ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠮᠠ ᠴᠦᠨ ᠮᠧᠶ᠄
ᠨᠡᠶᠢᠲᠡᠯᠡᠭᠰᠡᠨ ᠴᠠᠭ᠄
2024/3/7
      ᠪᠢ ᠪᠣᠯ ᠦᠨᠳᠦᠰᠦᠨ ᠱᠠᠲᠤᠨ ᠠᠴᠠ ᠢᠷᠡᠭᠰᠡᠨ ᠲᠥᠯᠥᠭᠡᠯᠡᠭᠴᠢ᠂ ᠮᠦᠨ ᠴᠤ ᠨᠡᠶᠢᠭᠡᠮ ᠲᠣᠭᠤᠷᠢᠭ ᠤᠨ ᠠᠵᠢᠯᠲᠠᠨ᠂ ᠪᠢ ᠨᠡᠶᠢᠭᠡᠮ ᠲᠣᠭᠤᠷᠢᠭ ᠤᠨ ᠬᠡᠷᠡᠭ ᠶᠠᠪᠤᠳᠠᠯ ᠪᠠ ᠨᠡᠶᠢᠭᠡᠮ ᠲᠣᠭᠤᠷᠢᠭ ᠤᠨ ᠠᠵᠢᠯᠲᠠᠨ ᠳᠤ ᠬᠠᠮᠤᠭ ᠤᠨ ᠰᠢᠭᠤᠳ ᠲᠥᠷᠥᠭᠳᠡᠯ ᠲᠠᠢ ᠶᠤᠮ᠃ ᠨᠡᠶᠢᠭᠡᠮ ᠲᠣᠭᠤᠷᠢᠭ ᠤᠨ ᠠᠵᠢᠯᠲᠠᠳ ᠤᠨ ᠠᠵᠢᠯ ᠤᠨ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠬᠦ ᠶᠢᠨ ᠨᠡᠩ ᠤᠯᠠᠨ ᠰᠢᠯᠢᠳᠡᠭ ᠴᠢᠳᠠᠪᠤᠷᠢᠲᠠᠨ ᠢ ᠨᠡᠶᠢᠭᠡᠮ ᠲᠣᠭᠤᠷᠢᠭ ᠤᠨ ᠠᠵᠢᠯ ᠳᠤ ᠣᠷᠣᠯᠴᠠᠭᠤᠯᠵᠤ ᠂ ᠨᠡᠶᠢᠭᠡᠮ ᠲᠣᠭᠤᠷᠢᠭ ᠤᠨ ᠥᠨᠳᠥᠷ ᠬᠡᠪ ᠪᠣᠯᠪᠠᠰᠤᠷᠠᠯ ᠲᠠᠢ᠂ ᠲᠤᠰᠬᠠᠶᠢᠵᠢᠭᠰᠠᠨ ᠭᠤᠣᠯᠯᠠᠭᠴᠢ ᠡᠩᠨᠡᠭᠡ ᠶᠢ ᠪᠠᠶᠢᠭᠤᠯᠵᠤ᠂ ᠨᠡᠶᠢᠭᠡᠮ ᠲᠣᠭᠤᠷᠢᠭ ᠤᠨ ᠠᠷᠠᠳ ᠲᠦᠮᠡᠨ ᠳᠤ ᠦᠢᠯᠡᠴᠢᠯᠡᠬᠦ ᠴᠢᠳᠠᠮᠵᠢ ᠶᠢ ᠴᠢᠩᠭᠠᠳᠬᠠᠵᠤ᠂ ᠮᠢᠨᠤ ᠰᠠᠨᠠᠯ ᠰᠠᠨᠠᠭᠤᠯᠭ᠎ᠠ ᠪᠣᠯ᠄ ᠨᠡᠶᠢᠭᠡᠮ ᠲᠣᠭᠤᠷᠢᠭ ᠤᠨ ᠠᠵᠢᠯᠲᠠᠨ ᠤ ︽ᠭᠤᠷᠪᠠᠨ ᠠᠵᠢᠯ ᠤᠨ ᠪᠠᠶᠢᠷᠢ ᠠᠷᠪᠠᠨ ᠨᠠᠢᠮᠠᠨ ᠳᠡᠰ︾᠎ ᠤᠨ ᠴᠠᠯᠢᠩ ᠣᠯᠭᠤᠮᠵᠢ ᠶᠢᠨ ᠰᠢᠰᠲ᠋ᠧᠮ ᠢ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠴᠠᠯᠢᠩ ᠣᠯᠭᠤᠮᠵᠢ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠠᠵᠢᠯᠲᠠᠨ ᠤ ᠰᠡᠳᠬᠢᠯ ᠢ ᠲᠠᠶᠢᠪᠤᠰᠢᠷᠠᠭᠤᠯᠤᠨ᠎ᠠ᠃ ᠬᠠᠷᠠᠭᠠᠯᠵᠠᠯ ᠢᠶᠠᠷ ᠡᠷᠴᠢ ᠵᠣᠷᠢᠭ ᠢ ᠬᠥᠭᠵᠢᠭᠡᠨ᠂ ᠠᠵᠢᠯ ᠢ ᠠᠬᠢᠭᠤᠯᠵᠤ᠂ ᠨᠡᠶᠢᠭᠡᠮ ᠲᠣᠭᠤᠷᠢᠭ ᠤᠨ ᠠᠵᠢᠯᠲᠠᠳ ᠢ ᠬᠦᠰᠡᠯ ᠡᠷᠡᠮᠡᠯᠵᠠᠯ ᠲᠠᠢ ᠪᠤᠯᠭᠠᠨ᠎ᠠ︔ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠳᠤ ᠦᠨᠳᠦᠰᠦᠨ ᠱᠠᠲᠤᠨ ᠤ ᠠᠵᠢᠯ ᠤᠨ ᠬᠦᠴᠦᠨ ᠢ ᠬᠤᠷᠠᠮᠳᠤᠭᠤᠯᠵᠤ ᠥᠭᠬᠦ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠨ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠬᠦᠴᠦᠲᠡᠢ ᠲᠦᠰᠢᠭ ᠲᠤᠯᠭᠠᠭᠤᠷᠢ ᠬᠠᠩᠭᠠᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ