯᠠᠬᠤ ᠵᠤᠷᠢᠭ ᠰᠠᠨᠠᠭ᠎ᠠ ᠶᠢ ᠪᠠᠷᠢᠮᠳᠠᠯᠠᠬᠤ ᠬᠡᠷᠡᠭᠲᠡᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ ᠲᠦᠮᠡᠨ ᠳᠤ ᠲᠦᠰᠢᠭᠯᠡᠵᠦ᠂ ᠣᠯᠠᠨ ᠤ ᠵᠣᠷᠢᠭ ᠢ ᠲᠥᠪᠯᠡᠷᠡᠭᠦᠯᠦᠨ᠂ ᠵᠣᠷᠢᠭᠲᠠᠢ ᠠᠵᠢᠯᠯᠠᠵᠤ᠂ ᠡᠮᠦᠨ᠎ᠡ ᠨᠢ ᠶᠠᠪᠤᠵᠤ᠂ ᠰᠢᠨ᠎ᠡ ᠵᠠᠮ ᠢ ᠨᠡᠭᠡᠭᠡᠵᠦ᠂ ︽ᠲᠤᠯᠠᠭᠠᠨ ᠡᠵᠡᠨ ᠬᠤᠷᠤᠭ᠎ᠠ︾᠎ ᠶᠢ ᠬᠠᠮᠳᠤᠪᠡᠷ ᠪᠦᠳᠦᠬᠡᠨ ᠪᠠᠶᠢᠭᠤᠯᠵᠤ᠂ ᠤᠳᠤᠬᠢᠴᠢᠯᠠᠭᠰᠠᠨ ᠡᠵᠡᠨ ᠬᠤᠷᠤᠭ᠎ᠠ ᠶᠢᠨ ᠪᠦᠳᠦᠬᠡᠨ ᠪᠠᠶᠢᠭᠤᠯᠤᠯᠳᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕     
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ