ᠤᠯᠠᠭᠠᠨᠮᠦ᠋ᠷᠡᠨ ᠪᠠᠯᠭᠠᠰᠤ ᠰᠠᠭᠤᠭᠠᠯᠢ ᠠᠷᠠᠳ ᠤᠨ ᠡᠷᠡᠭᠦᠯ ᠠᠮᠢᠳᠤᠷᠠᠯ ᠤᠨ ᠰᠢᠨ᠎ᠡ ᠬᠡᠪ ᠵᠠᠬᠪᠤᠷ ᠢ ᠡᠭᠦᠳᠴᠤ ᠪᠠᠶᠢᠨ᠎ᠠ
ᠨᠡᠶᠢᠲᠡᠯᠡᠭᠰᠡᠨ ᠴᠠᠭ᠄
2024/4/12
      ᠤᠯᠠᠭᠠᠨᠮᠦ᠋ᠷᠡᠨ ᠪᠠᠯᠭᠠᠰᠤ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠪᠠᠷ ᠲᠣᠬᠢᠶᠠᠯ ᠪᠣᠯᠭᠠᠨ᠂ ᠡᠷᠡᠭᠦᠯ ᠮᠡᠨᠳᠦ ᠶᠢᠨ ᠭᠤᠣᠯ ᠰᠡᠳᠦᠪᠲᠦ ᠴᠡᠴᠡᠷᠯᠢᠭ᠂ ᠶᠠᠪᠠᠭᠠᠨ ᠵᠠᠮ᠂ ᠵᠡᠭᠡᠯᠢ ᠭᠤᠳᠤᠮᠵᠢ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠡᠷᠡᠭᠦᠯ ᠮᠡᠨᠳᠦ ᠶᠢᠨ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢ ᠭᠦᠨᠵᠡᠭᠡᠢ ᠠᠭᠤᠰᠤᠯᠴᠠᠭᠤᠯᠵᠤ᠂ ᠥᠷᠭᠡᠨ ᠣᠯᠠᠨ ᠰᠠᠭᠤᠭᠠᠯᠢ ᠠᠷᠠᠳ ᠲᠤ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠦᠨ᠂ ᠡᠷᠡᠭᠦᠯ ᠮᠡᠨᠳᠦ ᠶᠢᠨ ᠦᠵᠡᠯᠲᠡ ᠶᠢ ᠤᠯᠠᠮᠵᠢᠯᠠᠵᠤ᠂ ᠡᠷᠡᠭᠦᠯ ᠮᠡᠨᠳᠦ ᠶᠢᠨ ᠰᠠᠶᠢᠨ ᠰᠠᠶᠢᠬᠠᠨ ᠤᠷᠴᠢᠨ ᠲᠤᠭᠤᠷᠢᠨ ᠢ ᠬᠠᠨᠭ᠍ᠭᠠᠵᠤ᠂ ᠡᠷᠡᠭᠦᠯ ᠰᠠᠶᠢᠨ ᠠᠮᠢᠳᠤᠷᠠᠯ ᠤᠨ ᠵᠠᠩ ᠳᠠᠳᠬᠠᠯ ᠢ ᠪᠤᠢ ᠪᠤᠯᠭᠠᠵᠤ ᠪᠠᠶᠢᠨ᠎ᠠ᠃     ᠡᠷᠡᠭᠦᠯ ᠮᠡᠨᠳᠦ ᠶᠢᠨ ᠭᠤᠣᠯ ᠰᠡᠳᠦᠪᠲᠦ ᠴᠡᠴᠡᠷᠯᠢᠭ ᠲᠤᠳᠤᠷ᠎ᠠ ᠨᠢ ᠠᠯᠬᠤᠮ ᠤᠨ ᠲᠤᠭ᠎ᠠ ᠶᠢ ᠥᠪᠡᠷ ᠢᠶᠠᠨ ᠬᠡᠮᠵᠢᠬᠦ ᠪᠠᠭᠠᠵᠢ᠂ ᠶᠠᠪᠠᠭᠠᠨ ᠵᠠᠮ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠲᠠᠪᠴᠠᠩ ᠵᠡᠷᠭᠡ ᠶᠢ ᠲᠤᠬᠢᠷᠠᠭᠤᠯᠵᠤ᠂ ᠰᠡᠯᠡᠭᠦᠴᠡᠯ᠂ ᠵᠤᠭ᠎ᠠ ᠴᠡᠩᠭᠡᠯ᠂ ᠪᠡᠶ᠎ᠡ ᠴᠢᠭᠢᠷᠠᠭᠵᠢᠭᠤᠯᠬᠤ᠂ ᠦᠵᠡᠮᠵᠢ ᠰᠣᠨᠢᠷᠬᠠᠭᠤᠯᠬᠤ ᠵᠡᠷᠭᠡ ᠣᠯᠠᠨ ᠴᠢᠳᠠᠮᠵᠢ ᠶᠢ ᠨᠢᠭᠡ ᠴᠣᠭᠴᠠᠵᠢᠭᠤᠯᠤᠭᠰᠠᠨ᠂ ᠡᠷᠡᠭᠦᠯ ᠮᠡᠨᠳᠦ ᠶᠢᠨ ᠤᠬᠠᠭᠤᠯᠭ᠎ᠠ ᠶᠢᠨ ᠭᠤᠣᠯᠳᠠᠯᠭ᠎ᠠ ᠲᠠᠢ ᠰᠠᠭᠤᠷᠢᠨ ᠭᠠᠵᠠᠷ ᠪᠤᠯᠵᠤ᠂ ᠰᠠᠭᠤᠭᠠᠯᠢ ᠠᠷᠠᠳ ᠤᠨ ᠪᠡᠶ᠎ᠡ ᠮᠠᠬᠠᠪᠣᠳ ᠢᠶᠠᠨ ᠳᠠᠪᠲᠠᠨ ᠪᠣᠯᠪᠠᠰᠤᠷᠠᠭᠤᠯᠬᠤ‌‍ᠳᠤ ᠴᠦᠮ ᠠᠬᠢᠭᠤᠯᠬᠤ ᠦᠢᠯᠡᠳᠦᠯ ᠦᠵᠡᠭᠦᠯᠵᠤ ᠪᠠᠶᠢᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ