ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠦᠢᠯᠡᠳᠦᠯᠭᠡᠵᠢᠬᠦᠯᠵᠦ ᠦᠨᠳᠦᠰᠦᠨ ᠱᠠᠳᠤᠨ ᠳᠤ ᠬᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠠᠬᠤᠶ ᠲᠠᠯᠠᠪᠠᠶ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/10
      4 ᠳ᠋ᠤᠬᠡᠷ ᠰᠠᠷ᠎ᠠ ᠶᠢᠨ 9᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ  ᠦᠢᠯᠡᠳᠦᠯᠭᠡᠵᠢᠬᠦᠯᠵᠦ ᠠᠯᠳᠠᠨᠰᠢᠷᠠᠬᠡᠳᠤ ᠪᠠᠯᠭᠠᠰᠤ᠂ ᠤᠯᠠᠭᠠᠨᠮᠥ᠋ᠷᠡᠨ ᠪᠠᠯᠭᠠᠰᠤ᠂  ᠨᠠᠷᠢᠨᠳᠤᠬᠤᠢ ᠪᠠᠯᠭᠠᠰᠤ᠂  ᠤᠰᠤᠨ ᠡᠷᠬᠢ ᠶᠢᠨ ᠰᠢᠨ᠎ᠡ ᠬᠤᠲᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠠᠬᠤᠶ ᠲᠠᠯᠠᠪᠠᠶ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠬᠤᠯᠪᠣᠭᠳᠠᠯ ᠪᠥᠬᠦᠶ ᠪᠠᠯᠭᠠᠰᠤ ᠵᠢᠴᠢ ᠠᠵᠤ ᠠᠬᠤᠶᠢᠯᠠᠯ ᠢ ᠬᠠᠪᠰᠤᠷᠤᠨ ᠭᠤᠤᠯᠳᠠᠯᠭ᠎ᠠ ᠲᠠᠢ ᠲᠥᠷᠥᠯ ᠵᠤᠶᠢᠯ᠂ ᠭᠤᠤᠯᠳᠠᠯᠭ᠎ᠠ ᠲᠠᠢ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠨᠢ ᠰᠢᠢᠳᠪᠤᠷᠢᠯᠠᠵᠤ ᠥᠭᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠤ ᠶᠦᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠴᠢᠶᠣᠤ ᠰᠢᠶᠤᠤ ᠵᠢᠶᠦ᠋ᠨ᠂ ᠸᠠᠩ ᠶᠠᠨ ᠵᠢᠶᠦ᠋ᠨ᠂ ᠲᠢᠶᠠᠨ ᠹᠧᠨ ᠴᠢᠩ ᠵᠡᠷᠭᠡ ᠬᠤᠰᠢᠭᠤᠨ ᠤ ᠤᠳᠤᠷᠢᠳᠤᠯᠭ᠎ᠠ ᠪᠣᠯᠤᠨ ᠬᠤᠯᠪᠣᠭᠳᠠᠯ ᠪᠦᠬᠦᠢ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠪᠠ᠃        ᠬᠤᠷᠠᠯ ᠳᠤ ᠣᠷᠣᠯᠴᠠᠭᠰᠠᠳ ᠤᠷᠢᠳ ᠬᠤᠵᠢᠳ ᠠᠨ ᠶᠤᠸᠠᠨ ᠨᠡᠭᠦᠷᠡᠰᠦᠨ ᠠᠭᠤᠷᠬᠠᠶ᠂  ᠲᠠᠯ᠎ᠠ ᠶᠢᠨ ᠪᠤᠯᠠᠭ ᠨᠡᠭᠦᠷᠡᠰᠦᠨ ᠠᠭᠤᠷᠬᠠᠶ ᠶᠢᠨ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠠᠰᠢᠭᠯᠠᠬᠤ ᠲᠥᠷᠥᠯ  ᠵᠤᠶᠢᠯ᠂ ᠡᠵᠡᠨ ᠬᠤᠷᠤᠭ᠎ᠠ ᠬᠤᠰᠢᠭᠤᠨ ᠤ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ᠂ ᠤᠯᠠᠭᠠᠨᠮᠦ᠋ᠷᠡᠨ ᠪᠠᠯᠭᠠᠰᠤᠨ ᠤ ᠪᠠᠯᠭᠠᠰᠤᠨ ᠲᠣᠭᠤᠷᠢᠭ ᠢ ᠰᠢᠯᠢᠳᠡᠭᠵᠢᠬᠦᠯᠦᠨ ᠥᠭᠡᠷᠡᠴᠢᠯᠡᠬᠦ ᠲᠥᠷᠥᠯ ᠵᠤᠶᠢᠯ᠂ ᠰᠢᠩ ᠭᠤᠸᠠᠩ ᠲᠠᠷᠢᠶᠠᠯᠠᠩ ᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠦᠵᠡᠰᠬᠦᠯᠡᠩ ᠤᠨ ᠬᠦᠷᠢᠶᠡᠯᠡᠩ᠂ ᠳ᠋ᠦᠩ ᠬᠤᠤ ᠵᠢᠮᠢᠰ ᠢᠳᠡᠰᠢᠨ ᠨᠣᠭᠤᠭ᠎ᠠ  ᠶᠢᠨ ᠠᠭᠠᠷ ᠢ ᠲᠤᠬᠢᠷᠠᠭᠤᠯᠵᠣ ᠰᠢᠨ᠎ᠡ ᠰᠣᠷᠭᠤᠭ ᠢ ᠪᠠᠲᠤᠯᠠᠬᠤ ᠬᠥᠮᠥᠷᠭᠡ᠂  ᠳ᠋ᠦᠩᠱᠧᠩ ᠠᠴᠠ ᠦᠬᠠᠢ ᠬᠦᠷᠬᠦ ᠲᠡᠮᠦᠷ ᠵᠠᠮ ᠳᠠᠭᠠᠤ ᠶᠢᠨ ᠶᠡᠷᠦᠩᠬᠡᠶᠢᠯᠡᠨ ᠵᠠᠰᠠᠬᠤ ᠲᠥᠷᠥᠯ ᠵᠤᠶᠢᠯ᠂  ᠤᠰᠤᠨ ᠡᠷᠬᠢ ᠶᠢᠨ ᠰᠢᠨ᠎ᠡ ᠬᠤᠲᠠ ᠶᠢᠨ ᠵᠡᠭᠦᠨ  ᠨᠡᠶᠢᠭᠡᠮ ᠲᠣᠭᠤᠷᠢᠭ ᠤᠨ  ᠦᠢᠯᠡᠴᠢᠯᠡᠬᠡᠨ ᠤ ᠲᠥᠪ᠂ ᠺᠠᠶ ᠶᠤᠸᠠᠨ ᠠᠭᠤᠳᠠᠮ ᠲᠠᠯᠠᠪᠠᠶ᠂  ᠵᠠᠩᠭᠤᠳᠤ ᠶᠢᠨ ᠳᠠᠬᠢᠯᠲᠠ ᠡᠬᠢ ᠪᠠᠶᠠᠯᠢᠭ ᠢ ᠪᠤᠴᠠᠭᠠᠨ ᠬᠤᠷᠢᠶᠠᠵᠤ ᠠᠰᠢᠭᠯᠠᠬᠤ ᠲᠥᠪ ᠵᠡᠷᠭᠡ ᠲᠥᠷᠥᠯ ᠵᠤᠶᠢᠯ ᠤᠨ ᠭᠠᠵᠠᠷ ᠎ ᠢᠶᠠᠷ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠶ ᠰᠤᠳᠤᠯᠪᠠ᠃        ᠠᠬᠤᠶ ᠲᠠᠯᠠᠪᠠᠶ ᠶᠢᠨ ᠠᠵᠢᠯ ᠤᠨ ᠬᠤᠷᠠᠯ ᠳᠡᠭᠡᠷ᠎ᠡ᠂  ᠠᠯᠳᠠᠨᠰᠢᠷᠠᠬᠡᠳᠤ ᠪᠠᠯᠭᠠᠰᠤ᠂ ᠤᠯᠠᠭᠠᠨᠮᠦ᠋ᠷᠡᠨ ᠪᠠᠯᠭᠠᠰᠤ᠂  ᠨᠠᠷᠢᠨᠳᠤᠬᠤᠢ ᠪᠠᠯᠭᠠᠰᠤ᠂  ᠤᠰᠤᠨ ᠡᠷᠬᠢ ᠶᠢᠨ ᠰᠢᠨ᠎ᠠ ᠬᠤᠳᠠ ᠶᠢᠨ ᠬᠠᠷᠢᠭᠤᠴᠠᠯᠭᠠᠲᠠᠨ ᠨᠥᠬᠦᠳ ᠲᠣᠰ ᠲᠣᠰ ᠬᠤᠰᠢᠭᠤᠨ ᠤ  ᠱᠠᠳᠤᠨ ᠠᠴᠠ ᠬᠠᠪᠰᠤᠷᠤᠨ  ᠰᠢᠢᠳᠪᠤᠷᠢᠯᠡᠬᠦ ᠴᠢᠬᠤᠯᠠᠲᠠᠶ ᠵᠤᠶᠢᠯᠡᠰ ᠢ ᠳᠤᠷᠠᠳᠤᠨ ᠭᠠᠷᠭᠠᠵᠠᠶ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠥᠬᠦᠶ ᠬᠤᠪᠢᠳᠠᠨ ᠬᠠᠮᠢᠶᠠᠷᠴᠤ ᠪᠠᠶᠢᠭ᠎ᠠ ᠨᠥᠬᠦᠳ ᠵᠢᠴᠢ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠠᠮᠢᠶ᠎ᠠ ᠪᠥᠬᠦᠶ  ᠵᠤᠶᠢᠯᠡᠰ ᠤᠨ ᠲᠤᠬᠠᠶ ᠨᠢᠭᠡᠳ ᠨᠢᠭᠡ ᠪᠠᠷ ᠬᠠᠷᠢᠭᠤᠯᠲᠠ ᠥᠭᠪᠡ᠃       ᠬᠤᠷᠠᠯ ᠠᠴᠠ᠂ ᠬᠤᠯᠪᠣᠭᠳᠠᠯ ᠪᠥᠬᠦᠶ ᠪᠠᠯᠭᠠᠰᠤᠨ ᠳᠤ ᠬᠦᠷᠴᠦ ᠠᠬᠤᠢ ᠲᠠᠯᠠᠪᠠᠶ ᠳᠤ ᠠᠯᠪᠠᠯᠠᠬᠤ ᠪᠣᠯ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠦᠢᠯᠡᠳᠤᠯᠬᠡᠵᠢᠬᠦᠯᠬᠦ ᠪᠣᠳᠠᠲᠤ ᠠᠵᠢᠯᠯᠠᠭ᠎ᠠ ᠮᠥᠨ᠂ ᠠᠰᠠᠭᠤᠳᠠᠯ ᠳᠤ ᠰᠢᠭᠤᠳ ᠬᠠᠨᠳᠤᠵᠤ᠂ ᠬᠠᠷᠠᠯᠲᠠ ᠪᠠᠨ ᠲᠣᠳᠣᠷᠬᠠᠶᠢᠯᠠᠨ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠦᠨᠳᠦᠰᠦᠨ ᠱᠠᠲᠤ ᠶᠢ ᠬᠠᠪᠰᠤᠷᠤᠨ ᠬᠦᠴᠢᠷ ᠠᠰᠠᠭᠤᠳᠠᠯ᠂ ᠪᠣᠳᠠᠲᠠᠶ ᠠᠰᠠᠭᠤᠳᠠᠯ ᠢ  ᠰᠢᠢᠳᠪᠤᠷᠢᠯᠠᠵᠤ᠂ ᠡᠯ᠎ᠡ  ᠵᠤᠶᠢᠯ ᠤᠨ  ᠰᠢᠢᠳᠪᠤᠷᠢᠳᠤ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠠᠵᠢᠯ ᠤᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠬᠡᠪᠡ᠃       ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠪᠠᠰᠠ ︽ᠳᠥᠷᠪᠡᠨ ᠣᠶᠢᠷ᠎ᠠ ᠬᠠᠪᠢ ᠳᠠᠭᠠᠨ︾ ᠲᠥᠷᠥᠯ ᠵᠤᠶᠢᠯ ᠤᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠥᠷᠥᠯ  ᠵᠤᠶᠢᠯ ᠳᠤ ᠬᠡᠷᠡᠭᠯᠡᠬᠦ ᠭᠠᠵᠠᠷ ᠤᠨ ᠲᠤᠬᠠᠶ ᠰᠠᠨᠠᠯ ᠰᠠᠨᠠᠭᠤᠯᠭ᠎ᠠ ᠳᠤᠷᠠᠳᠴᠠᠶ᠃           
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ