ᠵᠠᠰᠠᠭ ᠪᠠᠯᠭᠠᠰᠤ ᠪᠣᠯ ᠤᠤᠯ ᠨᠢ ᠵᠠᠰᠠᠭ ᠬᠤᠰᠢᠭᠤᠨ ᠤ ᠸᠠᠩ ᠤᠨ ᠣᠷᠳᠣᠨ ᠤ ᠰᠠᠭᠤᠭ᠎ᠠ ᠭᠠᠵᠠᠷ ᠪᠣᠯᠬᠤᠷ ᠢᠩᠭᠢᠵᠦ ᠨᠡᠷᠡᠯᠡᠭᠰᠡᠨ ᠶᠤᠮ᠃ ᠪᠦᠬᠦ | ᠪᠠᠯᠭᠠᠰᠤᠨ ᠤ ᠶᠡᠷᠦᠩᠬᠡᠢ ᠲᠠᠯᠠᠪᠠᠶ ᠨᠢ 1105.6 ᠲᠡᠭᠰᠢ ᠳᠥᠷᠪᠡᠯᠵᠢᠨ ᠺᠢᠯᠣᠮᠧᠲᠷ ᠪᠣᠯᠣᠨ᠎ᠠ᠃ ᠬᠠᠷᠢᠶᠠᠨ ᠳᠤ 27 ᠵᠠᠰᠠᠭ ᠵᠠᠬᠢᠷᠭᠠᠨ ᠤ ᠲᠣᠰᠬᠤᠨ ︵127 | ᠲᠠᠷᠢᠶᠠᠯᠠᠩ ᠮᠠᠯ ᠠᠵᠤ ᠠᠬᠤᠢ ᠶᠢᠨ ᠬᠤᠷᠰᠢᠶ᠎ᠠ︶᠂ 1 ᠨᠡᠶᠢᠭᠡᠮ ᠲᠣᠭᠤᠷᠢᠭ ᠢ ᠬᠠᠷᠢᠶᠠᠯᠠᠵᠤ᠂ ᠶᠡᠷᠦᠩᠬᠡᠢ ᠬᠥᠮᠥᠨ ᠠᠮᠠ ᠨᠢ 11041 ᠡᠷᠦᠬᠡ ᠶᠢᠨ 25715 | ᠬᠥᠮᠥᠨ ᠲᠠᠢ᠃ | ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠤᠯᠠᠨ ᠡᠰᠢᠵᠢᠭᠦᠯᠦᠨ ᠠᠬᠢᠭᠤᠯᠤᠨ᠎ᠠ᠃ ᠵᠠᠰᠠᠭ ᠪᠠᠯᠭᠠᠰᠤᠨ ᠤ ᠬᠠᠷᠢᠶᠠᠨ ᠳᠠᠬᠢ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ 32᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ 27᠂ ᠨᠡᠶᠢᠲᠡ 732 ᠨᠠᠮ ᠤᠨ ᠭᠡᠰᠢᠭᠦᠨ ᠲᠠᠢ᠂ | ᠡᠭᠦᠨ ᠳᠤ ᠴᠥᠭᠡᠨ ᠲᠣᠭᠠᠲᠤ ᠦᠨᠳᠦᠰᠦᠲᠡᠨ ᠤ ᠨᠠᠮ ᠤᠨ ᠭᠡᠰᠢᠭᠦᠨ 110᠂ ᠡᠮᠡᠭᠲᠡᠢ ᠨᠠᠮ ᠤᠨ ᠭᠡᠰᠢᠭᠦᠨ 164 ᠪᠣᠶ᠃ ᠣᠳᠣᠬᠠᠨ ᠳᠤ ᠵᠠᠰᠠᠭ ᠪᠠᠯᠭᠠᠰᠤ ᠪᠣᠯ | ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠠᠮ ᠤᠨ ᠭᠡᠰᠢᠭᠦᠨ ᠡᠯᠰᠡᠬᠦ ᠠᠵᠢᠯ ᠤᠨ ᠬᠠᠷᠢᠯᠴᠠᠬᠤ ᠴᠡᠭ ᠪᠣᠯᠣᠨ᠎ᠠ᠃ ᠵᠠᠰᠠᠭ ᠪᠠᠯᠭᠠᠰᠤᠨ ᠤ ᠨᠠᠮ ᠤᠨ ᠬᠤᠷᠢᠶ᠎ᠠ | 2021 ᠣᠨ ᠤ ᠣᠷᠳᠣᠰ ᠬᠤᠳᠠ ᠶᠢᠨ ︽ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾ ᠪᠠᠷ ᠦᠨᠡᠯᠡᠭᠳᠡᠪᠡ᠃ | ᠲᠡᠦᠬᠡ ᠭᠦᠨ ᠵᠤᠵᠠᠭᠠᠨ᠂ ᠰᠣᠶᠣᠯ ᠭᠡᠷᠡᠯ ᠰᠠᠴᠤᠷᠠᠩᠭᠤᠢ᠃ ᠵᠠᠰᠠᠭ ᠪᠠᠯᠭᠠᠰᠤ ᠤᠤᠯ ᠨᠢ ᠲᠡᠭᠷᠢ ᠲᠡᠳᠬᠦᠭᠴᠢ ᠶᠢᠨ ᠦᠶ᠎ᠡ ᠳᠤ ᠪᠠᠶᠢᠭᠤᠯᠤᠭᠳᠠᠭᠰᠠᠨ ᠵᠠᠰᠠᠭ | ᠬᠤᠰᠢᠭᠤᠨ ᠤ ᠸᠠᠩ ᠤᠨ ᠣᠷᠳᠣᠨ ᠤ ᠰᠠᠭᠤᠭ᠎ᠠ ᠭᠠᠵᠠᠷ ᠪᠣᠯᠬᠤ ᠪᠥᠭᠡᠳ ᠤᠤᠯ ᠤᠨ ᠭᠤᠮᠢᠨᠳᠠᠩ ᠤᠨ ᠰᠦᠢᠶᠤᠸᠠᠨ ᠤ ᠬᠢᠯᠢ ᠶᠢᠨ ᠮᠣᠩᠭᠤᠯ ᠤᠨ ᠵᠠᠰᠠᠭ ᠤᠨ ᠬᠤᠷᠠᠯ᠂ | ᠶᠡᠭᠡ ᠵᠤᠤ ᠠᠶᠢᠮᠠᠭ ᠤᠨ ᠣᠷᠳᠣᠨ᠂ ᠡᠵᠡᠨ ᠬᠤᠷᠤᠭ᠎ᠠ ᠬᠤᠰᠢᠭᠤᠨ ᠤ ᠣᠷᠳᠣᠨ ᠤ ᠰᠠᠭᠤᠭ᠎ᠠ ᠭᠠᠵᠠᠷ ᠪᠠᠶᠢᠪᠠ᠃ 1942 ᠣᠨ ᠳᠤ᠂ ᠭᠤᠮᠢᠨᠳᠠᠩ ᠤᠨ ᠮᠠᠯᠵᠢᠯ ᠤᠨ | ᠲᠠᠯᠠᠪᠠᠶ ᠬᠠᠭᠠᠯᠪᠤᠷᠢᠯᠠᠬᠤ ᠶᠢ ᠡᠰᠡᠷᠭᠦᠴᠡᠭᠰᠡᠨ ︽3·26︾ ᠤ ᠬᠡᠷᠡᠭ ᠬᠤᠪᠢᠰᠤᠯ ᠳᠠᠷᠤᠢ ᠠᠳᠡ ᠡᠭᠦᠰᠴᠡᠢ᠂ ᠳᠡᠭᠡᠷ᠎ᠡ ᠵᠠᠭᠤᠨ ᠤ ᠲᠤᠭᠤᠶᠢᠯᠠᠩ ᠤᠨ ᠬᠥᠳᠡᠯᠭᠡᠭᠡᠨ ᠤ | ᠬᠤᠰᠢᠭᠤᠴᠢ ᠸᠠᠩᠳᠢᠨᠨᠢᠮᠠ ᠪᠣᠯ ᠮᠠᠨ ᠤ ᠪᠠᠯᠭᠠᠰᠤᠨ ᠤ ᠯᠠᠮᠠ ᠶᠢᠨ ᠰᠦᠮ᠎ᠡ ᠶᠢᠨ ᠭᠡᠭᠡᠨ ᠪᠣᠯᠣᠨ᠎ᠠ᠃ ᠵᠠᠰᠠᠭ ᠪᠠᠯᠭᠠᠰᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ | ᠪᠦᠬᠦ ᠲᠠᠯ᠎ᠠ ᠪᠠᠷ ᠪᠠᠶᠢᠭᠤᠯᠬᠤ ᠶᠢ ᠨᠠᠶᠢᠳᠠᠪᠤᠷᠢᠵᠢᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠱᠤᠭᠤᠮ ᠢ ᠪᠠᠲᠤ ᠡᠵᠡᠮᠳᠡᠵᠦ᠂ ᠣᠷᠳᠣᠰ ᠬᠤᠳᠠ ᠶᠢᠨ ᠠᠩᠬᠠᠳᠠᠭᠴᠢ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠦᠢᠯᠡᠳᠦᠯᠭᠡ ᠶᠢᠨ ᠬᠥᠮᠦᠵᠢᠯ ᠤᠨ ᠪᠠᠶᠢᠭ᠎ᠠ ᠵᠠᠰᠠᠭ ᠪᠠᠯᠭᠠᠰᠤ ︽ᠶᠡᠭᠡ ᠵᠤᠤ | ᠠᠶᠢᠮᠠᠭ ᠤᠨ ᠬᠡᠷᠡᠭ ᠬᠤᠪᠢᠰᠤᠯ︾ ᠤᠨ ᠳᠤᠷᠠᠰᠬᠠᠯ ᠤᠨ ᠣᠷᠳᠣᠨ ᠵᠢᠩᠬᠢᠨᠢ ᠪᠠᠷ ᠪᠠᠶᠢᠭᠤᠯᠤᠭᠳᠠᠪᠠ᠃ | ᠵᠠᠮ ᠬᠠᠷᠢᠯᠴᠠᠭ᠎ᠠ ᠳᠥᠭᠦᠮ ᠳᠥᠲᠡ᠂ ᠣᠷᠣᠨ ᠪᠠᠶᠢᠷᠢ ᠶᠢᠨ ᠳᠠᠪᠠᠭᠤᠯᠢᠭ ᠲᠠᠢ᠃ ᠵᠠᠰᠠᠭ ᠪᠠᠯᠭᠠᠰᠤ ᠪᠣᠯ ᠡᠮᠦᠨ᠎ᠡ ᠤᠮᠠᠷ᠎ᠠ ᠶᠢᠨ ᠬᠥᠬᠡᠬᠤᠲᠠ ᠪᠤᠭᠤᠲᠤ ᠰᠢ ᠠᠨ | ᠢ ᠬᠤᠯᠪᠤᠵᠤ᠂ ᠵᠡᠭᠦᠨ ᠪᠠᠷᠠᠭᠤᠨᠰᠢ ᠶᠢᠨ ᠱᠠᠨᠰᠢ ᠭᠠᠨᠰᠤ ᠨᠢᠩᠰᠢᠶᠠ ᠶᠢ ᠬᠤᠯᠪᠣᠭᠰᠠᠨ ᠲᠣᠭᠤᠨᠣᠯᠵᠢᠨ ᠠᠭᠤᠯᠵᠠᠷ ᠲᠤ ᠪᠠᠶᠢᠳᠠᠭ᠃ 210 ᠤᠯᠤᠰ ᠤᠨ ᠵᠠᠮ᠂ | ᠪᠤᠭᠤᠲᠤ ᠠᠴᠠ ᠮᠤᠤᠮᠢᠩᠭᠠᠨ ᠬᠦᠷᠬᠦ ᠲᠦᠷᠭᠡᠨ ᠤ ᠵᠠᠰᠠᠮᠠᠯ ᠵᠠᠮ᠂ ᠮᠤᠵᠢ ᠶᠢᠨ ᠵᠠᠮ ᠤᠨ ᠹᠦ᠋ ᠱᠧᠨ ᠱᠤᠭᠤᠮ᠂ ᠯᠠᠨ ᠵᠢᠶᠠ ᠯᠢᠶᠠᠩ ᠠᠴᠠ ᠭᠠᠯᠠᠭᠤᠳᠤ ᠬᠦᠷᠬᠦ | ᠨᠢᠭᠡᠳᠦᠭᠡᠷ ᠳᠡᠰ ᠤᠨ ᠵᠠᠰᠠᠮᠠᠯ ᠵᠠᠮ᠂ ᠪᠤᠭᠤᠲᠤ ᠠᠴᠠ ᠰᠢ ᠠᠨ ᠬᠦᠷᠬᠦ ᠲᠡᠮᠦᠷ ᠵᠠᠮ ᠪᠦᠬᠦ ᠪᠠᠯᠭᠠᠰᠤ ᠪᠠᠷ ᠦᠩᠬᠡᠷᠡᠨ᠎ᠡ᠃ ᠵᠠᠰᠠᠭ ᠪᠠᠯᠭᠠᠰᠤ ᠪᠣᠯ ᠬᠠᠲᠤᠨ ᠭᠤᠣᠯ ᠤᠨ | ᠳᠤᠮᠳᠠᠳᠤ ᠳᠡᠭᠡᠳᠦ ᠤᠷᠤᠰᠬᠠᠯ ᠤᠨ ᠠᠵᠤ ᠠᠬᠤᠢ ᠶᠢᠨ ᠣᠷᠣᠨ ᠳᠤ ᠪᠠᠶᠢᠷᠢᠯᠠᠵᠤ᠂ ᠱᠠᠨᠰᠢ ᠥᠪᠥᠷ ᠮᠣᠩᠭᠤᠯ ᠬᠤᠶᠠᠷ ᠮᠤᠵᠢ ᠣᠷᠣᠨ ᠤ ᠠᠭᠤᠯᠵᠠᠷ ᠭᠠᠵᠠᠷ ᠤᠨ | ᠭᠤᠣᠯ ᠣᠷᠣᠨ ᠪᠦᠰᠡ ᠳᠤ ᠪᠠᠶᠢᠷᠢᠯᠠᠵᠤ᠂ ᠡᠷᠬᠢᠨ ᠲᠣᠭᠤᠷᠢᠨ ᠤ ᠮᠤᠵᠢ ᠣᠷᠣᠨ ᠲᠠᠢ ᠠᠵᠤ ᠠᠬᠤᠢ ᠶᠢᠨ ᠬᠠᠷᠢᠯᠴᠠᠭ᠎ᠠ ᠥᠷᠨᠢᠭᠦᠯᠬᠦ ᠪᠠᠶᠢᠭᠠᠯᠢ ᠶᠢᠨ ᠳᠠᠪᠠᠭᠤᠯᠢᠭ ᠲᠠᠢ | ᠶᠤᠮ᠃ | ᠡᠳ᠋ ᠡᠷᠳᠡᠨᠢᠰ ᠡᠯᠪᠡᠭ ᠳᠡᠯᠪᠡᠭ᠂ ᠡᠬᠢ ᠪᠠᠶᠠᠯᠢᠭ ᠡᠯᠪᠡᠭ ᠳᠡᠯᠪᠡᠭ᠃ ᠵᠠᠰᠠᠭ ᠪᠠᠯᠭᠠᠰᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠳᠡᠯᠪᠡᠭ | ᠪᠠᠶᠢᠵᠤ᠂ ᠨᠡᠭᠦᠷᠡᠰᠦᠨ ᠤ ᠬᠠᠳᠠᠭᠠᠯᠠᠭᠳᠠᠴᠠ ᠡᠯᠪᠡᠭ ᠪᠠᠶᠠᠯᠢᠭ ᠪᠠᠶᠢᠵᠤ᠂ ᠬᠡᠢ ᠶᠢᠨ ᠠᠢ ᠰᠠᠪᠠ᠂ ᠲᠠᠪᠤᠰᠤ᠂ ᠴᠢᠯᠠᠭᠤᠨ ᠲᠣᠰᠣᠨ ᠤ ᠬᠠᠳᠠᠭᠠᠯᠠᠭᠳᠠᠴᠠ ᠨᠡᠯᠢᠶᠡᠳ | ᠰᠠᠶᠢᠨ ᠪᠠᠶᠢᠳᠠᠭ᠃ ᠨᠡᠭᠦᠷᠡᠰᠦᠨ ᠤ ᠬᠠᠳᠠᠭᠠᠯᠠᠭᠳᠠᠴᠠ ᠶᠢᠨ ᠬᠡᠮᠵᠢᠶ᠎ᠡ ᠲᠡᠭᠰᠢ ᠳᠥᠷᠪᠡᠯᠵᠢᠨ ᠺᠢᠯᠣᠮᠧᠲᠷ ᠪᠦᠷᠢ ᠳᠤ 2000 ᠲᠦᠮᠡᠨ ᠲᠣᠨ ᠳᠤ ᠬᠦᠷᠴᠦ᠂ ᠬᠠᠶᠢᠨ | ᠲᠣᠳᠣᠯᠠᠭᠰᠠᠨ ᠨᠡᠭᠦᠷᠡᠰᠦᠨ ᠤ ᠬᠠᠳᠠᠭᠠᠯᠠᠭᠳᠠᠴᠠ ᠶᠢᠨ ᠬᠡᠮᠵᠢᠶ᠎ᠡ 220 ᠳ᠋ᠦᠩᠰᠢᠭᠤᠷ ᠲᠣᠨ ᠳᠤ ᠬᠦᠷᠴᠡᠢ᠃ ᠤᠳᠤ ᠧ ᠶᠦᠩ ᠮᠠ ᠲᠠᠢ ᠭᠤᠤ᠂ ᠢ ᠲᠠᠢ | ᠬᠤᠨᠢᠴᠢᠨᠭᠤᠤᠯ᠂ ᠬᠤᠤ ᠱᠧᠩ ᠰᠢᠷ᠎ᠠ ᠤᠰᠤ ᠪᠣᠯᠣᠨ ᠱᠧᠨ ᠬᠤᠸᠠ ᠶᠢᠨ ᠳ᠋ᠦᠩᠰᠢᠭᠤᠷ ᠲᠣᠨ ᠤ ᠲᠡᠰ ᠤᠨ ᠨᠡᠭᠦᠷᠡᠰᠦᠨ ᠠᠭᠤᠷᠬᠠᠢ ᠰᠠᠭᠤᠷᠢᠰᠢᠵᠤ᠂ ᠲᠦᠷᠪᠡᠨ | ᠶᠡᠭᠡ ᠨᠡᠭᠦᠷᠡᠰᠦᠨ ᠠᠭᠤᠷᠬᠠᠢ ᠶᠢ ᠪᠦᠬᠦᠨ ᠢ ᠠᠰᠢᠭᠯᠠᠯᠲᠠ ᠳᠤ ᠣᠷᠣᠭᠤᠯᠤᠭᠰᠠᠨ ᠤ ᠲᠠᠷᠠᠭ᠎ᠠ᠂ ᠵᠢᠯ ᠤᠨ ᠭᠠᠷᠤᠯᠲᠠ ᠨᠢ 1 ᠳ᠋ᠦᠩᠰᠢᠭᠤᠷ ᠲᠣᠨ ᠳᠤ ᠬᠦᠷᠴᠦ᠂ | ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠭᠠᠵᠠᠷ ᠤᠨ ᠨᠢᠭᠡ ᠪᠣᠯᠬᠤ ᠪᠣᠯᠣᠨ᠎ᠠ᠃ ᠪᠥᠬᠦ ᠪᠠᠯᠭᠠᠰᠤ ᠪᠠᠷ ᠢᠶᠠᠨ ᠪᠠᠶᠢᠭᠠᠯᠢ ᠶᠢᠨ ᠰᠢᠲᠠᠮᠠᠬᠠᠢ ᠬᠡᠢ ᠶᠢᠨ ᠥᠷᠲᠡᠭᠡ | 12 ᠪᠠᠶᠢᠭᠤᠯᠵᠤ᠂ ᠵᠢᠯ ᠤᠨ ᠰᠢᠲᠠᠮᠠᠬᠠᠢ ᠬᠡᠢ ᠶᠢᠨ ᠭᠠᠷᠭᠠᠯᠲᠠ 1.8 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠥᠷᠪᠡ᠃ | ᠥᠩᠭᠡ ᠦᠵᠡᠮᠵᠢ ᠭᠤᠶᠢᠳᠠ ᠰᠠᠶᠢᠬᠠᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠃ ᠪᠥᠬᠦ ᠪᠠᠯᠭᠠᠰᠤᠨ ᠤ ᠤᠷᠭᠤᠮᠠᠯ ᠤᠨ ᠬᠤᠴᠢᠯᠭ᠎ᠠ ᠶᠢᠨ | ᠪᠦᠷᠬᠦᠴᠡ 93% ᠳᠤ ᠬᠦᠷᠴᠦ᠂ ᠣᠶ ᠰᠢᠭᠤᠢ ᠶᠢᠨ ᠪᠦᠷᠬᠦᠴᠡ 42% ᠲᠤ ᠬᠥᠷᠪᠡ᠃ ᠠᠳᠡ ᠥᠩᠭᠡ ᠦᠵᠡᠮᠵᠢ ᠪᠦᠷᠢᠳᠦᠭᠰᠡᠨ ᠴᠠᠬᠤᠯᠠᠢ ᠶᠢᠨ ᠨᠤᠲᠤᠭ | ᠲᠡᠮᠡᠬᠡᠨ ᠬᠠᠳᠠᠨ ᠴᠠᠭᠠᠨᠨᠠᠭᠤᠷ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠲᠥᠪ ᠶᠡᠬᠡᠮᠰᠦᠭ ᠦᠯᠵᠠᠢ ᠪᠤᠶᠠᠨ ᠦᠷᠨᠢᠨ ᠲᠡᠯᠬᠡᠷᠡᠬᠦᠢ ᠶᠢᠨ ᠰᠦᠮ᠎ᠡ ᠬᠡᠶᠢᠳ ᠤᠨ | ᠭᠡᠭᠡᠨ ᠤ ᠣᠷᠳᠣᠨ᠂ ᠰᠤᠳᠤᠯᠤᠨ ᠰᠤᠷᠤᠯᠴᠠᠬᠤ ᠶᠢ ᠨᠢᠭᠡ ᠴᠣᠭᠴᠠᠵᠢᠭᠤᠯᠤᠭᠰᠠᠨ ᠵᠠᠯᠠᠭᠤᠴᠤᠳ ᠪᠠᠭᠠᠴᠤᠳ ᠤᠨ ᠬᠡᠪ ᠴᠢᠨᠠᠷ ᠤᠨ ᠰᠤᠷᠭᠠᠨ ᠬᠥᠮᠦᠵᠢᠯ ᠤᠨ | ᠦᠢᠯᠡᠳᠦᠯᠭᠡ ᠶᠢᠨ ᠰᠠᠭᠤᠷᠢᠨ ᠭᠠᠵᠠᠷ ᠵᠢᠴᠢ ᠨᠤᠲᠤᠭ ᠤᠰᠤᠨ ᠤ ᠥᠩᠭᠡ ᠠᠶᠠᠰ ᠢᠶᠠᠷ ᠭᠦᠨ ᠵᠤᠵᠠᠭᠠᠨ ᠲᠠᠯ᠎ᠠ ᠨᠤᠲᠤᠭ ᠤᠨ ᠮᠣᠷᠢᠲᠤ ᠵᠢᠭᠤᠯᠴᠢᠯᠠᠯ ᠤᠨ | ᠠᠶᠢᠮᠠᠭ ᠤᠨ ᠴᠠᠭᠠᠨ ᠴᠠᠶᠢᠳᠠᠮ ᠵᠡᠷᠭᠡ ᠣᠨᠴᠠᠯᠢᠭᠲᠤ ᠵᠢᠭᠤᠯᠴᠢᠯᠠᠯ ᠤᠨ ᠲᠥᠷᠥᠯ ᠵᠦᠢᠯ ᠪᠣᠶ᠃ 2022 ᠣᠨ ᠳᠤ ᠲᠥᠪ ᠲᠧᠯᠸᠢᠰ ᠤᠨ ︽ᠡᠯᠪᠡᠭ | ᠬᠤᠷᠢᠶᠠᠯᠲᠠ ᠶᠢᠨ ᠴᠤᠭᠯᠠᠷᠠᠯ ᠤᠨ ᠳ᠋ᠤᠭᠠᠷ︾ ᠪᠤᠯᠤᠩ ᠢ ᠰᠢᠩᠭᠡᠬᠡᠨ ᠦᠢᠯᠡᠳᠬᠦ ᠡᠭᠦᠷᠭᠡ ᠶᠢ ᠪᠡᠶᠡᠯᠡᠭᠦᠯᠵᠦ᠂ ᠦᠵᠡᠰᠬᠦᠯᠡᠩᠲᠦ ᠰᠠᠶᠢᠬᠠᠨ ᠪᠤᠬᠢᠷᠳᠤᠯ ᠦᠬᠡᠢ ᠬᠤᠲᠠ | ᠂ ᠠᠭᠤᠯᠠ ᠤᠰᠤ ᠮᠠᠯ ᠠᠵᠤ ᠠᠬᠤᠢ ᠶᠢᠨ ᠳᠠᠭᠤᠤ ᠰᠢᠨ᠎ᠡ ᠬᠤᠲᠠ ᠪᠠᠯᠭᠠᠰᠤ ᠶᠢᠨ ᠳᠦᠷᠢ ᠲᠥᠷᠬᠦ ᠲᠥᠪ ᠲᠧᠯᠸᠢᠰ ᠲᠤ ᠭᠤᠶᠢᠳᠠ ᠰᠠᠶᠢᠬᠠᠨ ᠢᠯᠡᠷᠡᠭᠦᠯᠪᠡ᠃ | ᠡᠳ᠋ ᠭᠠᠷᠤᠯᠲᠠ ᠡᠯᠪᠡᠭ ᠳᠡᠯᠪᠡᠭ᠂ ᠠᠵᠤ ᠦᠢᠯᠡᠰ ᠬᠥᠭᠵᠢᠨ ᠪᠠᠳᠠᠷᠠᠨ᠎ᠠ᠃ ᠮᠠᠯ ᠤᠨ ᠶᠡᠷᠦᠩᠬᠡᠢ ᠲᠤᠭ᠎ᠠ ᠲᠣᠯᠣᠭᠠᠢ 129369 ᠲᠦᠮᠡᠨ ᠲᠣᠯᠣᠭᠠᠢ᠂ | ᠲᠠᠷᠢᠶᠠᠨ ᠭᠠᠵᠠᠷ ᠤᠨ ᠲᠠᠯᠠᠪᠠᠶ 6403.9 ᠡᠾᠧᠺᠲ᠋ᠠᠷ᠃ ᠤᠯᠠᠭᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢᠨ ᠭᠠᠵᠠᠷ ᠢᠶᠠᠷ ᠲᠣᠯᠣᠭᠠᠶᠢᠯᠠᠭᠤᠯᠤᠭᠰᠠᠨ | ᠠᠯᠠᠰᠢᠨ ᠬᠤᠨᠢ᠂ ᠠᠯᠠᠰᠢᠨ ᠦᠬᠡᠷ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠪᠠ︔ ᠲᠤᠯᠤᠭᠠᠨ ᠠᠭᠤᠢ ᠡᠵᠡᠨ | ᠤ ᠰᠤᠳᠤᠨ ᠠᠮᠤ᠂ ᠲᠤᠶᠢᠭ ᠨᠤᠲᠤᠭ ᠤᠨ ᠨᠡᠷᠡᠲᠦ ᠲᠡᠮᠳᠡᠭ᠃ ᠬᠠᠭᠤᠷᠠᠢ ᠴᠠᠶᠢᠳᠠᠮ ᠲᠣᠰᠬᠤᠨ ᠤ ᠪᠤᠷᠭᠠᠰᠤ ᠶᠢ ᠭᠦᠷᠦᠵᠦ ᠡᠳ᠋ᠰᠢᠭᠦᠯᠬᠦ ᠪᠠ ᠮᠠᠯᠴᠢᠨ ᠤ ᠬᠤᠭᠤᠯᠠᠢ | ᠲᠣᠰᠬᠤᠨ ᠤ ᠬᠠᠶᠠᠭᠳᠠᠮᠠᠯ ᠮᠣᠳᠣ ᠶᠢ ᠡᠳ᠋ᠰᠢᠭᠦᠯᠬᠦ ᠵᠢᠴᠢ ᠤᠳᠠᠨ ᠴᠠᠶᠢᠳᠠᠮ ᠲᠣᠰᠬᠤᠨ ᠤ ᠡᠯᠡᠰᠦᠨ ᠪᠤᠷᠭᠠᠰᠤᠨ ᠤ ᠬᠡᠷᠴᠢᠮᠡᠯ ᠵᠡᠷᠭᠡ ᠣᠶ ᠰᠢᠭᠤᠢ ᠶᠢᠨ ᠠᠵᠤ | ᠦᠢᠯᠡᠰ᠃ ᠪᠠᠰᠠ ᠤᠯᠠᠭᠠᠨᠲᠣᠯᠤᠭᠠᠢ ᠲᠣᠰᠬᠤᠨ ᠤ ᠭᠠᠭ᠋ᠠᠢ ᠲᠡᠵᠢᠭᠡᠬᠦ ᠦᠢᠯᠡᠳᠪᠦᠷᠢ ᠶᠢᠨ ᠲᠥᠷᠥᠯ ᠵᠦᠢᠯ᠂ ᠬᠠᠭᠤᠷᠠᠢ ᠴᠠᠶᠢᠳᠠᠮ ᠲᠣᠰᠬᠤᠨ ᠤ ᠢᠳᠡᠭᠡᠨ ᠤ | ᠮᠥᠭᠦ ᠶᠢᠨ ᠬᠦᠯᠡᠮᠵᠢ ᠳᠠᠷᠢᠬᠤ ᠲᠥᠷᠥᠯ ᠵᠦᠢᠯ᠂ ᠪᠠᠭ᠎ᠠ ᠴᠠᠶᠢᠳᠠᠮ ᠲᠣᠰᠬᠤᠨ ᠤ ᠭᠠᠵᠠᠷ ᠰᠢᠷᠣᠢ ᠶᠢ ᠡᠮᠬᠢᠯᠡᠨ ᠨᠡᠶᠢᠯᠡᠭᠦᠯᠬᠦ ᠲᠥᠷᠥᠯ ᠵᠦᠢᠯ ᠵᠡᠷᠭᠡ ᠨᠢᠭᠡ ᠪᠦᠯᠦᠭ | ᠰᠢᠨ᠎ᠡ ᠠᠵᠤ ᠦᠢᠯᠡᠰ᠂ ᠰᠢᠨ᠎ᠡ ᠲᠥᠷᠥᠯ ᠵᠦᠢᠯ ᠣᠲᠣ ᠶᠠᠭ ᠬᠦᠴᠦᠨ ᠢᠶᠠᠨ ᠬᠠᠳᠠᠭᠠᠯᠠᠵᠤ ᠪᠣᠶ᠃ | | | | | | |