ᠠᠯᠳᠠᠨᠰᠢᠷᠡᠭᠡ ᠪᠠᠯᠭᠠᠰᠤ ᠪᠣᠯ ᠡᠵᠡᠨ ᠬᠤᠷᠤᠭ᠎ᠠ ᠬᠤᠰᠢᠭᠤᠨ ᠤ ᠤᠯᠤᠰ ᠲᠥᠷᠥ᠂ ᠠᠵᠤ ᠠᠬᠤᠢ᠂ ᠰᠣᠶᠣᠯ ᠤᠨ ᠲᠥᠪ᠂ ᠣᠷᠳᠣᠰ ᠬᠤᠲᠠ ᠶᠢᠨ ᠬᠤᠲᠠ ᠶᠢᠨ | ᠭᠤᠣᠯ ᠲᠣᠭᠤᠷᠢᠭ ᠤᠨ ᠴᠢᠬᠤᠯᠠ ᠪᠦᠷᠢᠯᠳᠦᠭᠦᠨ ᠬᠡᠰᠡᠭ᠂ ︽ᠪᠥᠬᠦ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠᠯᠭᠠᠰᠤ︾ ︽ᠪᠥᠬᠦ ᠤᠯᠤᠰ ᠤᠨ ᠪᠣᠯᠪᠠᠰᠤᠨ | ᠲᠣᠰᠬᠤᠨ ᠪᠠᠯᠭᠠᠰᠤ︾ ᠪᠣᠯᠣᠨ᠎ᠠ᠃ ᠠᠯᠳᠠᠨᠰᠢᠷᠡᠭᠡ ᠪᠠᠯᠭᠠᠰᠤ ᠨᠢ ᠡᠵᠡᠨ ᠬᠤᠷᠤᠭ᠎ᠠ ᠬᠤᠰᠢᠭᠤᠨ ᠤ ᠬᠤᠶᠢᠲᠤ ᠪᠡᠶ᠎ᠡ ᠳᠤ ᠪᠠᠶᠢᠷᠢᠯᠠᠵᠤ᠂ ᠵᠡᠭᠦᠨ ᠲᠠᠯ᠎ᠠ ᠪᠠᠷ ᠢᠶᠠᠨ | ᠤᠯᠠᠭᠠᠨᠮᠦ᠋ᠷᠡᠨ ᠪᠠᠯᠭᠠᠰᠤ ᠲᠠᠢ ᠵᠠᠯᠭᠠᠯᠳᠤᠵᠤ᠂ ᠡᠮᠦᠨ᠎ᠡ ᠪᠡᠶ᠎ᠡ ᠪᠠᠷ ᠢᠶᠠᠨ ᠡᠵᠡᠨ ᠬᠤᠷᠤᠭ᠎ᠠ ᠪᠠᠯᠭᠠᠰᠤ ᠲᠠᠢ ᠬᠥᠷᠰᠢᠯᠡᠵᠦ᠂ ᠪᠠᠷᠠᠭᠤᠨ ᠪᠡᠶ᠎ᠡ ᠪᠠᠷ ᠢᠶᠠᠨ ᠰᠦᠪᠦᠷᠭᠠ | ᠪᠠᠯᠭᠠᠰᠤ ᠲᠠᠢ ᠬᠥᠷᠰᠢᠯᠡᠵᠦ᠂ ᠬᠤᠶᠢᠲᠤ ᠪᠡᠶ᠎ᠡ ᠪᠠᠷ ᠢᠶᠠᠨ ᠬᠢᠶ᠎ᠠ ᠪᠠᠭᠰᠢ ᠰᠢᠨ᠎ᠡ ᠲᠣᠭᠤᠷᠢᠭ ᠲᠠᠢ ᠤᠯᠠᠭᠠᠨᠮᠦ᠋ᠷᠡᠨ ᠭᠤᠣᠯ ᠠᠯᠤᠰᠯᠠᠵᠤ ᠨᠢᠭᠤᠷᠯᠠᠨ᠎ᠠ᠃ ᠪᠥᠬᠦ | ᠪᠠᠯᠭᠠᠰᠤᠨ ᠤ ᠶᠡᠷᠦᠩᠬᠡᠢ ᠲᠠᠯᠠᠪᠠᠶ ᠨᠢ 300 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠨᠡᠶᠢᠲᠡ 5.3 ᠲᠦᠮᠡᠨ ᠡᠷᠦᠬᠡ᠂ 14.2 ᠲᠦᠮᠡᠨ ᠰᠠᠭᠤᠭᠠᠯᠢ | ᠠᠷᠠᠳ ᠲᠠᠢ᠃ ᠡᠭᠦᠨ ᠳᠤ᠂ ᠬᠤᠲᠠ ᠶᠢᠨ ᠲᠣᠭᠤᠷᠢᠭ ᠲᠤ ᠣᠲᠣ 18 ᠨᠡᠶᠢᠭᠡᠮ ᠲᠣᠭᠤᠷᠢᠭ ᠤᠨ 118 ᠰᠠᠭᠤᠭᠠᠯᠢ ᠲᠣᠭᠤᠷᠢᠭ ᠪᠣᠶ︔ ᠲᠠᠷᠢᠶᠠᠯᠠᠬᠤ ᠣᠷᠣᠨ ᠳᠤ | ᠨᠡᠶᠢᠲᠡ 8 ᠭᠠᠴᠠᠭ᠎ᠠ 46 ᠬᠤᠷᠰᠢᠶ᠎ᠠ ᠲᠠᠢ᠂ ᠣᠲᠣ ᠪᠣᠯᠲᠠᠯ᠎ᠠ᠂ ᠪᠥᠬᠦ ᠪᠠᠯᠭᠠᠰᠤᠨ ᠤ 45 ᠲᠦᠮᠡᠨ ᠮᠦ ᠭᠠᠵᠠᠷ ᠰᠢᠷᠣᠢ ᠶᠢ ᠵᠠᠯᠭᠠᠭᠠᠪᠡᠷ 43 ᠲᠦᠮᠡᠨ ᠮᠦ ᠬᠤᠷᠢᠶᠠᠨ | ᠬᠠᠳᠠᠭᠠᠯᠠᠵᠤ᠂ 2452 ᠡᠷᠦᠬᠡ ᠶᠢ ᠨᠤᠷᠠᠭᠠᠨ ᠨᠡᠭᠦᠯᠭᠡᠵᠦ᠂ 8000 ᠭᠠᠷᠤᠢ ᠲᠠᠷᠢᠶᠠᠴᠢᠨ ᠮᠠᠯᠴᠢᠨ ᠢ ᠰᠢᠯᠵᠢᠭᠦᠯᠵᠦ᠂ ᠣᠲᠣ ᠵᠥᠪᠬᠡᠨ ᠬᠡᠰᠡᠭ ᠲᠣᠰᠬᠤᠨ ᠤ ᠭᠡᠷ | ᠪᠠᠶᠢᠰᠢᠩ ᠢ ᠨᠤᠷᠠᠭᠠᠨ ᠨᠡᠭᠦᠯᠭᠡᠭᠰᠡᠨ ᠦᠭᠡᠢ᠂ ᠪᠠᠶᠢᠩᠭᠤ ᠰᠠᠭᠤᠭ᠎ᠠ ᠡᠷᠦᠬᠡ 124 ᠡᠷᠦᠬᠡ 299 ᠬᠥᠮᠥᠨ ᠦᠯᠡᠳᠡᠵᠤ ᠪᠠᠶᠢᠨ᠎ᠠ᠃ ᠣᠶᠢᠷ᠎ᠠ ᠶᠢᠨ ᠵᠢᠯ ᠠᠴᠠ ᠨᠠᠭᠠᠰᠢ᠂ | ᠠᠯᠳᠠᠨᠰᠢᠷᠡᠭᠡ ᠪᠠᠯᠭᠠᠰᠤ ᠣᠷᠣᠨ ᠪᠠᠶᠢᠷᠢ ᠶᠢᠨ ᠳᠠᠪᠠᠭᠤᠯᠢᠭ᠂ ᠠᠵᠤ ᠦᠢᠯᠡᠰ ᠤᠨ ᠰᠠᠭᠤᠷᠢ ᠪᠠ ᠬᠥᠭᠵᠢᠯᠲᠡ ᠶᠢᠨ ᠨᠥᠬᠦᠴᠡᠯ ᠳᠤ ᠰᠠᠭᠤᠷᠢᠯᠠᠵᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠪᠣᠯᠣᠨ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠤ ᠪᠦᠲᠦᠭᠡᠨ ᠪᠠᠶᠢᠭᠤᠯᠤᠯᠲᠠ ᠶᠢᠨ ᠪᠣᠳᠠᠲᠠᠢ ᠱᠠᠭᠠᠷᠳᠠᠯᠭ᠎ᠠ ᠶᠢᠨ ᠲᠣᠭᠤᠷᠢᠨ ᠳᠤ᠂ ᠪᠦᠬᠦ ᠬᠤᠲᠠ ᠶᠢᠨ ︽ᠭᠤᠷᠪᠠᠨ ᠳᠥᠷᠪᠡ︾ ᠶᠢᠨ | ᠡᠭᠦᠷᠭᠡ ᠬᠠᠷᠠᠯᠲᠠ ᠳᠤ ᠰᠠᠭᠤᠷᠢᠯᠠᠨ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ︽ᠨᠠᠮ ᠤᠨ | ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠰᠡᠳᠬᠢᠯ ᠢ ᠳᠤᠯᠠᠭᠠᠴᠠᠭᠤᠯᠤᠨ ᠦᠢᠯᠡᠴᠢᠯᠡᠬᠦ︾ ᠶᠢ ᠪᠠᠷᠢᠮᠲᠠᠯᠠᠵᠤ᠂ ︽ᠨᠡᠶᠢᠭᠡᠮ ᠲᠣᠭᠤᠷᠢᠭ ᠤᠨ ᠰᠡᠳᠬᠢᠯ ᠢ | ᠳᠤᠯᠠᠭᠠᠴᠠᠭᠤᠯᠬᠤ ᠶᠠᠪᠤᠳᠠᠯ︾ ᠤᠨ ᠤᠯᠤᠰ ᠤᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠴᠢᠭ᠋ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠠᠰᠢᠭᠯᠠᠨ᠂ ᠰᠢᠶᠠᠨ ᠤ ᠬᠡᠪᠴᠢᠶᠡᠨ ᠤ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ᠂ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠶᠢᠨ ᠥᠯᠢᠭᠡᠷ ᠳᠠᠭᠤᠷᠢᠶᠠᠯ᠂ ᠬᠤᠲᠠ ᠶᠢᠨ ᠲᠡᠭᠦᠷᠭᠡ ᠶᠢᠨ ᠠᠵᠤ ᠠᠬᠤᠢ ᠶᠢᠨ ᠬᠥᠭᠵᠢᠯᠲᠡ ᠶᠢᠨ ᠲᠤᠷᠰᠢᠯᠲᠠ᠂ ᠬᠤᠲᠠ ᠶᠢᠨ ᠠᠷᠠᠳ ᠤᠨ | ᠠᠮᠤᠷ ᠲᠠᠶᠢᠪᠤᠩ ᠠᠵᠤ ᠲᠦᠷᠦᠭᠦ ᠭᠡᠷ ᠣᠷᠣᠨ ᠢ ᠬᠦᠴᠦᠯᠡᠨ ᠪᠣᠶ ᠪᠣᠯᠭᠠᠵᠤ᠂ ᠠᠯᠳᠠᠨᠰᠢᠷᠡᠭᠡ ᠪᠠᠯᠭᠠᠰᠤ ᠶᠢ ᠪᠣᠬᠢᠷᠲᠤᠯ ᠦᠭᠡᠢ ᠬᠥᠭᠵᠢᠭᠰᠡᠨ᠂ ᠣᠷᠣᠰᠢᠨ ᠰᠠᠭᠤᠬᠤ ᠳᠤ | ᠲᠣᠬᠢᠷᠠᠮᠵᠢᠲᠠᠢ᠂ ᠵᠣᠯ ᠵᠢᠷᠭᠠᠯ ᠲᠠᠢ ᠡᠶ᠎ᠡ ᠵᠣᠬᠢᠴᠠᠯ ᠲᠠᠢ ᠥᠨᠳᠥᠷ ᠶᠠᠰᠤ ᠴᠢᠨᠠᠷ ᠲᠠᠢ ᠰᠡᠳᠬᠢᠯ ᠢ ᠳᠤᠯᠠᠭᠠᠴᠠᠭᠤᠯᠬᠤ ᠬᠤᠲᠠ ᠪᠣᠯᠭᠠᠨ ᠪᠦᠲᠦᠭᠡᠨ ᠪᠠᠶᠢᠭᠤᠯᠬᠤ ᠪᠠᠷ | ᠴᠢᠷᠮᠠᠶᠢᠵᠤ ᠪᠠᠶᠢᠨ᠎ᠠ᠃ | | | |