ᠪᠠᠶᠠᠨᠪᠤᠯᠠᠭ ᠲᠣᠰᠬᠤᠨ ᠤ ᠡᠯᠵᠢᠭᠡ ᠲᠡᠵᠢᠭᠡᠨ ᠦᠷᠡᠵᠢᠭᠦᠯᠬᠦ ᠠᠵᠢᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠥᠳᠡᠯᠭᠡᠭᠦᠷ ᠪᠣᠯᠪᠠ
ᠨᠡᠶᠢᠲᠡᠯᠡᠭᠰᠡᠨ ᠴᠠᠭ᠄
2024/4/1
      ᠡᠰᠡᠨᠢᠯ ᠤᠨ ᠤᠷᠢᠬᠠᠨ ᠬᠠᠪᠤᠷ ᠲᠤ ᠲᠦᠮᠡᠨ ᠪᠤᠳᠠᠰ ᠠᠮᠢᠯᠠᠨ᠎ᠠ᠃ ᠡᠨᠡᠬᠦ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠤᠯᠠᠷᠢᠯ ᠳᠤ᠂ ᠪᠠᠶᠠᠨᠪᠤᠯᠠᠭ ᠲᠣᠰᠬᠤᠨ ᠤ ᠡᠯᠵᠢᠭᠡ ᠲᠡᠵᠢᠭᠡᠨ ᠦᠷᠡᠵᠢᠭᠦᠯᠬᠦ ᠠᠵᠤ ᠦᠢᠯᠡᠰ   ᠠᠩᠬ᠎ᠠ ᠤᠳᠠᠭ᠎ᠠ ᠡᠯᠵᠢᠭᠡ ᠪᠠᠨ ᠬᠤᠳᠠᠯᠳᠤᠭᠠᠳ ᠠᠰᠢᠭ ᠣᠯᠣᠯ᠎ᠠ ᠭᠡᠬᠦ ᠪᠠᠶᠠᠷ ᠤᠨ ᠴᠢᠮᠡᠭᠡ ᠤᠯᠠᠮᠵᠢᠯᠠᠭᠳᠠᠯ᠎ᠠ᠃  ᠪᠠᠶᠠᠷ ᠤᠨ ᠴᠢᠮᠡᠭᠡ ᠨᠢ ᠤᠷᠢᠬᠠᠨ ᠰᠠᠯᠬᠢ ᠮᠡᠲᠦ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠥᠭᠡᠳ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠰᠠᠶᠢᠨ ᠰᠠᠶᠢᠬᠠᠨ ᠢᠷᠡᠭᠡᠳᠦᠢ ᠶᠢ ᠴᠦ ᠳᠡᠯᠭᠡᠨ ᠦᠵᠡᠭᠦᠯᠵᠡᠢ᠃      ᠤᠯᠠᠮᠵᠢᠯᠠᠯᠲᠤ ᠲᠠᠷᠢᠶᠠᠯᠠᠩ ᠠᠴᠠ ᠣᠨᠴᠠᠯᠢᠭᠲᠤ ᠲᠡᠵᠢᠭᠡᠨ ᠦᠷᠡᠵᠢᠭᠦᠯᠬᠦ ᠬᠦᠷᠲᠡᠯᠡᠬᠢ ᠶᠠᠪᠤᠴᠠ ᠨᠢ ᠲᠣᠰᠬᠤᠨ ᠤ ᠬᠠᠮᠲᠤ ᠶᠢᠨ ᠰᠢᠨ᠎ᠡ ᠲᠤᠷᠰᠢᠯᠲᠠ ᠪᠤᠯᠪᠠ᠃ ᠣᠶᠢᠷ᠎ᠠ ᠶᠢᠨ ᠵᠢᠯ ᠠᠴᠠ ᠨᠠᠭᠠᠰᠢ᠂ ᠪᠠᠶᠠᠨᠪᠤᠯᠠᠭ ᠲᠣᠰᠬᠤᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠲᠤᠬᠠᠶ ᠶᠢᠨ ᠭᠠᠵᠠᠷ ᠤᠨ ᠡᠯᠪᠡᠭ ᠪᠠᠶᠠᠯᠢᠭ ᠪᠠᠶᠢᠭᠠᠯᠢ ᠶᠢᠨ ᠡᠬᠢ ᠪᠠᠶᠠᠯᠢᠭ ᠪᠣᠯᠤᠨ ᠥᠪᠡᠷᠮᠢᠴᠡ ᠭᠠᠵᠠᠷ ᠵᠦᠶ ᠶᠢᠨ ᠳᠠᠪᠠᠭᠤᠯᠢᠭ ᠲᠤ ᠪᠠᠨ ᠲᠦᠰᠢᠭᠯᠡᠨ᠂ ᠬᠠᠷ᠎ᠠ ᠡᠯᠵᠢᠭᠡ ᠲᠡᠵᠢᠭᠡᠨ ᠦᠷᠡᠵᠢᠭᠦᠯᠬᠦ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠲᠣᠰᠬᠤᠨ ᠤ ᠠᠵᠤ  ᠦᠢᠯᠡᠰ ᠤᠨ ᠪᠦᠲᠦᠴᠡ ᠶᠢ ᠪᠠᠶᠠᠯᠢᠬᠵᠢᠭᠤᠯᠵᠣ᠂ ᠲᠣᠰᠬᠤᠨ ᠤ ᠠᠷᠠᠳ ᠲᠤ ᠨᠠᠩ ᠣᠯᠠᠨ ᠠᠵᠢᠯ ᠣᠯᠭᠤᠬᠤ ᠲᠣᠬᠢᠶᠠᠯ ᠬᠠᠩᠭᠠᠭᠰᠠᠨ ᠪᠠᠶᠢᠨ᠎ᠠ᠃       ᠨᠠᠷᠢᠯᠢᠭ ᠠᠷᠠᠴᠢᠯᠠᠭᠰᠠᠨ ᠠᠴᠠ ᠬᠠᠷ᠎ᠠ ᠡᠯᠵᠢᠭᠡ ᠲᠣᠰᠬᠤᠨ ᠤ ᠪᠠᠨ ︽ᠤᠳᠤᠨ︾ ᠪᠣᠯᠪᠠ᠃  ᠰᠠᠶᠢᠨ  ᠡᠭᠦᠯᠳᠡᠷ ᠤᠨ ᠡᠯᠵᠢᠭᠡ ᠎ ᠶᠢ ᠣᠷᠣᠭᠤᠯᠤᠨ ᠠᠪᠴᠢᠷᠠᠵᠤ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠮᠡᠷᠭᠡᠵᠢᠯ ᠢ ᠳᠡᠯᠭᠡᠷᠡᠭᠦᠯᠵᠦ᠂ ᠶᠠᠰᠤ ᠴᠢᠨᠠᠷ ᠤᠨ ᠴᠢᠩᠭ᠎ᠠ ᠬᠠᠮᠢᠶᠠᠷᠤᠯᠲᠠ ᠶᠢᠨ ᠰᠢᠰᠲ᠋ᠧᠮ ᠢ  ᠪᠠᠶᠢᠭᠤᠯᠤᠭᠰᠠᠨ ᠢᠶᠠᠷ ᠪᠠᠶᠠᠨᠪᠤᠯᠠᠭ ᠲᠣᠰᠬᠤᠨ ᠤ ᠡᠯᠵᠢᠭᠡ ᠲᠡᠵᠢᠭᠡᠨ ᠦᠷᠡᠵᠢᠭᠦᠯᠬᠦ ᠠᠵᠤ  ᠦᠢᠯᠡᠰ ᠠᠯᠬᠤᠮ ᠠᠯᠬᠤᠮ ᠢᠶᠠᠷ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠲᠥᠷᠥᠯ ᠲᠡᠮᠳᠡᠭᠵᠢᠭᠰᠡᠨ ᠬᠥᠭᠵᠢᠯᠲᠡ ᠶᠢᠨ ᠵᠠᠮ ᠢᠶᠠᠷ  ᠵᠠᠮᠨᠠᠵᠣ ᠂ ᠲᠣᠰᠬᠤᠨ ᠤ ᠠᠷᠠᠳ  ᠤᠨ ᠣᠷᠤᠯᠭ᠎ᠠ ᠶᠢ ᠨᠡᠮᠡᠭᠳᠡᠭᠦᠯᠦᠨ ᠠᠮᠢᠳᠤᠷᠠᠯ ᠳᠤ ᠨᠢ ᠪᠠᠶᠠᠷ ᠵᠢᠷᠭᠠᠯ  ᠪᠠ ᠬᠦᠰᠡᠯ ᠡᠷᠡᠮᠡᠯᠵᠡᠯ ᠠᠪᠴᠢᠷᠠᠵᠤ᠂ ᠲᠣᠰᠬᠤᠨ ᠤ ︽ᠣᠳᠣᠨ︾ ᠪᠣᠯᠪᠠ᠃        ᠪᠣᠷᠣᠯᠠᠭᠤᠯᠭ᠎ᠠ ᠠᠮᠵᠢᠯᠲᠠ ᠤᠯᠵᠣ᠂ ᠡᠯᠵᠢᠭᠡ ᠲᠣᠰᠬᠤᠨ ᠤ ᠬᠠᠮᠲᠤ ᠨᠡᠶᠢᠲᠡ ᠳᠤ ᠡᠯᠪᠡᠭ ᠠᠰᠢᠭ ᠬᠦᠷᠲᠡᠭᠡᠪᠡ᠃ ᠡᠨᠡ ᠵᠢᠯ᠂ ᠪᠠᠶᠠᠨᠪᠤᠯᠠᠭ ᠲᠣᠰᠬᠤᠨ ᠠᠩᠬᠠᠨ ᠤ ᠪᠦᠯᠦᠭ ᠡᠯᠵᠢᠭᠡ ᠪᠠᠨ ᠬᠤᠳᠠᠯᠳᠤᠪᠠ᠃ ᠲᠣᠰ ᠤᠳᠠᠭᠠᠨ ᠤ ᠠᠰᠢᠭ ᠣᠯᠵᠠᠪᠤᠷᠢ ᠶᠢᠨ 50 ᠭᠠᠷᠤᠶ ᠲᠦᠮᠡᠨ ᠲᠥᠭᠦᠷᠢᠭ ᠨᠢ ᠥᠩᠭᠡᠷᠡᠭᠰᠡᠨ ᠤ ᠰᠢᠷᠭᠠᠭᠤ ᠴᠢᠷᠮᠠᠶᠢᠯᠭ᠎ᠠ ᠶᠢᠨ ᠬᠠᠮᠤᠭ ᠤᠨ ᠰᠠᠶᠢᠨ ᠬᠠᠷᠢᠭᠤ ᠪᠣᠯᠬᠤ ᠪᠠᠷ ᠪᠠᠷᠠᠬᠤ ᠥᠬᠡᠶ ᠨᠠᠩ ᠴᠤ ᠢᠷᠡᠭᠡᠳᠦᠶ ᠶᠢᠨ ᠬᠥᠭᠵᠢᠯᠲᠡ ᠶᠢᠨ ᠢᠲᠡᠭᠡᠯ ᠵᠣᠷᠢᠭ ᠤᠨ ᠬᠦᠴᠦᠲᠡᠶ ᠲᠤᠯᠭᠠᠭᠤᠷᠢᠯᠠᠯ ᠪᠣᠯᠬᠤ ᠶᠤᠮ᠃ ᠲᠠᠷᠠᠭᠠᠴᠢ ᠶᠢᠨ ᠠᠯᠬᠤᠮ ᠳᠤ᠂ ᠪᠠᠶᠠᠨᠪᠤᠯᠠᠭ ᠲᠣᠰᠬᠤᠨ ᠡᠯᠵᠢᠭᠡ ᠲᠡᠵᠢᠭᠡᠨ ᠦᠷᠡᠵᠢᠭᠦᠯᠬᠦ ᠠᠵᠤ  ᠦᠢᠯᠡᠰ  ᠤᠨ ᠬᠥᠭᠵᠢᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠬᠦ᠂  ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠬᠦᠴᠦ ᠣᠷᠣᠭᠤᠯᠵᠤ᠂ ᠡᠯᠵᠢᠭᠡ ᠲᠡᠵᠢᠭᠡᠨ ᠦᠷᠡᠵᠢᠭᠦᠯᠬᠦ ᠶᠢ ᠪᠠᠶᠠᠨᠪᠤᠯᠠᠭ ᠲᠣᠰᠬᠤᠨ ᠤ ᠨᠠᠷᠠᠲᠤ ᠲᠡᠮᠳᠡᠭ ᠪᠣᠯᠭᠠᠨ᠎ᠠ᠃       ᠡᠨᠡ ᠤᠳᠠᠭᠠᠨ ᠤ ᠠᠮᠵᠢᠯᠲᠠ ᠲᠠᠢ ᠪᠣᠷᠣᠯᠠᠭᠤᠯᠭ᠎ᠠ ᠨᠢ ᠲᠣᠰᠬᠤᠨ ᠤ ᠠᠷᠠᠳ ᠲᠤ ᠡᠯᠵᠢᠭᠡ ᠲᠡᠵᠢᠭᠡᠨ ᠦᠷᠡᠵᠢᠭᠦᠯᠬᠦ ᠠᠵᠤ  ᠦᠢᠯᠡᠰ ᠤᠨ ᠯᠤᠲᠤ ᠶᠡᠭᠡ ᠳᠠᠯᠳᠠ ᠬᠦᠴᠦᠨ ᠢ ᠦᠵᠡᠭᠦᠯᠪᠡ᠃  ᠬᠤᠵᠢᠮ ᠪᠠᠶᠠᠨᠪᠤᠯᠠᠭ ᠲᠣᠰᠬᠤᠨ ︽ᠪᠣᠬᠢᠷᠲᠤᠯ ᠥᠬᠡᠶ᠂ ᠠᠮᠢ ᠠᠬᠤᠶ᠂ ᠡᠷᠡᠭᠦᠯ ᠮᠡᠨᠳᠦ︾ ᠬᠥᠭᠵᠢᠯᠲᠡ ᠶᠢᠨ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠ ᠨᠠᠩ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠲᠣᠰᠬᠤᠨ ᠤ ᠬᠠᠮᠲᠤ ᠶᠢᠨ ᠠᠵᠤ ᠠᠬᠤᠶ ᠶᠢᠨ ᠡᠯᠵᠢᠭᠡ ᠲᠡᠵᠢᠭᠡᠨ ᠦᠷᠡᠵᠢᠭᠦᠯᠬᠦ ᠠᠵᠤ  ᠦᠢᠯᠡᠰ ᠤᠨ ᠲᠠᠰᠤᠷᠠᠯᠲᠠ ᠥᠬᠡᠶ ᠬᠥᠭᠵᠢᠨ  ᠪᠤᠵᠠᠭᠠᠶᠢᠷᠠᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠠᠩ ᠣᠯᠠᠨ ᠬᠦᠴᠦᠨ ᠴᠢᠳᠠᠯ ᠢᠶᠠᠨ  ᠡᠷᠭᠦᠬᠦ ᠪᠠᠷ ᠪᠠᠶᠢᠨ᠎ᠠ ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ