ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠤᠸᠠᠨ ᠪᠦᠦ ᠬᠤᠸᠠ
ᠨᠡᠶᠢᠲᠡᠯᠡᠭᠰᠡᠨ ᠴᠠᠭ᠄
2024/3/7
      ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ ᠪᠠᠰᠠ ᠤᠰᠤᠨ ᠠᠰᠢᠭᠯᠠᠯᠲᠠ ᠶᠢᠨ ᠠᠵᠢᠯ ᠤᠨ ᠲᠤᠰᠬᠠᠢ ᠮᠡᠷᠭᠡᠵᠢᠯ ᠤᠨ ᠠᠵᠢᠯᠲᠠᠨ ᠪᠣᠯᠤᠭᠰᠠᠨ ᠤ ᠬᠤᠪᠢ ᠳᠤ᠂ ᠪᠢ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠢ ᠶᠢᠨ ᠠᠰᠠᠭᠤᠳᠠᠯ ᠢ ᠠᠩᠬᠠᠷᠴᠤ ᠪᠠᠶᠢᠨ᠎ᠠ᠃ ᠰᠤᠷᠪᠤᠯᠵᠢᠯᠠᠬᠤ ᠪᠠ ᠪᠠᠶᠢᠴᠠᠭᠠᠨ ᠰᠤᠳᠤᠯᠤᠯᠲᠠ ᠬᠢᠬᠦ ᠪᠠᠷ ᠳᠡᠮᠵᠢᠨ ᠣᠯᠵᠤ ᠮᠡᠳᠡᠭᠰᠡᠨ ᠨᠢ᠂ ᠤᠰᠤ ᠶᠢ ᠬᠠᠶᠢᠷᠠᠯᠠᠵᠤ ᠤᠰᠤ ᠶᠢ ᠬᠠᠮᠠᠭᠠᠯᠠᠬᠤ ᠠᠭᠤᠷ ᠠᠮᠢᠰᠬᠤᠯ ᠬᠠᠷᠠᠬᠠᠨ ᠪᠦᠷᠢᠯᠳᠦᠭᠡᠳᠦᠢ᠂ ᠨᠡᠶᠢᠭᠡᠮ ᠤᠨ ᠬᠡᠰᠡᠭ ᠬᠥᠮᠥᠰ ᠤᠨ ᠤᠰᠤᠨ ᠤ ᠡᠬᠢ ᠪᠠᠶᠠᠯᠢᠭ ᠤᠨ ᠣᠳᠣᠬᠢ ᠪᠠᠶᠢᠳᠠᠯ ᠢ ᠳᠡᠮᠡᠢ ᠣᠶᠢᠯᠠᠭᠠᠬᠤ ᠦᠭᠡᠢ᠂ ᠲᠠᠨᠢᠯᠲᠠ ᠭᠦᠨ ᠪᠢᠰᠢ᠂ ᠤᠰᠤᠨ ᠤ ᠠᠮᠤᠷ ᠲᠦᠪᠰᠢᠨ᠂ ᠤᠰᠤᠨ ᠤ ᠲᠠᠯᠳᠠ ᠠᠶᠤᠯ᠂ ᠤᠰᠤᠨ ᠤ ᠶᠣᠰᠣ ᠮᠣᠷᠠᠯ ᠤᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ᠂ ᠢᠯᠠᠩᠭᠤᠶ᠎ᠠ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠰᠤᠨ ᠤ ᠡᠬᠢ ᠪᠠᠶᠠᠯᠢᠭ ᠤᠨ ᠲᠤᠬᠠᠢ ᠬᠥᠮᠦᠵᠢᠯ ᠢ ᠵᠢᠷᠤᠮᠵᠢᠭᠤᠯᠤᠨ ᠴᠢᠩᠭᠠᠳᠬᠠᠬᠤ ᠴᠢᠬᠤᠯᠠᠲᠠᠢ ᠪᠠᠶᠢᠨ᠎ᠠ᠃ ᠤᠰᠦᠠ ᠤ ᠡᠬᠢ ᠪᠠᠶᠠᠯᠢᠭ ᠤᠨ ᠲᠤᠬᠠᠢ ᠬᠥᠮᠦᠵᠢᠯ ᠢ ᠭᠦᠨᠵᠡᠭᠡᠢ ᠥᠷᠭᠡᠨ ᠳᠡᠯᠭᠡᠷᠡᠩᠭᠦᠢ ᠪᠠᠷ ᠥᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠵᠣᠬᠢᠶᠠᠨ ᠪᠠᠶᠢᠭᠤᠯᠤᠨ ᠤᠰᠦᠠ ᠠᠰᠢᠭᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠶᠢ ᠲᠣᠭᠤᠷᠢᠨ ᠦᠵᠡᠭᠦᠯᠬᠦ᠂ ᠭᠤᠣᠯ ᠮᠥᠷᠡᠨ ᠨᠠᠭᠤᠷ ᠴᠥᠭᠦᠷᠥᠮ ᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃ ᠡᠭᠦᠨ ᠤ ᠲᠤᠯᠠᠳᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠪᠢ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠵᠤ᠂ ᠤᠰᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠢ ᠥᠷᠨᠢᠭᠦᠯᠵᠦ᠂ ᠤᠰᠤᠨ ᠤ ᠮᠡᠳᠡᠯᠭᠡ ᠶᠢ ᠤᠯᠠᠮᠵᠢᠯᠠᠵᠤ ᠂ ᠤᠰᠤᠨ ᠤ ᠰᠣᠶᠣᠯ ᠢ ᠤᠬᠠᠭᠤᠯᠤᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ