ᠵᠠᠰᠠᠭ ᠪᠠᠯᠭᠠᠰᠤ ᠶᠢᠨ ᠰᠤᠪᠤᠷᠭ᠎ᠠ ᠶᠢᠨ ᠭᠤᠤᠯ ᠲᠣᠰᠬᠤᠨ ᠤ ᠬᠦᠳᠡᠯᠬᠡᠬᠡᠨ ᠤ ᠲᠠᠰᠤᠭ ᠲᠤ᠂ ᠲᠣᠰᠬᠤᠨ ᠤ ᠠᠷᠠᠳ ᠭᠠᠷ ᠤᠨ ᠦᠰᠦᠭ ᠵᠢᠷᠤᠵᠤ᠂ ᠭᠠᠵᠠᠷ | ᠰᠢᠷᠣᠢ ᠶᠢᠨ ᠡᠵᠡᠩᠨᠡᠯᠲᠡ ᠶᠢᠨ ᠡᠷᠭᠡ ᠶᠢ ᠰᠢᠯᠵᠢᠬᠦᠯᠦᠭᠰᠡᠨ ᠲᠦᠷᠢᠶᠡᠰᠤᠨ ᠮᠥᠩᠭᠦ ᠪᠠᠨ ᠬᠤᠪᠢᠳᠠᠨ ᠤᠯᠵᠤ᠂ ᠴᠢᠷᠠᠢ ᠳᠤᠨᠢ ᠪᠠᠶᠠᠷ ᠤᠨ ᠢᠨᠢᠶᠡᠮᠰᠦᠭᠯᠡᠯ ᠲᠣᠳᠣᠷᠠᠨ᠎ᠠ᠃ | ᠰᠤᠪᠤᠷᠭ᠎ᠠ ᠶᠢᠨ ᠭᠤᠤᠯ ᠲᠣᠰᠬᠤᠨ 2022 ᠣᠨ᠂ 2023 ᠣᠨ ᠳᠤ ᠨᠢᠭᠡᠳᠦᠭᠡᠷ᠂ ᠳᠥᠷᠪᠡᠳᠦᠭᠡᠷ ᠬᠤᠷᠰᠢᠶ᠎ᠠ ᠶᠢᠨ 1040 ᠮᠥ ᠭᠠᠵᠠᠷ ᠰᠢᠷᠣᠶ ᠶᠢ | ᠨᠡᠶᠢᠳᠬᠡᠵᠦ᠂ 81 ᠡᠷᠦᠬᠡ ᠶᠢᠨ 400 ᠭᠠᠷᠤᠶ ᠬᠥᠮᠦᠨ ᠳᠤ ᠬᠤᠯᠪᠣᠭᠳᠠᠵᠤ᠂ ᠣᠳᠣᠬᠠᠨ ᠳᠤ 737428 ᠲᠥᠭᠦᠷᠢᠭ ᠤᠨ ᠭᠠᠵᠠᠷ ᠰᠢᠷᠣᠶ ᠶᠢᠨ ᠡᠷᠭᠡ ᠶᠢ | ᠰᠢᠯᠵᠢᠬᠦᠯᠦᠭᠰᠡᠨ ᠲᠦᠷᠢᠶᠡᠰᠦᠨ ᠮᠥᠩᠭᠦ ᠶᠢ ᠬᠤᠪᠢᠶᠠᠷᠢᠯᠠᠵᠤ ᠪᠠᠶᠢᠨ᠎ᠠ᠃ | ᠲᠣᠰᠬᠤᠨ ᠤ ᠠᠷᠠᠳ ᠽᠢ ᠸᠧᠢ ᠲᠢᠶᠠᠨ ᠬᠥᠭᠰᠢᠨ ᠬᠤᠶᠠᠭᠤᠯᠠ ᠪᠠᠨ 80 ᠭᠠᠷᠤᠢ ᠮᠠᠯ᠂ 40 ᠭᠠᠷᠤᠢ ᠮᠦ ᠲᠠᠷᠢᠶᠠᠨ ᠭᠠᠵᠠᠷ ᠲᠤ ᠪᠠᠨ ᠲᠦᠰᠢᠭᠯᠡᠨ | ᠠᠮᠢᠳᠤᠷᠠᠵᠤ ᠪᠠᠶᠢᠵᠠᠢ᠂ ᠭᠠᠵᠠᠷ ᠰᠢᠷᠣᠢ ᠶᠢ ᠡᠮᠬᠢᠯᠡᠨ ᠨᠡᠶᠢᠯᠡᠭᠦᠯᠦᠭᠰᠡᠨ ᠤ ᠳᠠᠷᠠᠭ᠎ᠠ᠂ ᠡᠳᠦᠷ ᠪᠦᠷᠢ ᠮᠠᠯ ᠢᠶᠠᠨ ᠲᠡᠵᠢᠭᠡᠵᠦ᠂ ᠲᠠᠷᠢᠶ᠎ᠠ ᠲᠠᠷᠢᠬᠤ ᠤᠴᠢᠷ ᠲᠤ ᠳᠠᠬᠢᠵᠤ | ᠰᠠᠨᠠᠭ᠎ᠠ ᠵᠣᠪᠠᠭ᠋ᠤ ᠬᠡᠷᠡᠭ ᠦᠭᠡᠢ ᠪᠤᠯᠪᠠ᠃ | ᠰᠤᠪᠤᠷᠭ᠎ᠠ ᠶᠢᠨ ᠭᠤᠤᠯ ᠲᠣᠰᠬᠤᠨ ᠤ ᠨᠢᠭᠡᠳᠦᠭᠡᠷ ᠬᠤᠷᠰᠢᠶ᠎ᠡ ᠶᠢᠨ ᠲᠣᠰᠬᠤᠨ ᠤ ᠠᠷᠠᠳ ᠽᠢ ᠸᠧᠢ ᠲᠢᠶᠠᠨ ᠰᠤᠷᠪᠤᠯᠵᠢᠯᠠᠭᠴᠢ ᠳᠤ᠄ ︽ᠪᠢ 30 ᠮᠦ | ᠭᠠᠵᠠᠷ ᠰᠢᠷᠣᠢ ᠰᠢᠯᠵᠢᠭᠦᠯᠦᠨ ᠭᠠᠷᠭᠠᠵᠤ᠂ ᠮᠦ ᠪᠦᠷᠢ ᠳᠤ 650 ᠲᠦᠷᠢᠶᠡᠰᠤᠨ ᠮᠦᠩᠬᠦ ᠦᠭᠴᠦ᠂ ᠨᠢᠳᠤᠨᠤᠨ ᠨᠢᠭᠡᠨᠲᠡ ᠡᠮᠬᠢᠯᠡᠨ ᠨᠡᠶᠢᠯᠡᠭᠦᠯᠵᠡᠢ᠂ ᠬᠤᠶᠠᠷ | ᠵᠢᠯ ᠳᠤ 40000 ᠲᠥᠭᠦᠷᠢᠭ ᠣᠯᠵᠤ᠂ ᠭᠡᠷ ᠲᠡᠭᠡᠨ ᠰᠠᠭᠤᠭᠰᠠᠨ ᠴᠤ ᠨᠢᠭᠡ ᠬᠡᠰᠡᠭ ᠣᠷᠣᠯᠭ᠎ᠠ ᠲᠠᠢ᠂ ᠮᠢᠨᠦ ᠦᠵᠡᠬᠦ ᠪᠠᠷ ᠲᠤᠩ ᠬᠠᠨᠤᠮᠵᠢᠲᠠᠢ ᠪᠠᠶᠢᠨ᠎ᠠ︾ ᠬᠡᠵᠤ | ᠶᠠᠷᠢᠨ᠎ᠠ᠃ | ᠣᠶᠢᠯᠠᠭᠠᠭᠰᠠᠨ ᠢᠶᠠᠷ᠂ ᠰᠤᠪᠤᠷᠭ᠎ᠠ ᠶᠢᠨ ᠭᠤᠤᠯ ᠲᠣᠰᠬᠤᠨ ᠨᠢ ᠵᠠᠰᠠᠭ ᠪᠠᠯᠭᠠᠰᠤ ᠶᠢᠨ ᠬᠤᠲᠠ ᠶᠢᠨ ᠲᠡᠭᠦᠷᠭᠡ ᠲᠠᠢ ᠬᠦᠷᠰᠢᠯᠡᠵᠦ᠂ ᠵᠠᠮ ᠬᠠᠷᠢᠯᠴᠠᠭ᠎ᠠ | ᠲᠥᠬᠦᠮ᠂ ᠭᠠᠵᠠᠷ ᠵᠦᠶ ᠶᠢᠨ ᠪᠠᠶᠢᠷᠢᠯᠠᠯ ᠳᠠᠪᠠᠭᠤᠯᠢᠭ᠂ 21 ᠲᠡᠭᠰᠢ ᠳᠥᠷᠪᠡᠯᠵᠢᠨ ᠺᠢᠯᠣᠮᠧᠲᠷ ᠲᠠᠯᠠᠪᠠᠶ ᠲᠠᠢ᠂ ᠡᠭᠦᠨ ᠳᠤ ᠲᠠᠷᠢᠶᠠᠨ ᠭᠠᠵᠠᠷ ᠤᠨ ᠲᠠᠯᠠᠪᠠᠶ ᠨᠢ | 6820 ᠮᠥ ᠪᠠᠶᠢᠵᠤ᠂ 6 ᠬᠤᠷᠰᠢᠶ᠎ᠠ ᠲᠠᠢ᠂ 442 ᠡᠷᠦᠬᠡ ᠶᠢᠨ 1108 ᠬᠥᠮᠦᠨ ᠲᠠᠢ᠂ ᠪᠠᠶᠢᠩᠭᠤ ᠰᠠᠭᠤᠭ᠎ᠠ ᠬᠦᠮᠤᠨ ᠠᠮᠠ ᠨᠢ 181 ᠡᠷᠦᠬᠡ ᠶᠢᠨ 420 | ᠬᠥᠮᠦᠨ ᠲᠠᠢ᠃ ᠲᠣᠰᠬᠤᠨ ᠤ 60 % ᠨᠢ ᠪᠦᠷ ᠭᠠᠳᠠᠭᠰᠢ ᠭᠠᠷᠴᠤ ᠬᠥᠯᠥᠰᠥᠨ ᠠᠵᠢᠯ ᠬᠢᠵᠦ᠂ ᠦᠯᠡᠳᠡᠭᠰᠡᠨ 40 % ᠨᠢ ᠳᠤᠮᠳᠠᠴᠢ ᠨᠠᠰᠤ ᠨᠢ 60 ᠠᠴᠠ | ᠳᠡᠭᠡᠭᠰᠢ ᠪᠠᠶᠢᠵᠤ᠂ ᠲᠡᠳᠡᠨ ᠤ ᠨᠠᠰᠤ ᠦᠨᠳᠤᠷ ᠪᠤᠯᠤᠭᠰᠠᠨ ᠠᠴᠠ ᠲᠠᠷᠢᠶ᠎ᠠ ᠳᠠᠷᠢᠬᠤ ᠴᠢᠳᠠᠯ ᠲᠡᠩᠭᠡᠭᠡ ᠨᠢ ᠬᠦᠷᠦᠯᠴᠡᠬᠦ ᠥᠬᠡᠶ᠂ ᠭᠠᠵᠠᠷ ᠰᠢᠷᠣᠶ ᠪᠠᠨ | ᠠᠲᠠᠷᠰᠢᠭᠤᠯᠬᠤ ᠦᠵᠡᠭᠳᠡᠯ ᠨᠡᠯᠢᠶᠡᠳ ᠬᠦᠨᠳᠦ ᠨᠣᠴᠢᠲᠠᠶ ᠪᠥᠭᠡᠳ ᠲᠠᠷᠢᠶᠠᠨ ᠭᠠᠵᠠᠷ ᠳᠡᠭᠡᠷ᠎ᠡ ᠵᠢᠮᠢᠰᠤᠨ ᠮᠤᠳᠤ ᠵᠠᠶᠢᠯᠠᠭᠰᠠᠨ ᠨᠢ ᠴᠦ ᠨᠡᠯᠢᠶᠡᠳ ᠠᠷᠪᠢᠨ ᠪᠠᠶᠢᠵᠤ᠂ | ᠲᠣᠰᠬᠤᠨ ᠤ ᠨᠢᠬᠡᠳᠤᠬᠡᠷ ᠲᠦᠷᠪᠡᠳᠤᠬᠡᠷ ᠬᠤᠷᠰᠢᠶ᠎ᠠ ᠶᠢᠨ ᠠᠷᠠᠳ ᠪᠠᠷᠤᠭ 300 ᠭᠠᠷᠤᠶ ᠮᠥ ᠲᠠᠷᠢᠶ᠎ᠠ ᠳᠠᠷᠢᠵᠤ᠂ ᠨᠠᠷᠠᠰᠤᠨ ᠮᠣᠳᠣ᠂ ᠬᠦᠢᠯᠡᠰᠤᠨ ᠮᠣᠳᠣ ᠶᠢ | ᠪᠠᠷᠤᠭ 310 ᠭᠠᠷᠤᠶ ᠮᠥ ᠳᠠᠷᠢᠵᠤ᠂ ᠪᠠᠷᠤᠭ 400 ᠮᠥ ᠶᠢ ᠨᠢ ᠠᠳᠠᠷᠰᠢᠭᠤᠯᠤᠭᠰᠠᠨ ᠪᠠᠶᠢᠨ᠎ᠠ᠃ ᠣᠯᠠᠨ ᠵᠢᠯ ᠤᠨ ᠲᠤᠷᠰᠢ ᠮᠠᠯᠴᠢᠨ ᠲᠠᠷᠢᠶᠠᠴᠢᠨ ᠤᠯᠠᠮᠵᠢᠯᠠᠯᠲᠤ | ᠳᠠᠷᠢᠵᠤ ᠲᠡᠵᠢᠭᠡᠬᠦ ᠦᠢᠯᠡᠰ ᠢᠶᠠᠷ ᠭᠤᠤᠯ ᠪᠣᠯᠭᠠᠵᠤ᠂ ᠵᠤᠬᠢᠰᠳᠡᠢ ᠬᠡᠪᠴᠢᠶᠠᠵᠢᠬᠦᠯᠦᠨ ᠠᠰᠢᠭᠯᠠᠭᠰᠠᠨ ᠥᠬᠡᠶ᠂ ᠡᠨᠡ ᠤᠳᠠᠭ᠎ᠠ ᠶᠢᠨ ᠡᠮᠬᠢᠯᠡᠨ ᠨᠡᠶᠢᠯᠡᠭᠦᠯᠬᠦ ᠪᠠᠷ | ᠳᠡᠮᠵᠢᠨ 1040 ᠮᠥ ᠲᠠᠷᠢᠶᠠᠨ ᠭᠠᠵᠠᠷ ᠢ ᠲᠦᠪᠯᠡᠷᠡᠬᠦᠯᠦᠨ ᠵᠠᠯᠭᠠᠯᠳᠤᠭᠰᠠᠨ ᠪᠠᠶᠢᠨ᠎ᠠ᠃ ᠲᠣᠰᠬᠤᠨ ᠤ ᠠᠷᠠᠳ ᠵᠢᠯ ᠪᠦᠷᠢ ᠭᠠᠵᠠᠷ ᠤᠨ ᠲᠦᠷᠢᠶᠡᠰᠦᠨ ᠮᠥᠩᠭᠦ | ᠪᠠᠨ ᠬᠤᠷᠢᠶᠠᠪᠠᠯ ᠪᠤᠯᠴᠢᠬᠠᠨ᠎ᠠ᠃ | ᠰᠤᠪᠤᠷᠭ᠎ᠠ ᠶᠢᠨ ᠭᠤᠤᠯ ᠲᠣᠰᠬᠤᠨ ᠤ ᠨᠠᠮ ᠤᠨ ᠡᠭᠦᠷ ᠤᠨ ᠱᠦᠵᠢ ᠬᠠᠪᠰᠤᠷᠭᠠᠭᠰᠠᠨ ᠲᠣᠰᠬᠤᠨ ᠤ ᠵᠥᠪᠯᠡᠯ ᠤᠨ ᠡᠷᠬᠢᠯᠡᠭᠴᠢ ᠼᠤᠤ ᠭᠦᠸᠧ ᠯᠢᠶᠠᠩ | ᠰᠤᠷᠪᠤᠯᠵᠢᠯᠠᠭᠴᠢ ᠳᠤ᠄ ︽ᠬᠥᠮᠦᠨ ᠠᠮᠠ ᠶᠢᠨ ᠨᠠᠰᠤᠵᠢᠯᠲᠠ᠂ ᠭᠠᠵᠠᠷ ᠰᠢᠷᠣᠶ ᠶᠢᠨ ᠬᠡᠰᠡᠭᠯᠡᠯᠲᠡ ᠶᠢᠨ ᠠᠰᠠᠭᠤᠳᠠᠯ ᠢ ᠰᠢᠢᠳᠪᠤᠷᠢᠯᠡᠬᠦ ᠶᠢᠨ ᠲᠥᠯᠥᠭᠡ᠂ ᠮᠠᠨ ᠤ | ᠲᠣᠰᠬᠤᠨ ᠪᠥᠬᠦ ᠲᠣᠰᠬᠤᠨ ᠤ ᠭᠠᠵᠠᠷ ᠰᠢᠷᠣᠶ ᠶᠢ ᠡᠮᠬᠢᠯᠡᠨ ᠨᠡᠶᠢᠯᠡᠭᠦᠯᠬᠦ ᠠᠵᠢᠯ ᠢ ᠲᠥᠯᠥᠪᠯᠡᠭᠡ ᠲᠠᠢ ᠪᠠᠷ ᠠᠬᠢᠭᠤᠯᠵᠤ᠂ ᠣᠲᠣ ᠨᠢᠭᠡᠨᠲᠡ ᠨᠢᠬᠡᠳᠤᠬᠡᠷ ᠲᠦᠷᠪᠡᠳᠤᠬᠡᠷ | ᠬᠤᠷᠰᠢᠶ᠎ᠠ ᠶᠢᠨ 1040 ᠮᠥ ᠭᠠᠵᠠᠷ ᠰᠢᠷᠣᠶ ᠶᠢ ᠡᠮᠬᠢᠯᠡᠨ ᠨᠡᠶᠢᠯᠡᠭᠦᠯᠵᠦ᠂ ᠳᠠᠷᠠᠭ᠎ᠠ ᠵᠢᠯ ᠪᠠᠰᠠ 800 ᠮᠥ ᠭᠠᠵᠠᠷ ᠰᠢᠷᠣᠶ ᠶᠢ ᠡᠮᠬᠢᠯᠡᠨ ᠨᠡᠶᠢᠯᠡᠭᠦᠯᠵᠦ᠂ ᠮᠠᠯᠴᠢᠨ | ᠲᠠᠷᠢᠶᠠᠴᠢᠨ ᠳᠤ ᠵᠣᠭᠤᠰ ᠮᠥᠩᠭᠦ ᠣᠯᠭᠤᠵᠤ᠂ ᠲᠥᠷᠥ ᠶᠢᠨ ᠪᠣᠳᠣᠯᠭ᠎ᠠ ᠶᠢᠨ ᠠᠰᠢᠭ ᠢ ᠨᠠᠩ ᠣᠯᠠᠨ ᠬᠦᠷᠲᠡᠭᠡᠬᠦ ᠪᠠᠷ ᠲᠥᠯᠥᠪᠯᠡᠵᠦ ᠪᠠᠶᠢᠨ᠎ᠠ︾ ᠬᠡᠵᠤ ᠶᠠᠷᠢᠵᠤ | ᠪᠠᠶᠢᠯ᠎ᠠ᠃ | ᠲᠠᠷᠢᠶᠠᠨ ᠭᠠᠵᠠᠷ ᠢ ᠶᠡᠭᠡ ᠲᠠᠷᠢᠶ᠎ᠠ ᠪᠣᠯᠭᠠᠵᠤ᠂ ᠬᠠᠮᠲᠤ ᠪᠠᠷ ᠪᠠᠶᠠᠵᠢᠨ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠦᠨ᠎ᠡ᠃ 2019 ᠣᠨ ᠤ | ᠡᠪᠦᠯ ᠠᠴᠠ ᠡᠬᠢᠯᠡᠨ᠂ ᠡᠵᠡᠨ ᠬᠤᠷᠤᠭ᠎ᠠ ᠬᠤᠰᠢᠭᠤᠨ ᠤ ᠵᠠᠰᠠᠭ ᠪᠠᠯᠭᠠᠰᠤ ᠨᠢ ᠪᠠᠭ᠎ᠠ ᠴᠠᠶᠢᠳᠠᠮ ᠲᠣᠰᠬᠤᠨ ᠳᠤ ᠭᠠᠵᠠᠷ ᠰᠢᠷᠣᠶ ᠶᠢ ᠡᠮᠬᠢᠯᠡᠨ ᠨᠡᠶᠢᠯᠡᠭᠦᠯᠬᠦ ᠵᠠᠮ ᠢᠶᠠᠷ | ᠶᠠᠪᠤᠵᠤ᠂ ᠣᠲᠣ ᠪᠣᠯᠲᠠᠯ᠎ᠠ᠂ ᠪᠥᠬᠦ ᠪᠠᠯᠭᠠᠰᠤᠨ ᠤ 21 ᠭᠠᠴᠠᠭ᠎ᠠ ᠲᠣᠰᠬᠤᠨ ᠳᠤ 26000 ᠮᠥ ᠭᠠᠵᠠᠷ ᠰᠢᠷᠣᠶ ᠶᠢ ᠡᠮᠬᠢᠯᠡᠨ ᠨᠡᠶᠢᠯᠡᠭᠦᠯᠵᠦ᠂ 21000 ᠮᠥ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠪᠠ᠃ | ᠵᠠᠰᠠᠭ ᠪᠠᠯᠭᠠᠰᠤ ᠶᠢᠨ ᠵᠠᠰᠠᠭ ᠵᠠᠬᠢᠷᠭᠠᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠹᠧᠩ ᠶᠠᠨ ᠭᠠᠩ ᠰᠤᠷᠪᠤᠯᠵᠢᠯᠠᠭᠴᠢ ᠳᠤ᠄ ︽ᠲᠠᠷᠠᠭᠠᠴᠢ ᠶᠢᠨ | ᠠᠯᠬᠤᠮ ᠳᠤ᠂ ᠮᠠᠨ ᠤ ᠪᠠᠯᠭᠠᠰᠤ ᠦᠷᠭᠦᠯᠵᠢᠯᠡᠨ ᠤᠬᠠᠭᠤᠯᠵᠤ ᠬᠥᠲᠥᠯᠦᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠮᠠᠯᠴᠢᠨ ᠲᠠᠷᠢᠶᠠᠴᠢᠨ ᠤ ᠤᠯᠠᠮᠵᠢᠯᠠᠯᠲᠤ | ᠦᠵᠡᠯ ᠰᠠᠨᠠᠭ᠎ᠠ ᠣᠶᠢᠯᠠᠭᠠᠭᠳᠠᠬᠤᠨ ᠢ ᠬᠤᠪᠢᠷᠠᠭᠤᠯᠵᠤ᠂ ᠨᠥᠬᠦᠴᠡᠯ ᠳᠤ ᠨᠡᠶᠢᠴᠡᠬᠦ ᠪᠣᠶ ᠪᠥᠬᠦᠶ ᠲᠠᠷᠢᠶᠠᠨ ᠭᠠᠵᠠᠷ ᠢ ᠪᠦᠬᠦᠨ ᠢ ᠡᠮᠬᠢᠯᠡᠨ ᠨᠡᠶᠢᠯᠡᠭᠦᠯᠵᠦ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠲᠠᠢ ᠤᠶᠠᠯᠳᠤᠭᠤᠯᠤᠨ᠂ ᠮᠠᠨ ᠤ ᠪᠠᠯᠭᠠᠰᠤᠨ ᠤ ᠪᠣᠶ ᠪᠥᠬᠦᠶ ᠲᠠᠷᠢᠶᠠᠨ | ᠭᠠᠵᠠᠷ ᠢ ᠪᠦᠬᠦᠨ ᠢ ᠲᠥᠪᠯᠡᠷᠡᠭᠦᠯᠦᠨ ᠵᠠᠯᠭᠠᠯᠳᠤᠭᠤᠯᠬᠤ᠂ ᠬᠡᠪᠴᠢᠶᠡᠵᠢᠭᠦᠯᠬᠦ᠂ ᠮᠠᠰᠢᠨᠴᠢᠯᠠᠨ ᠲᠠᠷᠢᠵᠤ ᠡᠵᠡᠩᠨᠡᠬᠦ ᠶᠢ ᠪᠡᠶᠡᠯᠡᠭᠦᠯᠵᠦ᠂ ᠮᠠᠯᠴᠢᠨ ᠲᠠᠷᠢᠶᠠᠴᠢᠨ ᠤ | ᠣᠷᠣᠯᠭ᠎ᠠ ᠶᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠎ᠡ︾ ᠬᠡᠵᠤ ᠢᠳᠡᠬᠡᠯ ᠲᠠᠬᠦᠯᠳᠡᠷ ᠶᠠᠷᠢᠨ᠎ᠠ᠃ | |