ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ  ᠾᠧ ᠵᠢᠶᠠ
ᠨᠡᠶᠢᠲᠡᠯᠡᠭᠰᠡᠨ ᠴᠠᠭ᠄
2024/3/7
       ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠬᠠᠤᠯᠢ ᠬᠡᠷᠡᠭᠵᠢᠭᠦᠯᠬᠦ ᠠᠵᠢᠯᠲᠠᠨ ᠪᠣᠯᠤᠭᠰᠠᠨ ᠤ ᠬᠤᠪᠢ ᠳᠤ᠂ ᠲᠥᠪ ᠭᠤᠥᠯᠴᠢ ᠰᠢᠳᠤᠷᠭᠤ ᠶᠣᠰᠣ ᠪᠠᠷ ᠬᠠᠤᠯᠢ ᠬᠡᠷᠡᠭᠵᠢᠭᠦᠯᠬᠦ ᠪᠣᠯ ᠬᠠᠮᠤᠭ ᠤᠨ ᠶᠡᠭᠡ ᠬᠠᠷᠢᠭᠤᠴᠠᠯᠭ᠎ᠠ ᠪᠠ ᠡᠭᠦᠷᠭᠡᠯᠡᠯ ᠮᠥᠨ᠃ ᠪᠢᠳᠡ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ᠂ ᠵᠢᠷᠤᠮᠵᠢᠯ ᠲᠠᠢ ᠬᠠᠤᠯᠢ ᠬᠡᠷᠡᠭᠵᠢᠭᠦᠯᠬᠦ᠂ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ᠂ ᠣᠶᠤᠨᠴᠢ ᠪᠠᠷ ᠬᠠᠤᠯᠢ ᠬᠡᠷᠡᠭᠵᠢᠭᠦᠯᠬᠦ᠂ ᠠᠷᠢᠭᠤᠨ ᠴᠢᠬᠡᠴᠢ ᠪᠠᠷ ᠬᠠᠤᠯᠢ ᠬᠡᠷᠡᠭᠵᠢᠭᠦᠯᠬᠦ ᠶᠢ ᠪᠠᠷᠢᠮᠲᠠᠯᠠᠵᠤ᠂ ︽ᠵᠢᠷᠭᠤᠭᠠᠨ ᠡᠷᠦᠢ ᠬᠤᠷᠤᠢ ᠦᠭᠡᠢ ᠬᠤᠶᠠᠷ ᠴᠠᠭᠠᠵᠠᠯᠠᠯ︾ ᠵᠢᠴᠢ ᠭᠠᠵᠠᠷ ᠰᠢᠷᠣᠢ ᠶᠢᠨ ᠬᠡᠷᠡᠯ ᠵᠢᠷᠤᠭ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠤᠯᠢ ᠶᠣᠰᠣᠭᠠᠷ ᠥᠷᠨᠢᠭᠦᠯᠵᠦ᠂ ᠲᠦᠷᠦᠭᠦᠯᠡᠨ ᠬᠠᠤᠯᠢ ᠬᠡᠷᠡᠭᠵᠢᠭᠦᠯᠬᠦ ᠳᠠᠪᠠᠭᠤᠯᠢᠭ ᠢ ᠦᠨᠳᠦᠰᠦᠨ ᠱᠠᠲᠤᠨ ᠤ ᠵᠠᠰᠠᠯᠲᠠ ᠶᠢᠨ ᠦᠢᠯᠡᠳᠦᠯ ᠴᠢᠳᠠᠪᠤᠷᠢ ᠪᠣᠯᠭᠠᠨ ᠬᠤᠪᠢᠷᠠᠭᠤᠯᠤᠨ᠎ᠠ︔ ᠰᠢᠶᠠᠩ ᠪᠠᠯᠭᠠᠰᠤᠨ ᠤ ᠬᠠᠮᠲᠤᠷᠠᠨ ᠬᠠᠤᠯᠢ ᠬᠡᠷᠡᠭᠵᠢᠭᠦᠯᠬᠦ ᠲᠣᠣᠷ ᠰᠦᠯᠵᠢᠶᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠠᠯᠤᠰᠯᠠᠭᠰᠠᠨ᠂ ᠬᠦᠷᠢᠶ᠎ᠡ ᠬᠡᠪᠴᠢᠶ᠎ᠡ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠪᠠ︔ ᠬᠦᠨᠳᠦ ᠶᠡᠭᠡ ᠬᠡᠷᠡᠭ ᠤᠨ ︽ᠵᠠᠰᠠᠭ ᠤᠨ ᠣᠷᠳᠣᠨ ᠪᠠ ᠰᠢᠭᠦᠬᠦ ᠬᠤᠷᠢᠶ᠎ᠠ ᠬᠠᠮᠲᠤᠷᠠᠨ ᠬᠥᠳᠡᠯᠦᠯᠴᠡᠬᠦ︾ ᠪᠠ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠭᠦᠨᠵᠡᠭᠡᠢ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ ᠂ ᠬᠠᠤᠯᠢ ᠬᠡᠷᠡᠭᠵᠢᠭᠦᠯᠦᠯᠲᠡ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠠᠤᠯᠢ ᠬᠡᠷᠡᠭᠵᠢᠭᠦᠯᠦᠯᠲᠡ ᠶᠢᠨ ᠬᠠᠷᠰᠢ ᠰᠠᠭᠠᠳ ᠢ ᠪᠠᠭᠠᠰᠬᠠᠵᠤ᠂ ᠬᠠᠤᠯᠢ ᠬᠡᠷᠡᠭᠵᠢᠭᠦᠯᠦᠯᠲᠡ ᠶᠢᠨ ᠥᠪᠡᠷ ᠤᠨ ᠦᠷᠳᠡᠭ ᠢ ᠪᠠᠭᠤᠷᠠᠭᠤᠯᠪᠡ︔ ᠣᠯᠠᠨ ᠲᠦᠮᠡᠨ ᠤ ᠠᠩᠬᠠᠷᠤᠯ ᠳᠤ ᠴᠠᠭ ᠲᠤᠬᠠᠢ ᠳᠤᠨᠢ ᠬᠠᠷᠢᠭᠤᠯᠲᠠ ᠦᠭᠪᠡ᠃ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠬᠠᠤᠯᠢ ᠪᠤᠰᠤ ᠪᠠᠷ ᠡᠯᠡᠰᠦ ᠮᠠᠯᠲᠠᠬᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠲᠣᠭᠤᠷᠢᠨ ᠪᠠᠶᠢᠴᠠᠭᠠᠯᠲᠠ ᠶᠢ ᠪᠠᠶᠢᠩᠭᠤᠵᠢᠭᠤᠯᠬᠤ ᠶᠢ ᠨᠠᠶᠢᠳᠠᠪᠤᠷᠢᠵᠢᠭᠤᠯᠵᠤ᠂ ᠨᠡᠶᠢᠭᠡᠮ ᠤᠨ ᠬᠢᠨᠠᠯᠲᠠ ᠶᠢ ᠴᠢᠩᠭᠠᠳᠬᠠᠵᠤ᠂ ᠨᠡᠩ ᠴᠤ ᠬᠠᠤᠯᠢ ᠶᠣᠰᠣᠭᠠᠷ ᠵᠠᠰᠠᠭ ᠶᠠᠪᠤᠭᠤᠯᠵᠤ᠂ ᠴᠢᠩᠭ᠎ᠠ ᠪᠠᠶᠢᠴᠠᠭᠠᠨ ᠡᠵᠡᠮᠳᠡᠵᠦ᠂ ᠠᠷᠠᠳ ᠤᠯᠠᠨ ᠳᠤ ᠬᠠᠤᠯᠢ ᠬᠡᠷᠡᠭᠵᠢᠭᠦᠯᠬᠦ ᠠᠵᠢᠯᠯᠠᠭ᠎ᠠ᠂ ᠬᠡᠷᠡᠭ ᠰᠢᠢᠳᠪᠦᠷᠢᠯᠡᠬᠦ ᠶᠠᠪᠤᠴᠠ ᠳᠤ ᠴᠥᠮ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠵᠤ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ