ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠦᠢᠯᠡᠳᠦᠯᠭᠡᠵᠢᠬᠦᠯᠵᠦ ᠦᠨᠳᠦᠰᠦᠨ ᠱᠠᠳᠤᠨ ᠳᠤ ᠬᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠠᠬᠤᠶ ᠲᠠᠯᠠᠪᠠᠶ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/18
      4 ᠳ᠋ᠤᠬᠡᠷ ᠰᠠᠷ᠎ᠠ ᠶᠢᠨ 17᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠦᠢᠯᠡᠳᠤᠯᠬᠡᠵᠢᠬᠦᠯᠵᠦ᠂  ᠬᠤᠨᠢᠴᠢᠡᠭᠤᠤᠯ ᠪᠠᠯᠭᠠᠰᠤ᠂ ᠰᠤᠪᠤᠷᠭ᠎ᠠ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠠᠬᠤᠶ ᠲᠠᠯᠠᠪᠠᠶ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠬᠤᠯᠪᠣᠭᠳᠠᠯ ᠪᠥᠬᠦᠶ ᠪᠠᠯᠭᠠᠰᠤ᠂ ᠰᠠᠯᠠᠭ᠎ᠠ ᠮᠥᠴᠢᠷ ᠵᠢᠴᠢ ᠠᠵᠤ ᠠᠬᠤᠶᠢᠯᠠᠯ ᠢ ᠬᠠᠪᠰᠤᠷᠤᠨ ᠭᠤᠤᠯᠳᠠᠯᠭ᠎ᠠ ᠲᠠᠢ ᠲᠥᠷᠥᠯ ᠵᠤᠶᠢᠯ᠂ ᠭᠤᠤᠯᠳᠠᠯᠭ᠎ᠠ ᠲᠠᠢ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠨᠢ  ᠰᠢᠢᠳᠪᠤᠷᠢᠯᠠᠵᠤ ᠥᠭᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠤ ᠶᠦᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠴᠢᠶᠣᠤ ᠰᠢᠶᠤᠤ ᠵᠢᠶᠦ᠋ᠨ᠂ ᠸᠠᠩ ᠶᠠᠨ ᠵᠢᠶᠦ᠋ᠨ᠂ ᠲᠢᠶᠠᠨ ᠹᠧᠨ ᠴᠢᠩ ᠵᠡᠷᠭᠡ ᠬᠤᠰᠢᠭᠤᠨ ᠤ ᠤᠳᠤᠷᠢᠳᠤᠯᠭ᠎ᠠ ᠪᠣᠯᠤᠨ ᠬᠤᠯᠪᠣᠭᠳᠠᠯ ᠪᠦᠬᠦᠢ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠪᠠ᠃       ᠬᠤᠷᠠᠯ ᠳᠤ ᠣᠷᠣᠯᠴᠠᠭᠰᠠᠳ ᠤᠷᠢᠳ ᠬᠤᠵᠢᠳ ᠤᠯᠠᠭᠠᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ᠂ ᠢᠷᠡᠭᠡᠳᠦᠶ ᠶᠢᠨ ᠵᠢᠵᠢᠭ ᠪᠠᠯᠭᠠᠰᠤᠨ ᠤ ᠲᠥᠷᠥᠯ ᠵᠤᠶᠢᠯ᠂ ᠣᠷᠳᠣᠰ ᠤᠨ  ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ 500MW ᠰᠠᠯᠬᠢ ᠭᠡᠷᠡᠯ ᠡᠨᠧᠷᠭᠢ ᠬᠠᠳᠠᠭᠠᠯᠠᠬᠤ ᠶᠢ ᠨᠢᠭᠡ ᠴᠣᠭᠴᠠᠵᠢᠭᠤᠯᠬᠤ ᠲᠥᠷᠥᠯ ᠵᠤᠶᠢᠯ᠂  ᠬᠤᠨᠢᠴᠢᠡᠭᠤᠤᠯ ᠪᠠᠯᠭᠠᠰᠤᠨ ᠤ ᠪᠠᠶᠠᠨᠪᠤᠯᠠᠭ ᠲᠣᠰᠬᠤᠨ ᠤ ᠳ᠋ᠧ ᠵᠧᠤ ᠬᠠᠷ᠎ᠠ ᠡᠯᠵᠢᠭᠡ ᠲᠡᠵᠢᠭᠡᠨ ᠦᠷᠡᠵᠢᠭᠦᠯᠬᠦ ᠲᠥᠷᠥᠯ  ᠵᠤᠶᠢᠯ ᠎ ᠤᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠶ ᠰᠤᠳᠤᠯᠪᠠ᠃      ᠠᠬᠤᠶ ᠲᠠᠯᠠᠪᠠᠶ ᠶᠢᠨ ᠠᠵᠢᠯ ᠤᠨ ᠬᠤᠷᠠᠯ ᠳᠡᠭᠡᠷ᠎ᠡ᠂ ᠬᠤᠨᠢᠴᠢᠡᠭᠤᠤᠯ ᠪᠠᠯᠭᠠᠰᠤ᠂ ᠰᠤᠪᠤᠷᠭ᠎ᠠ ᠪᠠᠯᠭᠠᠰᠤ ᠪᠣᠯᠤᠨ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠲᠣᠰ ᠲᠣᠰ ᠬᠤᠰᠢᠭᠤᠨ ᠤ ᠱᠠᠳᠤᠨ ᠠᠴᠠ ᠬᠠᠪᠰᠤᠷᠤᠨ  ᠰᠢᠢᠳᠪᠤᠷᠢᠯᠡᠬᠦ ᠴᠢᠬᠤᠯᠠᠲᠠᠶ ᠵᠤᠶᠢᠯᠡᠰ ᠢ ᠳᠤᠷᠠᠳᠤᠨ ᠭᠠᠷᠭᠠᠵᠠᠶ᠃ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠬᠤᠪᠢᠳᠠᠨ ᠬᠠᠮᠢᠶᠠᠷᠴᠤ ᠪᠠᠶᠢᠭ᠎ᠠ ᠨᠥᠬᠦᠳ ᠵᠢᠴᠢ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠠᠮᠢᠶ᠎ᠠ ᠪᠥᠬᠦᠶ  ᠵᠤᠶᠢᠯᠡᠰ ᠤᠨ ᠲᠤᠬᠠᠶ ᠨᠢᠭᠡᠳ ᠨᠢᠭᠡ ᠪᠠᠷ ᠬᠠᠷᠢᠭᠤᠯᠲᠠ ᠥᠭᠪᠡ᠃      ᠬᠤᠷᠠᠯ ᠠᠴᠠ ᠴᠢᠬᠤᠯᠠᠴᠢᠯᠠᠭᠰᠠᠨ ᠨᠢ᠂  ᠬᠤᠨᠢᠴᠢᠡᠭᠤᠤᠯ ᠪᠠᠯᠭᠠᠰᠤ ᠪᠣᠯᠤᠨ ᠰᠤᠪᠤᠷᠭ᠎ᠠ ᠪᠠᠯᠭᠠᠰᠤ ︽ᠮᠢᠩᠭ᠎ᠠ ᠲᠦᠮᠡ ᠶᠢᠨ ᠢᠨᠵᠧᠨᠧᠷᠢᠩ︾᠎ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠣᠷᠣᠰᠢᠨ ᠰᠠᠭᠤᠷᠢᠰᠢᠬᠤ ᠳᠤ ᠲᠠᠭᠠᠯᠠᠮᠵᠢᠳᠠᠢ ᠦᠢᠯᠡᠰ ᠪᠤᠰᠬᠠᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠵᠤ᠂ ᠣᠶᠢᠷ᠎ᠠ ᠬᠠᠪᠢ ᠳᠠᠭᠠᠨ ᠨᠠᠰᠤᠵᠢᠯ ᠤᠨ ᠠᠰᠠᠷᠠᠮᠵᠢ ᠬᠦᠷᠳᠡᠵᠤ᠂ ᠬᠠᠮᠲᠤ ᠪᠠᠷ ᠪᠠᠶᠠᠵᠢᠨ ᠬᠠᠮᠲᠤ ᠪᠠᠷ  ᠡᠳ᠋ᠯᠡᠵᠤ᠂ ᠤᠨᠴᠠᠯᠢᠬᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠤᠶᠢᠵᠢᠭᠤᠯᠬᠤ ᠲᠠᠯ᠎ᠠ ᠪᠠᠷ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠬᠡᠷᠡᠭᠲᠡᠶ᠃ ᠡᠯ᠎ᠡ ᠬᠦᠷᠢᠶᠡᠯᠡᠩ ᠲᠣᠭᠤᠷᠢᠭ᠂ ᠡᠯ᠎ᠡ ᠪᠠᠯᠭᠠᠰᠤ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠲᠣᠰ ᠤᠳᠠᠭᠠᠨ ᠤ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯᠯᠠᠭ᠎ᠠ ᠪᠠᠷ  ᠲᠣᠭᠲᠠᠭᠠᠭᠰᠠᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠰᠢᠯᠭᠠᠯᠲᠠ ᠪᠠᠨ ᠲᠤᠰᠢᠶᠠᠬᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠷᠠᠯᠲᠠ ᠪᠠᠨ ᠲᠣᠭᠲᠠᠭᠠᠵᠤ᠂ ᠡᠷᠡᠮᠡᠬᠡᠶᠢᠯᠡᠨ ᠤᠷᠤᠭᠰᠢᠯᠠᠬᠤ ᠳᠠᠷᠤᠯᠲᠠ ᠶᠢ ᠨᠡᠮᠡᠭᠳᠡᠭᠦᠯᠵᠦ᠂ ᠶᠠᠰᠤ ᠴᠢᠨᠠᠷ ᠢ ᠳᠡᠭᠡᠭᠰᠢᠯᠡᠭᠦᠯᠦᠨ ᠬᠤᠷᠳᠤᠴᠠ ᠶᠢ ᠲᠦᠷᠭᠡᠳᠬᠡᠵᠦ᠂ ᠡᠯ᠎ᠡ  ᠵᠤᠶᠢᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠤᠷᠤᠭᠰᠢᠲᠠᠶ ᠪᠡᠶᠡᠯᠡᠭᠦᠯᠬᠦ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠬᠡᠪᠡ᠃       ᠬᠤᠷᠠᠯ ᠠᠴᠠ ᠪᠠᠰᠠ ᠡᠯ᠎ᠡ ᠲᠥᠷᠥᠯ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠪᠣᠯᠤᠨ ᠠᠶᠤᠯᠭᠦᠶ  ᠦᠢᠯᠡᠳᠪᠦᠷᠢᠯᠡᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃       ᠪᠠᠶᠢᠭᠤᠯᠭ᠎ᠠ ᠶᠢᠨ ᠬᠤᠷᠠᠯ ᠤᠨ ᠲᠠᠯᠠᠪᠠᠶ ᠠᠴᠠ ᠦᠨᠳᠦᠰᠦᠨ ᠱᠠᠲᠤᠨ ᠤ ᠠᠬᠤᠶ ᠲᠠᠯᠠᠪᠠᠶ ᠬᠦᠷᠲᠡᠯ᠎ᠡ᠂ ᠲᠣᠰ ᠤᠳᠠᠭᠠᠨ ᠤ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯᠯᠠᠭ᠎ᠠ ᠨᠢ 3 ᠡᠳᠦᠷ ᠶᠠᠪᠤᠭᠳᠠᠵᠤ᠂ ᠬᠠᠨᠳᠤᠯᠭᠠᠲᠤ  ᠵᠣᠶᠢᠯ ᠳᠤ ᠠᠩᠬᠠᠷᠤᠯ ᠎ ᠢᠶᠠᠨ ᠲᠥᠪᠯᠡᠷᠡᠭᠦᠯᠦᠨ᠂ ᠬᠠᠮᠲᠤᠷᠠᠨ ᠣᠨᠣᠰᠢᠯᠠᠵᠤ᠂ ᠡᠯ᠎ᠡ ᠬᠦᠷᠢᠶᠡᠯᠡᠩ ᠲᠣᠭᠤᠷᠢᠭ᠂ ᠡᠯ᠎ᠡ ᠪᠠᠯᠭᠠᠰᠤ ︵ᠵᠡᠭᠡᠯᠢ ᠲᠣᠭᠤᠷᠢᠭ︶ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠢ ᠬᠠᠪᠰᠤᠷᠤᠨ ᠨᠢᠭᠡ ᠪᠦᠯᠦᠭ ᠬᠦᠴᠢᠷ ᠲᠦᠪᠡᠭᠲᠡᠶ ᠠᠰᠠᠭᠤᠳᠠᠯ ᠢ ᠰᠢᠢᠳᠪᠤᠷᠢᠯᠠᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠠᠬᠤᠢ ᠲᠠᠯᠠᠪᠠᠶ ᠳᠤ ᠠᠵᠢᠯᠯᠠᠬᠤ ᠶᠢ ᠪᠡᠶᠡᠯᠡᠭᠦᠯᠵᠦ᠂ ᠬᠦᠴᠢᠷ ᠠᠰᠠᠭᠤᠳᠠᠯ ᠢ  ᠰᠢᠢᠳᠪᠤᠷᠢᠯᠠᠨ ᠬᠥᠭᠵᠢᠯᠲᠡ ᠶᠢ ᠠᠬᠢᠭᠤᠯᠪᠠ᠃                       
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ