| ︽2024 ᠣᠨ ᠤ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠵᠦᠶᠯᠡᠰ ᠤᠨ ᠭᠠᠷᠴᠠᠭ︾ ᠢ | ᠳᠠᠷᠤᠮᠠᠯᠯᠠᠨ ᠶᠠᠪᠤᠭᠤᠯᠬᠤ ᠲᠤᠬᠠᠶ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | ᠡᠵᠡᠨ ᠵᠠᠰᠠᠭ ᠲᠠᠷᠬᠠᠭᠠᠭᠰᠠᠨ〔2024〕42 ᠳ᠋ᠤᠭᠠᠷ ᠲᠣᠭᠠᠲᠤ | | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ | ᠨᠢᠭᠡᠴᠢ᠂ ᠮᠸᠡᠭ ᠰᠤ᠋ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠡᠯ᠎ᠡ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ | ᠳᠤ᠄ | ᠬᠤᠰᠢᠭᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠠᠵᠢᠯᠯᠠᠭ᠎ᠠ ᠶᠢ | ᠵᠢᠷᠤᠮᠵᠢᠭᠤᠯᠵᠤ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠲᠠᠢ᠂ ᠬᠠᠤᠯᠢ ᠶᠣᠰᠣᠭᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠲᠤᠯᠠᠬᠤ ᠶᠢᠨ ᠲᠥᠯᠥᠭᠡ᠂ ︽ | ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠦᠷ ᠬᠡᠷᠡᠭᠵᠢᠭᠦᠯᠬᠦ ᠲᠦᠷᠢᠮ︾ ︵ᠲᠥᠷᠥ ᠶᠢᠨ ᠶᠠᠪᠤᠳᠠᠯ ᠤᠨ | ᠬᠤᠷᠢᠶᠠᠨ ᠤ ᠵᠠᠷᠯᠢᠭ 713 ᠳ᠋ᠤᠭᠠᠷ ᠲᠣᠭᠠᠲᠤ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ | ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠵᠠᠷᠯᠢᠭ 248 ᠳ᠋ᠤᠭᠠᠷ ᠲᠣᠭᠠᠲᠤ︶ ᠤᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠬᠤᠰᠢᠭᠤ ᠠᠷᠠᠳ ᠤᠨ ᠵᠠᠰᠠᠭ ᠤᠨ ᠣᠷᠳᠣᠨ ︽2024 ᠣᠨ ᠤ ᠡᠵᠡᠨ | ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠵᠦᠶᠯᠡᠰ ᠤᠨ | ᠭᠠᠷᠴᠠᠭ︾ ᠢ ᠨᠠᠶᠢᠷᠠᠭᠤᠯᠤᠨ ᠵᠣᠬᠢᠶᠠᠵᠤ᠂ ᠬᠤᠰᠢᠭᠤ ᠠᠷᠠᠳ ᠤᠨ ᠵᠠᠰᠠᠭ ᠤᠨ ᠣᠷᠳᠣᠨ ᠤ 2024 ᠣᠨ ᠤ 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ | ᠰᠤᠳᠤᠯᠤᠨ ᠪᠠᠲᠤᠯᠠᠭᠠᠳ᠂ ᠡᠳᠦᠭᠡ ᠳᠠᠷᠤᠮᠠᠯᠯᠠᠨ ᠲᠠᠷᠬᠠᠭᠠᠬᠤ ᠶᠢᠨ ᠬᠠᠮᠲᠤ ᠬᠤᠯᠪᠣᠭᠳᠠᠯ ᠪᠥᠬᠦᠶ ᠠᠵᠢᠯ ᠤᠨ ᠲᠤᠬᠠᠶ ᠳᠣᠤᠷᠠᠬᠢ ᠮᠡᠲᠦ ᠮᠡᠳᠡᠭᠳᠡᠶ᠎ᠡ᠄ | ᠨᠢᠭᠡ᠂ 2024 ᠣᠨ ᠤ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ | ᠪᠣᠳᠣᠯᠭ᠎ᠠ ᠲᠣᠭᠲᠠᠭᠠᠬᠤ ᠵᠦᠶᠯᠡᠰ ᠤᠨ ᠭᠠᠷᠴᠠᠭ ᠲᠤ ᠲᠣᠳᠣᠷᠬᠠᠶᠢᠯᠠᠭᠰᠠᠨ ᠳᠠᠭᠠᠭᠠᠨ ᠠᠪᠴᠤ ᠭᠦᠶᠴᠡᠳᠬᠡᠬᠦ ᠨᠢᠭᠡᠴᠢ ᠨᠢ ᠬᠢᠨᠠᠮᠠᠭᠠᠶ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠶᠢᠳᠠᠪᠤᠷᠢᠵᠢᠭᠤᠯᠤᠨ᠂ ᠴᠠᠭ ᠬᠤᠭᠤᠴᠠᠭ᠎ᠠ ᠶᠢ ᠡᠵᠡᠮᠳᠡᠵᠦ᠂ ᠣᠯᠠᠨ ᠨᠡᠶᠢᠲᠡ ᠶᠢ | ᠣᠷᠣᠯᠴᠠᠭᠤᠯᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ | ᠪᠠᠷ ᠶᠠᠷᠢᠯᠴᠠᠨ ᠲᠣᠭᠲᠠᠭᠠᠬᠤ ᠵᠡᠷᠭᠡ ᠬᠠᠤᠯᠢ ᠪᠠᠷ ᠲᠣᠭᠲᠠᠭᠠᠭᠰᠠᠨ ᠵᠢᠷᠤᠮ ᠢ ᠴᠢᠩᠭ᠎ᠠ ᠭᠦᠶᠴᠡᠳᠬᠡᠵᠦ᠂ ᠳᠠᠭᠠᠭᠠᠨ ᠠᠪᠴᠤ ᠭᠦᠶᠴᠡᠳᠬᠡᠬᠦ ᠨᠢᠭᠡᠴᠢ ᠨᠢ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠵᠦ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ | ᠵᠦᠶᠯᠡᠰ ᠢ ᠶᠠᠷᠢᠯᠴᠠᠨ ᠲᠣᠭᠲᠠᠭᠠᠬᠤ ᠦᠶᠡᠰ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠭᠦᠶᠴᠡᠳᠬᠡᠭᠰᠡᠨ | ᠪᠠᠶᠢᠳᠠᠯ ᠢᠶᠠᠨ ᠮᠡᠳᠡᠭᠦᠯᠬᠦ ᠴᠢᠬᠤᠯᠠᠲᠠᠶ᠃ | ᠬᠤᠶᠠᠷ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ︽2024 ᠣᠨ ᠤ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠵᠦᠶᠯᠡᠰ ᠤᠨ ᠭᠠᠷᠴᠠᠭ︾ ᠲᠤ ᠵᠢᠭᠰᠠᠭᠠᠨ ᠣᠷᠣᠭᠤᠯᠤᠭᠰᠠᠨ | ᠰᠢᠶᠳᠪᠦᠷᠢᠲᠦ ᠪᠣᠳᠣᠯᠭ᠎ᠠ ᠶᠢ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠭᠦᠶᠴᠡᠳᠬᠡᠭᠰᠡᠨ ᠪᠠᠶᠢᠳᠠᠯ ᠳᠤ ᠰᠢᠮᠳᠠᠭᠤᠯᠤᠨ ᠪᠠᠶᠢᠴᠠᠭᠠᠯᠲᠠ ᠬᠢᠵᠦ᠂ ᠰᠢᠮᠳᠠᠭᠤᠯᠤᠨ | ᠪᠠᠶᠢᠴᠠᠭᠠᠭᠰᠠᠨ ᠦᠷ᠎ᠡ ᠳ᠋ᠦᠩ ᠢ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠤᠨ᠎ᠠ᠃ | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2024 ᠣᠨ ᠤ 3 ᠰᠠᠷ᠎ᠠ ᠶᠢᠨ 29 ᠤ ᠡᠳᠦᠷ | |