ᠡᠵᠡᠨ ᠬᠤᠷᠤᠭ᠎ᠠ ᠬᠤᠰᠢᠭᠤ᠄ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠡᠷᠡᠯᠬᠡᠭᠯᠡᠨ ᠤᠷᠤᠭᠰᠢᠯᠠᠬᠤ ᠠᠶ᠎ᠠ︾ ᠎ ᠶᠢ ᠬᠠᠩᠭᠢᠨᠠᠭᠤᠯᠤᠨ᠎ᠠ
ᠨᠡᠶᠢᠲᠡᠯᠡᠭᠰᠡᠨ ᠴᠠᠭ᠄
2024/4/17
      ᠣᠶᠢᠷ᠎ᠠ ᠶᠢᠨ ᠵᠢᠯ ᠳᠤ᠂ ᠡᠵᠡᠨ ᠬᠤᠷᠤᠭ᠎ᠠ ᠬᠤᠰᠢᠭᠤᠨ ᠤ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠰᠡᠳᠬᠢᠮᠵᠢ ᠶᠢ ᠲᠠᠰᠤᠷᠠᠯᠲᠠ ᠥᠬᠡᠶ ᠥᠷᠭᠡᠳᠬᠡᠵᠦ᠂ ᠵᠧᠵᠢᠶᠠᠩ ᠤᠨ ︽ᠮᠢᠩᠭ᠎ᠠ ᠲᠦᠮᠨ ᠶᠢᠨ ᠢᠨᠵᠧᠨᠧᠷᠢᠩ︾᠎ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ︽ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠵᠤ᠂ ᠭᠤᠷᠪᠠᠨ ᠲᠡᠰ ᠢ  ᠬᠠᠮᠲᠤ ᠪᠠᠷ  ᠮᠠᠨᠳᠤᠭᠤᠯᠬᠤ᠂ ᠭᠤᠷᠪᠠ ᠶᠢ ᠨᠢᠭᠡᠳᠬᠡᠨ ᠬᠠᠮᠲᠤ ᠪᠠᠷ ᠪᠠᠶᠠᠵᠢᠬᠤ︾᠎ ᠪᠠᠷ ᠠᠵᠢᠯ ᠤᠨ ᠭᠠᠷᠳᠠᠴᠠ ᠪᠣᠯᠭᠠᠵᠤ᠂ ᠡᠬᠢ ᠪᠠᠶᠠᠯᠢᠭ ᠡᠳ᠋ ᠬᠥᠷᠥᠩᠭᠡ ᠶᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂  ᠬᠤᠰᠢᠭᠤ ᠱᠠᠲᠤᠨ ᠠᠴᠠ ᠨᠢᠭᠡᠳᠦᠯᠲᠡᠶ ᠲᠦᠯᠦᠪᠯᠡᠵᠦ᠂  ᠪᠠᠯᠭᠠᠰᠤᠨ ᠲᠡᠰ ᠢᠶᠠᠷ  ᠭᠤᠤᠯᠯᠠᠭᠤᠯᠵᠣ᠂ ᠲᠣᠰᠬᠤᠨ ᠬᠤᠷᠰᠢᠶ᠎ᠠ ᠤᠷᠤᠯᠴᠠᠵᠤ ᠂ ︽ᠵᠠᠬ᠎ᠠ ᠳᠡᠯᠭᠡᠭᠦᠷᠴᠢᠯᠡᠭᠰᠡᠨ ᠰᠡᠳᠬᠢᠬᠦᠶ᠂ ᠺᠣᠮᠫᠠᠨᠢᠵᠢᠭᠤᠯᠤᠭᠰᠠᠨ ᠬᠠᠮᠢᠶᠠᠷᠤᠯᠲᠠ᠂ ᠲᠥᠷᠥᠯ ᠵᠦᠢᠯᠴᠢᠯᠡᠭᠰᠡᠨ ᠡᠵᠡᠩᠨᠡᠯᠲᠡ︾᠎ ᠶᠢᠨ ᠰᠡᠳᠬᠢᠮᠵᠢ ᠶᠢᠨ ᠣᠨᠣᠯᠵᠢᠬᠤᠨ ᠢᠶᠠᠷ ᠳᠠᠮᠵᠢᠭᠤᠯᠤᠨ᠂ ︽ᠨᠢᠭᠡᠳᠦᠯᠲᠡᠶ ᠳᠠᠷᠢᠵᠤ ᠬᠠᠮᠲᠤ ᠪᠠᠷ ᠪᠠᠶᠠᠵᠢᠬᠤ᠂ ᠨᠢᠭᠡᠳᠦᠯᠲᠡᠶ ᠲᠡᠵᠢᠭᠡᠵᠦ ᠬᠠᠮᠲᠤ ᠪᠠᠷ ᠪᠠᠶᠠᠵᠢᠬᠤ︾ ᠵᠡᠷᠭᠡ ᠵᠠᠭᠪᠤᠷ ᠢ ᠲᠥᠷᠥᠯ ᠬᠤᠪᠢᠶᠠᠨ ᠳᠡᠯᠭᠡᠷᠡᠭᠦᠯᠵᠦ᠂ ᠠᠵᠤ ᠠᠬᠤᠶ ᠶᠢᠨ ᠦᠷ᠎ᠡ ᠠᠰᠢᠭ ᠢᠶᠠᠷ ᠰᠠᠶᠢᠨ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠰᠢᠨ᠎ᠡ ᠬᠡᠯᠪᠡᠷᠢ ᠶᠢᠨ ᠲᠣᠰᠬᠤᠨ ᠤ ᠬᠠᠮᠲᠤ ᠶᠢᠨ ᠠᠵᠤ ᠠᠬᠤᠶ ᠶᠢᠨ ᠲᠥᠷᠥᠯ ᠵᠦᠢᠯ ᠢ ᠶᠡᠬᠡᠪᠡᠷ ᠲᠡᠳᠬᠦᠨ ᠬᠥᠭᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠶ ᠥᠷᠨᠢᠨ  ᠬᠦᠭᠵᠢᠭᠰᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠡᠷᠡᠯᠬᠡᠭᠯᠡᠨ ᠤᠷᠤᠭᠰᠢᠯᠠᠬᠤ ᠠᠶ᠎ᠠ︾᠎ ᠶᠢ ᠴᠤᠤᠷᠢᠶᠠᠲᠤᠭᠤᠯᠪᠠ᠃      ᠡᠨᠡ ᠬᠡᠳᠦᠨ ᠡᠳᠦᠷ᠂ ᠡᠵᠡᠨ ᠬᠤᠷᠤᠭ᠎ᠠ ᠬᠤᠰᠢᠭᠤ ᠬᠥᠳᠡᠭᠡ ᠲᠣᠰᠬᠤᠨ ᠤ ᠬᠠᠮᠲᠤ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠳ᠋ ᠤᠨ ᠵᠠᠰᠠᠭ ᠤᠨ ᠪᠠᠯᠠ ᠮᠥᠩᠭᠦ ᠶᠢ ᠣᠷᠣᠭᠤᠯᠤᠨ ᠠᠪᠴᠢᠷᠠᠵᠤ᠂ ᠠᠰᠢᠭ ᠬᠤᠨᠵᠢᠪᠣᠷᠢᠲᠠᠶ ᠬᠥᠳᠡᠭᠡ ᠲᠣᠰᠬᠤᠨ ᠤ ᠬᠠᠮᠲᠤ ᠶᠢᠨ ᠡᠬᠢ ᠪᠠᠶᠠᠯᠢᠭ ᠢ ᠦᠨ᠎ᠡ ᠲᠣᠭᠲᠠᠭᠠᠨ ᠬᠤᠪᠢ ᠣᠷᠣᠭᠤᠯᠵᠤ᠂ ᠲᠣᠰᠬᠤᠨ ᠤ ᠪᠠᠯᠠ ᠣᠷᠣᠭᠤᠯᠤᠯᠲᠠ ᠶᠢᠨ ᠺᠣᠮᠫᠠᠨᠢ ᠶᠢ ᠵᠣᠬᠢᠶᠠᠨ ᠪᠠᠶᠢᠭᠤᠯᠵᠤ᠂ ᠪᠥᠬᠦ ᠬᠤᠰᠢᠭᠤᠨ ᠤ ᠡᠬᠢ ᠪᠠᠶᠠᠯᠢᠭ ᠢ ︽ᠬᠥᠳᠡᠯᠭᠡᠵᠦ︾᠂ ᠪᠠᠯᠠ ᠮᠥᠩᠭᠦ ᠶᠢ ︽ᠭᠠᠳᠠᠭᠰᠢ ᠭᠠᠷᠭᠠᠬᠤ︾᠎ ᠶᠢ ᠪᠡᠶᠡᠯᠡᠭᠦᠯᠵᠦ ᠪᠠᠶᠢᠨ᠎ᠠ᠃      ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠳ᠋ᠦ᠋ ᠶᠧ ᠲᠢᠩ  ᠤᠨ ᠲᠠᠨᠢᠯᠴᠠᠭᠤᠯᠤᠭᠰᠠᠨ ᠢᠶᠠᠷ᠂ ᠲᠣᠰᠬᠤᠨ ᠤ ᠪᠠᠯᠠ ᠣᠷᠣᠭᠤᠯᠤᠯᠲᠠ ᠶᠢᠨ ᠺᠣᠮᠫᠠᠨᠢ ᠶᠢ ᠵᠣᠬᠢᠶᠠᠨ ᠪᠠᠶᠢᠭᠤᠯᠬᠤ ᠨᠢ ᠡᠯ᠎ᠡ ᠬᠠᠮᠲᠤ ᠶᠢᠨ ᠠᠵᠤ ᠠᠬᠤᠶ ᠳᠤ ᠭᠠᠭᠴᠠᠭᠠᠷ ᠲᠡᠮᠡᠴᠡᠬᠦ ᠪᠠᠶᠢᠳᠠᠯ ᠢ ᠪᠦᠲᠦᠮᠵᠢᠲᠡᠶ ᠬᠤᠪᠢᠷᠠᠭᠤᠯᠵᠤ᠂ ︿ᠬᠦᠴᠦᠷᠬᠡᠭ ᠲᠣᠰᠬᠤᠨ ᠨᠢ ᠪᠠᠭᠤᠷᠠᠶ ᠲᠣᠰᠬᠤᠨ ᠢᠶᠠᠨ ᠳᠠᠭᠠᠭᠤᠯᠬᠤ﹀ ︿ᠣᠷᠣᠨ ᠠᠯᠤᠰᠯᠠᠨ ᠪᠦᠯᠬᠦᠮᠳᠡᠭᠰᠡᠨ﹀ ᠬᠠᠮᠲᠤᠷᠠᠯᠴᠠᠭᠠᠨ ᠤ ᠵᠠᠭᠪᠤᠷ ᠢ ᠬᠡᠷᠡᠭᠵᠢᠭᠦᠯᠵᠦ᠂ ᠳᠠᠪᠠᠭᠤᠯᠢᠭ ᠡᠬᠢ ᠪᠠᠶᠠᠯᠢᠭ ᠢ ᠲᠥᠪᠯᠡᠷᠡᠭᠦᠯᠦᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠠᠵᠤ ᠦᠢᠯᠡᠰ ᠤᠨ ᠲᠥᠷᠥᠯ ᠵᠦᠢᠯ ᠢ ᠵᠦᠶ ᠵᠣᠬᠢᠰᠲᠠᠶ ᠪᠠᠶᠢᠷᠢᠯᠠᠭᠤᠯᠤᠨ᠂ ᠪᠦᠬᠦᠯᠢ ᠴᠣᠭᠴᠠ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠲᠥᠷᠥᠯ ᠵᠦᠢᠯ ᠤᠨ ᠢᠵᠢᠯᠢᠰᠢᠬᠦ ᠦᠵᠡᠭᠳᠡᠯ ᠠᠴᠠ ᠪᠦᠲᠦᠮᠵᠢᠲᠡᠶ ᠵᠠᠶᠢᠯᠠᠰᠬᠢᠬᠦ ᠳᠤ ᠠᠰᠢᠭᠲᠠᠶ ᠶᠤᠮ᠃ ᠲᠣᠰᠬᠤᠨ ᠤ ᠪᠡᠯᠡ ᠣᠷᠣᠭᠤᠯᠤᠯᠲᠠ ᠶᠢᠨ ᠺᠣᠮᠫᠠᠨᠢ ᠲᠤᠰᠬᠠᠶ ᠮᠡᠷᠭᠡᠵᠢᠯ ᠤᠨ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠵᠤ᠂ ᠵᠠᠬ᠎ᠠ ᠳᠡᠯᠭᠡᠭᠦᠷ ᠤᠨ ᠠᠵᠢᠯᠯᠠᠭᠠᠨ ᠢ ᠥᠷᠨᠢᠭᠦᠯᠵᠦ᠂ ᠲᠠᠷᠢᠶᠠᠯᠠᠩ ᠳᠤ ᠬᠤᠯᠪᠣᠭᠳᠠᠬᠤ ᠲᠤᠰᠬᠠᠶ ᠪᠡᠯᠡ ᠣᠷᠣᠭᠤᠯᠤᠯᠲᠠ ᠶᠢᠨ ᠲᠠᠪᠴᠠᠩ ᠢ ᠪᠠᠶᠢᠭᠤᠯᠵᠤ᠂ ᠬᠠᠮᠲᠤ ᠶᠢᠨ ᠠᠵᠤ ᠠᠬᠤᠶ ᠶᠢᠨ ᠲᠥᠷᠥᠯ ᠵᠦᠢᠯ ᠢ ᠠᠵᠤ ᠠᠬᠤᠶᠢᠴᠢᠯᠠᠬᠤ᠂ ᠺᠣᠮᠫᠠᠨᠢᠴᠢᠯᠠᠬᠤ᠂ ᠵᠠᠬ᠎ᠠ ᠳᠡᠯᠭᠡᠭᠦᠷᠵᠢᠭᠦᠯᠬᠦ ᠠᠵᠢᠯᠯᠠᠭᠠᠨ ᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠤᠨ  ᠰᠢᠯᠢᠳᠡᠭ ᠢ ᠳᠥᠯᠭᠢᠨ ᠠᠬᠢᠭᠤᠯᠵᠤ᠂ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠬᠦ ᠪᠤᠯᠤᠨ᠎ᠠ ᠬᠡᠵᠤ  ᠪᠠᠶᠢᠪᠠ᠃        ᠤᠶᠢᠯᠠᠭᠠᠭᠰᠠᠨ ᠢᠶᠠᠷ᠂ ᠡᠵᠡᠨ ᠬᠤᠷᠤᠭ᠎ᠠ ᠬᠤᠰᠢᠭᠤ ︽ᠬᠤᠰᠢᠭᠤ ᠪᠠᠯᠭᠠᠰᠤ ᠲᠤᠰᠬᠤᠨ ᠭᠤᠷᠪᠠᠨ ᠱᠠᠳᠤᠨ ᠤ ᠬᠠᠷᠢᠯᠴᠠᠨ ᠬᠦᠳᠡᠯᠦᠯᠴᠡᠬᠦ᠂ ᠲᠤᠰᠬᠤᠨ ᠪᠤᠯᠭᠠᠨ ᠬᠤᠯᠪᠤᠭᠠᠯᠠᠨ ᠬᠦᠳᠡᠯᠦᠯᠴᠡᠬᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠶᠡᠷᠦᠩᠬᠡᠢ ᠴᠢᠭᠯᠡᠯᠳᠡ ᠶᠤᠰᠤᠭᠠᠷ᠂ ︽ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠬᠤ ︾᠎ ᠎ ᠶᠢ ᠠᠬᠢᠭᠤᠯᠪᠠ᠃ ᠪᠠᠯᠭᠠᠰᠤᠨ ᠤ ᠲᠡᠰ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ ᠥᠭᠡᠷᠡᠴᠢᠯᠡᠨ ᠪᠠᠶᠢᠭᠤᠯᠵᠤ᠂  ᠪᠠᠯᠭᠠᠰᠤᠨ ᠤ ᠲᠡᠰ ᠤᠨ ᠲᠣᠰᠬᠤᠨ ᠤ ᠪᠡᠯᠡ ᠣᠷᠣᠭᠤᠯᠤᠯᠲᠠ ᠶᠢᠨ ᠺᠣᠮᠫᠠᠨᠢ ︵ᠬᠤᠶᠠᠳᠤᠭᠠᠷ ᠳᠡᠰ ᠤᠨ ᠺᠣᠮᠫᠠᠨᠢ︶ ᠭᠡᠵᠦ ᠬᠠᠯᠠᠨ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠨᠥᠬᠦᠴᠡᠯ ᠲᠠᠢ ᠪᠣᠯ ᠲᠣᠰᠬᠤᠨ ᠤ  ᠲᠡᠰ ᠤᠨ ᠲᠣᠰᠬᠤᠨ ᠤ ᠪᠡᠯᠡ ᠣᠷᠣᠭᠤᠯᠤᠯᠲᠠ ᠶᠢᠨ ᠺᠣᠮᠫᠠᠨᠢ ︵ᠭᠤᠷᠪᠠᠳᠤᠭᠠᠷ ᠳᠡᠰ ᠤᠨ ᠺᠣᠮᠫᠠᠨᠢ︶ ᠪᠠᠶᠢᠭᠤᠯᠵᠤ ᠪᠣᠯᠣᠨ᠎ᠠ᠂ ᠬᠡᠪᠴᠢᠶ᠎ᠡ ᠪᠠᠷ ᠪᠠᠭ᠎ᠠ ᠪᠣᠯ ᠲᠥᠷᠥᠯ ᠵᠦᠢᠯ ᠤᠨ ᠺᠣᠮᠫᠠᠨᠢ ᠪᠤᠶᠤ ᠲᠥᠷᠥᠯ ᠵᠦᠢᠯ ᠤᠨ ᠬᠡᠯᠲᠡᠰ ᠪᠣᠯᠭᠠᠵᠤ ᠪᠣᠯᠣᠨ᠎ᠠ᠂ ᠨᠥᠬᠦᠴᠡᠯ ᠪᠦᠷᠢᠯᠳᠦᠭᠦᠯᠦᠭᠡᠳᠦᠢ ᠎ ᠨᠢ ᠲᠤᠰᠠᠭᠠᠷ ᠺᠣᠮᠫᠠᠨᠢ ᠪᠠᠶᠢᠭᠤᠯᠪᠠᠯ ᠡᠬᠢ ᠪᠠᠶᠠᠯᠢᠭ᠂ ᠡᠳ᠋ ᠬᠥᠷᠥᠩᠭᠡ ᠵᠡᠷᠭᠡ ᠪᠠᠨ ᠪᠠᠯᠭᠠᠰᠤᠨ ᠤ ᠲᠡᠰ ᠤᠨ ᠲᠣᠰᠬᠤᠨ ᠤ ᠪᠡᠯᠡ ᠣᠷᠣᠭᠤᠯᠤᠯᠲᠠ ᠶᠢᠨ ᠺᠣᠮᠫᠠᠨᠢ ᠳᠤ ᠬᠤᠪᠢ ᠣᠷᠣᠭᠤᠯᠵᠤ ᠠᠵᠢᠯᠯᠠᠭᠤᠯᠵᠤ ᠪᠣᠯᠣᠨ᠎ᠠ᠃ ᠬᠤᠰᠢᠭᠤᠨ ᠤ ᠲᠠᠰ ᠤᠨ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠭᠰᠠᠨ ᠠᠵᠤ ᠠᠬᠤᠶᠢᠯᠠᠯ ᠢ ᠲᠣᠰᠬᠤᠨ ᠤ ᠬᠠᠮᠲᠤ ᠶᠢᠨ ᠠᠵᠤ ᠠᠬᠤᠶ ᠶᠢᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ︵ᠬᠤᠰᠢᠭᠤᠨ ᠤ ᠲᠠᠰ ᠤᠨ ᠪᠦᠯᠦᠭᠯᠡᠯ︶ ᠪᠣᠯᠭᠠᠨ ᠥᠭᠡᠷᠡᠴᠢᠯᠡᠨ ᠪᠠᠶᠢᠭᠤᠯᠵᠤ᠂ ᠡᠯ᠎ᠡ ᠪᠠᠯᠭᠠᠰᠤ ᠲᠣᠰᠬᠤᠨ ᠤ ᠪᠠᠯᠠ ᠣᠷᠣᠭᠤᠯᠤᠯᠲᠠ ᠶᠢᠨ ᠺᠣᠮᠫᠠᠨᠢ ᠶᠢ ᠬᠤᠰᠢᠭᠤᠨ ᠤ ᠲᠠᠰ ᠤᠨ ᠪᠦᠯᠦᠭᠯᠡᠯ ᠺᠣᠮᠫᠠᠨᠢ ᠶᠢᠨ ᠬᠠᠮᠢᠶᠠᠷᠤᠯᠲᠠ ᠳᠤ ᠣᠷᠣᠭᠤᠯᠤᠨ᠎ᠠ᠃      ᠰᠤᠪᠤᠷᠭ᠎ᠠ ᠪᠠᠯᠭᠠᠰᠤᠨ ᠤ ᠴᠠᠭᠠᠷᠢᠭ ᠤᠨ ᠵᠤᠤ ᠲᠣᠰᠬᠤᠨ ᠤ ᠫᠦ᠋ ᠬᠤᠢ ᠠᠵᠤ ᠦᠢᠯᠡᠳᠪᠦᠷᠢ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠲᠤᠤᠷ ᠤᠨ ᠦᠢᠯᠡᠳᠪᠦᠷᠢ ᠳᠤ  ᠬᠦᠷᠬᠦ ᠳᠤ᠂ ᠮᠠᠰᠢ ᠶᠠᠭᠠᠷᠠᠯᠲᠠᠢ ᠠᠵᠢᠯᠯᠠᠵᠠᠭᠠᠵᠤ ᠪᠠᠶᠢᠯ᠎ᠠ᠃      ᠰᠤᠪᠤᠷᠭ᠎ᠠ ᠲᠣᠰᠬᠤᠨ ᠤ ᠨᠠᠮ ᠤᠨ ᠡᠭᠦᠷ ᠤᠨ ᠱᠦᠵᠢ ᠬᠠᠨ ᠫᠢᠩ ᠰᠤᠷᠪᠤᠯᠵᠢᠯᠠᠭᠴᠢ ᠳᠤ᠄ ︽ᠳᠠᠭᠠᠭᠠᠴᠢᠯᠠᠨ ᠬᠤᠯᠪᠣᠭᠠᠯᠠᠬᠤ ᠨᠢᠭᠡᠴᠢ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠣᠯᠤᠨ  ︿ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ  ᠬᠦᠭᠵᠢᠬᠦᠯᠬᠦ ﹀ ᠬᠠᠪᠰᠤᠷᠤᠨ ᠲᠡᠳᠬᠦᠬᠦ ᠠᠵᠤ ᠠᠬᠤᠶᠢᠯᠠᠯ ᠤᠨ ᠢ ᠲᠠᠢ ᠳ᠋ᠠ ᠳ᠋ᠢ ᠵᠢᠩ ᠨᠡᠭᠦᠷᠡᠰᠦᠨ ᠠᠭᠤᠷᠬᠠᠢ ᠶᠢᠨ ᠬᠦᠴᠦᠲᠡᠢ ᠳᠡᠮᠵᠢᠯᠭᠡ ᠳᠣᠣᠷ᠎ᠠ᠂ ᠪᠢᠳᠡ᠂ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠬᠠᠷᠠᠯᠲᠠ ᠶᠢ ᠲᠦᠯᠬᠢᠨ ᠠᠬᠢᠭᠤᠯᠵᠤ ᠪᠡᠶᠡᠯᠡᠬᠦᠯᠬᠦ ᠶᠢᠨ ᠲᠣᠭᠤᠷᠢᠨ ᠳᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠭᠠᠷᠳᠠᠴᠠ ᠪᠣᠯᠭᠠᠵᠤ᠂  ︿ᠨᠠᠮ ᠤᠨ ᠡᠭᠦᠷ + ᠠᠵᠤ ᠠᠬᠤᠶᠢᠯᠠᠯ + ᠲᠣᠰᠬᠤᠨ ᠤ ᠬᠠᠮᠲᠤ ᠶᠢᠨ ᠠᠵᠤ ᠠᠬᠤᠢ + ᠮᠠᠯᠴᠢᠨ ᠲᠠᠷᠢᠶᠠᠴᠢᠨ ﹀᠎ ᠤ ᠵᠠᠭᠪᠤᠷ ᠢᠶᠠᠷ ᠳᠠᠮᠵᠢᠨ᠂  ᠡᠩ ᠲᠡᠷᠢᠬᠦᠨ ᠳᠤ ᠪᠦᠬᠦ ᠪᠠᠯᠭᠠᠰᠤᠨ ᠳᠤ  ︿ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠬᠤ ﹀ ᠎ ᠶᠢ ᠤᠷᠢᠳᠠᠪᠠᠷ ᠭᠡᠷᠡᠭᠵᠢᠬᠦᠯᠦᠨ ᠲᠠᠭᠤᠷᠢᠶᠠᠯ ᠦᠵᠡᠬᠦᠯᠬᠦ ᠶᠢ ᠪᠡᠶᠡᠯᠡᠬᠦᠯᠵᠦ᠂ 2019 ᠣᠨ ᠳᠤ ᠠᠰᠢᠭᠯᠠᠯᠲᠠ ᠳᠤ ᠣᠷᠣᠭᠤᠯᠤᠭᠰᠠᠨ ᠠᠴᠠ ᠨᠠᠰᠢ᠂ ᠡᠵᠡᠩᠨᠡᠯᠲᠡ ᠶᠢᠨ ᠴᠢᠨᠠᠷᠲᠠᠢ ᠣᠷᠣᠯᠭ᠎ᠠ ᠨᠡᠶᠢᠳᠡ 3 ᠳ᠋ᠦᠩᠰᠢᠭᠤᠷ ᠲᠥᠭᠦᠷᠢᠭ ᠢ ᠳᠠᠪᠠᠵᠤ᠂ ᠴᠡᠪᠡᠷ ᠠᠰᠢᠭ ᠬᠤᠨᠵᠢᠪᠣᠷᠢ ᠨᠢ 1200 ᠲᠦᠮᠡᠨ ᠲᠥᠭᠦᠷᠢᠭ ᠢ ᠳᠠᠪᠠᠵᠤ᠂ ᠲᠣᠰᠬᠤᠨ ᠤ ᠠᠷᠠᠳ ᠲᠤ ᠨᠡᠶᠢᠲᠡ 120 ᠭᠠᠷᠤᠢ ᠲᠦᠮᠡᠨ ᠲᠥᠭᠦᠷᠢᠭ ᠤᠨ ᠠᠰᠢᠭ ᠬᠤᠪᠢᠶᠠᠷᠢᠯᠠᠵᠠᠢ︾ ᠬᠡᠵᠤ ᠬᠡᠯᠡᠪᠡ᠃       ᠡᠵᠡᠨ ᠬᠤᠷᠤᠭ᠎ᠠ ᠬᠤᠰᠢᠭᠤ ︽ᠬᠤᠶᠠᠷ ᠢ ᠲᠡᠳᠬᠦᠨ ᠬᠤᠶᠠᠷ ᠢ ᠲᠠᠶᠢᠴᠢᠯᠠᠵᠦ ᠨᠢᠭᠡ ᠶᠢ ᠠᠬᠢᠭᠤᠯᠬᠤ︾᠎ ᠪᠠᠷ ᠭᠠᠷᠳᠠᠴᠠ ᠪᠣᠯᠭᠠᠵᠤ᠂ ︽ᠪᠠᠯᠭᠠᠰᠤ ᠠᠯᠤᠰᠯᠠᠭᠰᠠᠨ᠂ ᠲᠣᠰᠬᠤᠨ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ︾ ᠬᠠᠷᠢᠯᠴᠠᠨ ᠬᠠᠪᠰᠤᠷᠬᠤ ᠲᠣᠭᠲᠠᠴᠠ ᠪᠠᠷ ᠳᠠᠮᠵᠢᠭᠤᠯᠤᠨ᠂ ︽ᠣᠷᠣᠨ ᠠᠯᠤᠰᠯᠠᠭᠰᠠᠨ ᠪᠦᠯᠬᠦᠮ ᠪᠠᠶᠢᠭᠤᠯᠬᠤ︾ ᠵᠠᠭᠪᠤᠷ ᠢ ᠠᠪᠴᠤ᠂ ᠬᠠᠮᠲᠤ ᠶᠢᠨ ᠠᠵᠤ ᠠᠬᠤᠶ ᠶᠢᠨ ᠬᠥᠭᠵᠢᠯᠲᠡ ᠪᠠᠷ ᠨᠡᠯᠢᠶᠡᠳ ᠰᠠᠶᠢᠨ ᠭᠠᠴᠠᠭ᠎ᠠ ᠲᠣᠰᠬᠤᠨ  ᠂ ᠬᠠᠷᠢᠴᠠᠯ ᠢᠶᠠᠷ ᠬᠠᠷᠢᠴᠠᠩᠭᠤᠶ ᠬᠤᠴᠣᠷᠤᠩᠭᠤᠶ ᠭᠠᠴᠠᠭ᠎ᠠ ᠲᠣᠰᠬᠤᠨ ᠢ ᠰᠣᠩᠭᠤᠨ ᠭᠠᠷᠭᠠᠪᠠ᠃ ᠤᠤᠯ ᠤᠨ ︽ᠭᠠᠭᠴᠠᠭᠠᠷ ᠲᠡᠮᠡᠴᠡᠬᠦ᠂ ᠡᠬᠢ ᠪᠠᠶᠠᠯᠢᠭ ᠢ ᠲᠠᠷᠠᠬᠠᠢ ᠪᠤᠲᠠᠷᠬᠠᠢ ᠬᠠᠮᠢᠶᠠᠷᠬᠤ᠂ ᠪᠦᠳᠦᠭᠦᠯᠢᠭ ᠬᠡᠯᠪᠡᠷᠢ ᠲᠠᠢ ᠪᠠᠷ ᠬᠠᠮᠢᠶᠠᠷᠬᠤ︾᠎ ᠶᠢ ︽ᠪᠦᠯᠬᠦᠮᠳᠡᠵᠦ ᠬᠤᠯᠪᠣᠭᠠᠯᠠᠨ ᠪᠠᠶᠢᠭᠤᠯᠬᠤ᠂ ᠪᠡᠯᠡ ᠣᠷᠣᠭᠤᠯᠤᠯᠲᠠ ᠶᠢᠨ ᠡᠬᠡ ᠮᠥᠩᠭᠦ᠂ ᠵᠠᠬ᠎ᠠ ᠳᠡᠯᠭᠡᠭᠦᠷᠴᠢᠯᠡᠨ ᠠᠵᠢᠯᠯᠠᠬᠤ︾ ᠪᠣᠯᠭᠠᠨ ᠬᠤᠪᠢᠷᠠᠭᠤᠯᠪᠠ᠃ ︽  ᠬᠠᠮᠳᠤ ᠪᠠᠷ ᠪᠠᠶᠠᠵᠢᠬᠤ︾ ᠰᠠᠭᠤᠷᠢ ᠮᠥᠩᠭᠦ᠂ ︽ᠬᠤᠪᠢᠰᠬᠠᠯ ᠤᠨ ᠵᠠᠮᠴᠢᠯᠠᠭ᠎ᠠ ᠶᠢᠨ ᠰᠠᠭᠤᠷᠢ ᠮᠥᠩᠭᠦ︾ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠢ ᠪᠡᠯᠡ ᠮᠥᠩᠭᠦ ᠵᠡᠷᠭᠡ ᠡᠯ᠎ᠡ ᠲᠦᠷᠦᠯ ᠤᠨ ᠪᠡᠯᠡ ᠮᠥᠩᠭᠦ ᠶᠢ ᠢᠳᠡᠪᠬᠢᠲᠡᠢ ᠬᠡᠷᠡᠭᠯᠡᠵᠦ᠂ ᠭᠠᠴᠠᠭ᠎ᠠ ᠲᠣᠰᠬᠤᠨ ᠨᠢᠭᠡᠪᠦᠷᠢ ᠳᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ 1 - 2 ᠳᠠᠪᠠᠭᠤᠯᠢᠭ ᠠᠵᠤ ᠦᠢᠯᠡᠰ ᠢ  ᠪᠤᠶᠢᠵᠢᠭᠤᠯᠵᠣ ᠂ ︽ᠳᠠᠩ ᠴᠤᠯᠭᠤᠶ ᠬᠡᠯᠪᠡᠷᠢ︾᠎ ᠠᠴᠠ ︽ᠣᠯᠠᠨ ᠡᠰᠢᠵᠢᠭᠦᠯᠬᠦ︾ ᠬᠥᠭᠵᠢᠯᠲᠡ ᠲᠡᠰᠢ ᠬᠤᠪᠢᠷᠠᠬᠤ ᠶᠢ ᠪᠡᠶᠡᠯᠡᠭᠦᠯᠵᠦ᠂ ᠣᠯᠠᠨ ᠲᠠᠯ᠎ᠠ ᠪᠠᠷ ᠴᠡᠴᠡᠭ ᠳᠡᠯᠭᠡᠷᠡᠬᠦ ᠬᠥᠭᠵᠢᠯᠲᠡ ᠶᠢᠨ ᠪᠠᠶᠢᠷᠢᠰᠢᠯ ᠢ ᠪᠤᠶ ᠪᠤᠯᠭᠠᠵᠣ ᠪᠠᠶᠢᠨ᠎ᠠ᠃      ᠡᠭᠦᠨ ᠤ ᠬᠠᠮᠲᠤ᠂ ᠡᠯ᠎ᠡ ᠪᠠᠯᠭᠠᠰᠤᠨ ᠤ ᠡᠯ᠎ᠡ ᠭᠠᠴᠠᠭ᠎ᠠ ᠲᠣᠰᠬᠤᠨ ᠤ ᠬᠥᠭᠵᠢᠯᠲᠡ ᠶᠢᠨ ᠣᠨᠴᠠᠯᠢᠭ ᠲᠤ ᠴᠢᠭᠯᠡᠭᠦᠯᠦᠨ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠳᠠᠭᠠᠭᠠᠴᠢᠯᠠᠨ ᠬᠤᠯᠪᠣᠭᠠᠯᠠᠬᠤ  ᠨᠢᠬᠡᠴᠢ ᠪᠣᠯᠣᠨ ᠺᠠᠳ᠋ᠷ ᠢ ᠰᠣᠩᠭᠤᠨ ᠲᠣᠮᠢᠯᠠᠵᠤ ᠲᠣᠰᠬᠤᠨ ᠳᠤ ᠰᠠᠭᠤᠯᠭᠠᠨ ᠬᠠᠪᠰᠤᠷᠤᠨ ᠲᠡᠳᠬᠦᠬᠦ ᠵᠡᠷᠭᠡ ᠠᠷᠭ᠎ᠠ ᠬᠡᠯᠪᠡᠷᠢ ᠶᠢ ᠰᠦᠪᠡᠭᠴᠢᠯᠡᠵᠦ᠂ ᠨᠡᠶᠢᠭᠡᠮ ᠤᠨ ᠡᠬᠢ ᠪᠠᠶᠠᠯᠢᠭ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠪᠥᠬᠦ ᠬᠤᠰᠢᠭᠤᠨ ᠤ 138 ᠭᠠᠴᠠᠭ᠎ᠠ ᠲᠣᠰᠬᠤᠨ ᠲᠠᠢ ︽ᠨᠢᠭᠡᠳ ᠨᠢᠭᠡ ᠪᠠᠷ︾ ᠬᠤᠣᠰᠯᠠᠨ ᠬᠠᠪᠰᠤᠷᠤᠨ ᠲᠡᠳᠬᠦᠵᠦ᠂ ᠠᠵᠤ ᠦᠢᠯᠡᠰ ᠢᠶᠠᠷ ᠳᠠᠶᠢᠴᠢᠯᠠᠬᠤ᠂ ᠲᠥᠷᠥᠯ ᠵᠦᠢᠯ ᠢᠶᠠᠷ ᠬᠠᠪᠰᠤᠷᠤᠨ ᠲᠡᠳᠬᠦᠬᠦ᠂ ᠪᠠᠯᠠ ᠮᠥᠩᠭᠦ ᠪᠠᠷ ᠳᠡᠮᠵᠢᠬᠦ᠂ ᠬᠡᠷᠡᠭᠯᠡᠭᠡ ᠪᠠᠷ ᠣᠷᠣᠯᠭ᠎ᠠ ᠪᠠᠨ ᠨᠡᠮᠡᠭᠳᠡᠭᠦᠯᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠬᠠᠪᠰᠤᠷᠤᠨ ᠬᠦᠭᠵᠢᠬᠦᠯᠵᠦ ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠳᠤ 9943.6 ᠲᠦᠮᠡᠨ ᠲᠥᠭᠦᠷᠢᠭ ᠤᠨ ᠪᠡᠯᠡ ᠮᠥᠩᠭᠦ  ᠤᠷᠤᠭᠤᠯᠪᠠ᠃      2023 ᠣᠨ ᠳᠤ᠂ ᠪᠦᠬᠦ ᠬᠤᠰᠢᠭᠤᠨ ᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠢ ᠶᠡᠷᠦᠩᠬᠡᠢ ᠣᠷᠣᠯᠭ᠎ᠠ 4.07 ᠳ᠋ᠦᠩᠰᠢᠭᠤᠷ ᠲᠥᠭᠦᠷᠢᠭ ᠲᠤ ᠬᠦᠷᠴᠦ᠂ ᠴᠡᠪᠡᠷ ᠣᠷᠣᠯᠭ᠎ᠠ 1.21 ᠳ᠋ᠦᠩᠰᠢᠭᠤᠷ ᠲᠥᠭᠦᠷᠢᠭ ᠲᠤ ᠬᠦᠷᠴᠡᠢ᠃ 2023 ᠣᠨ ᠤ ᠡᠴᠦᠰ ᠲᠤ ᠲᠣᠰᠬᠤᠨ ᠤ ᠬᠠᠮᠲᠤ ᠶᠢᠨ ᠣᠷᠣᠯᠭ᠎ᠠ ᠪᠦᠬᠦᠨ ᠢᠶᠠᠷ ᠢᠶᠠᠨ 25 ᠲᠦᠮᠡᠨ ᠲᠥᠭᠦᠷᠢᠭ ᠢ ᠳᠠᠪᠠᠪᠠ᠃ 2022 ᠣᠨ ᠤ ᠪᠥᠬᠦ ᠬᠤᠲᠠ ᠶᠢᠨ ᠬᠠᠮᠲᠤ ᠶᠢᠨ ᠠᠵᠤ ᠠᠬᠤᠶ ᠶᠢᠨ ᠵᠠᠭᠤᠨ ᠬᠦᠴᠦᠷᠬᠡᠭ ᠤᠨ ᠨᠡᠷᠡᠰ ᠲᠤ ᠣᠷᠣᠭᠰᠠᠨ ᠭᠠᠴᠠᠭ᠎ᠠ ᠲᠣᠰᠬᠤᠨ 33  ᠪᠠᠶᠢᠵᠤ᠂ ᠡᠭᠦᠨ ᠳᠤ 5 ᠭᠠᠴᠠᠭ᠎ᠠ ᠲᠣᠰᠬᠤᠨ ᠡᠮᠦᠨ᠎ᠡ  ᠠᠷᠪᠠ ᠳᠤ ᠤᠷᠤᠭᠰᠠᠨ ᠪᠠᠶᠢᠨ᠎ᠠ᠃      ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠶᠤᠸᠠᠨ ᠰᠢᠨ ᠯᠢᠶᠠᠩ ᠰᠤᠷᠪᠤᠯᠵᠢᠯᠠᠭᠴᠢ ᠳᠤ᠄  ︽ᠲᠠᠷᠠᠭᠠᠴᠢ ᠶᠢᠨ ᠠᠯᠬᠤᠮ ᠳᠤ᠂ ᠪᠢᠳᠡ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠤ ᠲᠥᠰᠦᠯ ᠢ ᠲᠣᠭᠲᠠᠭᠠᠵᠤ᠂ ︽ᠠᠵᠤ ᠦᠢᠯᠡᠰ ᠢᠶᠠᠷ ᠲᠣᠰᠬᠤᠨ ᠢ ᠪᠠᠶᠠᠵᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠣᠰᠬᠤᠨ ᠢ ᠬᠥᠭᠵᠢᠭᠦᠯᠬᠦ᠂ ᠠᠵᠤ ᠠᠬᠤᠶᠢᠯᠠᠯ ᠢᠶᠠᠷ ᠲᠣᠰᠬᠤᠨ ᠢ ᠳᠠᠶᠢᠴᠢᠯᠠᠬᠤ᠂ ᠠᠮᠢ ᠠᠬᠤᠶ ᠪᠠᠷ ᠲᠣᠰᠬᠤᠨ ᠢ ᠪᠠᠶᠢᠭᠤᠯᠬᠤ᠂ ᠴᠢᠳᠠᠪᠤᠷᠢᠲᠠᠨ ᠢᠶᠠᠷ ᠲᠣᠰᠬᠤᠨ ᠢ ᠬᠦᠴᠦᠷᠬᠡᠭᠵᠢᠭᠦᠯᠬᠦ︾᠎ ᠶᠢ ᠪᠠᠷᠢᠮᠲᠠᠯᠠᠨ᠂ ᠰᠢᠨ᠎ᠡ ᠬᠡᠯᠪᠡᠷᠢ ᠶᠢᠨ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠳᠥᠯᠭᠢᠨ ᠠᠬᠢᠭᠤᠯᠵᠤ᠂  2030 ᠣᠨ ᠤ ᠡᠴᠦᠰ ᠪᠣᠯᠬᠤ ᠳᠤ᠂ ᠪᠥᠬᠦ ᠬᠤᠰᠢᠭᠤᠨ ᠤ 138 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠡᠵᠡᠩᠨᠡᠯᠲᠡ ᠶᠢᠨ ᠴᠢᠨᠠᠷᠲᠠᠶ ᠣᠷᠣᠯᠭ᠎ᠠ ᠶᠢ ᠪᠦᠬᠦᠨ ᠢ 100 ᠲᠦᠮᠡᠨ ᠲᠥᠭᠦᠷᠢᠭ ᠎ ᠢ ᠳᠠᠪᠠᠭᠤᠯᠵᠣ ᠂ ᠶᠡᠷᠦᠩᠬᠡᠶ ᠡᠵᠡᠩᠨᠡᠯᠲᠡ ᠶᠢᠨ ᠴᠢᠨᠠᠷᠲᠠᠶ ᠣᠷᠣᠯᠭ᠎ᠠ ᠶᠢ 8 ᠳ᠋ᠦᠩᠰᠢᠭᠤᠷ ᠲᠥᠭᠦᠷᠢᠭ ᠲᠤ ᠬᠦᠷᠭᠡᠵᠦ ᠂ ᠪᠣᠶ ᠪᠥᠬᠦᠶ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠴᠡᠪᠡᠷ ᠣᠷᠣᠯᠭ᠎ᠠ ᠶᠢ 30 ᠲᠦᠮᠡᠨ ᠲᠥᠭᠦᠷᠢᠭ ᠠᠴᠠ ᠳᠡᠭᠡᠭᠰᠢ ᠪᠤᠯᠭᠠᠬᠤ ᠪᠠᠷ ᠵᠢᠱᠢᠵᠤ ᠪᠠᠶᠢᠨ᠎ᠠ ︾ ᠬᠡᠵᠤ  ᠪᠠᠶᠢᠪᠠ᠃                          
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ