ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢ ᠾᠧ ᠯᠢ ᠮᠧᠶ
ᠨᠡᠶᠢᠲᠡᠯᠡᠭᠰᠡᠨ ᠴᠠᠭ᠄
2024/3/7
      ᠵᠠᠰᠠᠭ ᠤᠨ ᠣᠷᠳᠣᠨ ᠤ ᠢᠯᠡᠳᠬᠡᠯ ᠤᠨ ᠠᠵᠢᠯ ᠤᠨ ᠳ᠋ᠦᠩᠨᠡᠯᠲᠡ ᠨᠢ ᠦᠨᠡᠨ ᠠᠴᠠ ᠵᠥᠪ ᠢ ᠡᠷᠢᠵᠦ᠂ ᠲᠣᠪᠣᠶᠢᠮ᠎ᠠ ᠠᠮᠵᠢᠯᠲᠠ ᠪᠦᠲᠦᠮᠵᠢ ᠣᠯᠵᠤ᠂ ᠠᠵᠢᠯ ᠤᠨ ᠥᠷᠲᠡᠭᠡ ᠶᠢ ᠪᠠᠶᠢᠷᠢᠯᠠᠭᠤᠯᠬᠤ ᠪᠠᠶᠢᠷᠢ ᠰᠠᠭᠤᠷᠢ ᠨᠢ ᠥᠨᠳᠥᠷ᠂ ᠰᠡᠳᠬᠢᠮᠵᠢ ᠨᠢ ᠲᠣᠳᠣᠷᠬᠠᠢ᠂ ᠬᠠᠷᠠᠯᠲᠠ ᠨᠢ ᠲᠣᠳᠣᠷᠬᠠᠢ ᠪᠠᠶᠢᠨ᠎ᠠ᠃ ᠨᠡᠶᠢᠭᠡᠮ ᠲᠣᠭᠤᠷᠢᠭ ᠤᠨ ᠠᠵᠢᠯᠲᠠᠨ ᠪᠣᠯᠤᠭᠰᠠᠨ ᠤ ᠬᠤᠪᠢ ᠳᠤ᠂ ᠪᠢ ᠲᠤᠩᠭᠠᠯᠠᠭ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠲᠠᠶᠢᠴᠢᠯᠠᠯᠳᠠ᠂ ᠵᠣᠯ ᠵᠢᠷᠭᠠᠯᠲᠤ ᠰᠣᠶᠣᠯ ᠰᠤᠷᠭᠠᠨ ᠬᠥᠮᠦᠵᠢᠯ ᠤᠨ ᠲᠦᠷᠦᠯ ᠲᠡᠮᠳᠡᠭ ᠢ ᠬᠠᠮᠲᠤᠪᠠᠷ ᠡᠳ᠋ᠯᠡᠬᠦ ᠳᠤ ᠬᠦᠴᠦ ᠪᠠᠨ ᠡᠷᠬᠦᠵᠦ᠂ ᠨᠡᠶᠢᠭᠡᠮ ᠲᠣᠭᠤᠷᠢᠭ ᠤᠨ ᠦᠢᠯᠡᠰ ᠪᠣᠰᠬᠠᠵᠤ ᠠᠵᠢᠯ ᠣᠯᠭᠤᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠭᠠᠯᠢ ᠠᠷᠠᠳ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠨ᠂ ︽ᠨᠡᠶᠢᠭᠡᠮ ᠲᠣᠭᠤᠷᠢᠭ ᠤᠨ ᠰᠡᠳᠬᠢᠯ ᠢ ᠳᠤᠯᠠᠭᠠᠴᠠᠭᠤᠯᠬᠤ︾ ᠎ ᠪᠠᠷ ᠠᠴᠢᠶᠠᠯᠠᠪᠤᠷᠢ ᠪᠣᠯᠭᠠᠵᠤ᠂ ᠡᠬᠢ ᠪᠠᠶᠠᠯᠢᠭ ᠢ ᠨᠡᠶᠢᠯᠡᠬᠦᠯᠬᠦ ᠶᠢ ᠴᠢᠩᠭᠠᠳᠬᠠᠵᠤ᠂ ᠦᠢᠯᠡᠴᠢᠯᠡᠭᠡᠨ ᠤ ᠴᠢᠳᠠᠪᠬᠢ ᠶᠢ ᠲᠠᠰᠤᠷᠠᠯᠲᠠ ᠦᠭᠡᠢ ᠥᠷᠭᠡᠳᠬᠡᠵᠦ᠂ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ ᠪᠠᠷ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠦᠨ᠎ᠡ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ