ᠠᠵᠢᠯ ᠣᠯᠭᠤᠯᠲᠠ ᠶᠢ ᠳᠡᠭᠡᠭᠰᠢᠯᠡᠭᠦᠯᠬᠦ ᠠᠵᠢᠯ ᠢ ᠠᠬᠢᠭᠤᠯᠬᠤ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ | | ᠡᠵᠡᠨ ᠵᠠᠰᠠᠭ ᠠᠯᠪᠠᠨ ᠲᠠᠷᠬᠠᠭᠠᠭᠰᠠᠨ〔2024〕26 ᠳ᠋ᠤᠭᠠᠷ ᠲᠣᠭᠠᠲᠤ | | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ᠄ | ︽ᠡᠵᠡᠨ ᠬᠤᠷᠤᠭ᠎ᠠ ᠬᠤᠰᠢᠭᠤᠨ ᠤ ᠠᠵᠢᠯ ᠣᠯᠭᠤᠯᠲᠠ ᠶᠢ ᠳᠡᠭᠡᠭᠰᠢᠯᠡᠭᠦᠯᠬᠦ ᠠᠵᠢᠯ ᠢ ᠠᠬᠢᠭᠤᠯᠬᠤ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ ᠃ | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2024 ᠣᠨ ᠤ 4 ᠰᠠᠷ᠎ᠠ ᠶᠢᠨ 8 ᠤ ᠡᠳᠦᠷ | | | ᠡᠵᠡᠨ ᠬᠤᠷᠤᠭ᠎ᠠ ᠬᠤᠰᠢᠭᠤᠨ ᠤ ᠠᠵᠢᠯ ᠣᠯᠭᠤᠯᠲᠠ ᠶᠢ ᠳᠡᠭᠡᠭᠰᠢᠯᠡᠭᠦᠯᠬᠦ ᠠᠵᠢᠯ ᠢ ᠠᠬᠢᠭᠤᠯᠬᠤ ᠬᠡᠷᠡᠭᠵᠢᠭᠦᠯᠬᠦ ᠲᠥᠰᠦᠯ | ᠨᠢᠭᠡ᠂ ᠬᠠᠷᠠᠯᠲᠠ ᠡᠭᠦᠷᠭᠡ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ᠂ ᠠᠵᠢᠯ ᠣᠯᠭᠤᠯᠲᠠ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠬᠦ᠂ ᠠᠵᠢᠯ ᠣᠯᠭᠤᠯᠲᠠ ᠶᠢᠨ ᠪᠦᠲᠦᠴᠡ | ᠶᠢ ᠲᠠᠰᠤᠷᠠᠯᠲᠠ ᠥᠬᠡᠶ ᠰᠢᠯᠢᠳᠡᠭᠵᠢᠭᠦᠯᠬᠦ᠂ ᠭᠤᠤᠯᠳᠠᠯᠭ᠎ᠠ ᠲᠠᠢ ᠪᠦᠯᠬᠦᠮ ᠨᠡᠶᠢᠳᠡ ᠶᠢᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ᠂ ᠦᠶᠯᠡᠴᠢᠯᠡᠭᠡᠨ ᠤ ᠬᠢᠷᠢ | ᠲᠦᠪᠰᠢᠨ ᠢ ᠢᠯᠡᠳᠲᠡ ᠳᠡᠭᠡᠭᠰᠢᠯᠡᠭᠦᠯᠬᠦ ᠶᠢ ᠪᠠᠷᠢᠮᠲᠠᠯᠠᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ 3000 ᠬᠥᠮᠦᠨ ᠤᠳᠠᠭ᠎ᠠ ᠠᠴᠠ | ᠳᠡᠭᠡᠭᠰᠢ ᠥᠷᠨᠢᠭᠦᠯᠦᠨ᠂ ᠬᠤᠲᠠ ᠪᠠᠯᠭᠠᠰᠤᠨ ᠤ 5000 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠠᠵᠢᠯ ᠲᠠᠢ ᠬᠥᠮᠦᠨ ᠥᠬᠡᠶ ᠬᠡᠷ ᠪᠦᠯᠢ ᠶᠢ ᠬᠥᠳᠡᠯᠦᠩᠭᠦᠶ | ᠪᠠᠷ ᠥᠬᠡᠶ ᠪᠣᠯᠭᠠᠬᠤ ᠶᠢ ᠪᠠᠲᠤᠯᠠᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4 % ᠶᠢᠨ ᠳᠣᠲᠣᠷ᠎ᠠ ᠬᠢᠵᠠᠭᠠᠷᠯᠠᠨ᠎ᠠ᠃ | ᠬᠤᠶᠠᠷ᠂ ᠭᠤᠣᠯ ᠠᠷᠭ᠎ᠠ ᠬᠡᠮᠵᠢᠶ᠎ᠡ | ︵ᠨᠢᠭᠡ︶ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠳᠤᠮᠳᠠ ᠵᠢᠵᠢᠭ | ᠪᠢᠴᠢᠯ ᠠᠵᠤ ᠠᠬᠤᠶᠢᠯᠠᠯ ᠤᠨ ᠬᠥᠭᠵᠢᠯᠲᠡ ᠶᠢᠨ ᠠᠮᠢ ᠠᠬᠤᠶ ᠶᠢ ᠰᠢᠯᠢᠳᠡᠭᠵᠢᠭᠦᠯᠦᠨ᠂ ︽ᠥᠪᠡᠷᠲᠡᠭᠡᠨ ᠵᠠᠰᠠᠬᠤ ᠣᠷᠣᠨ ᠤ ᠵᠢᠵᠢᠭ ᠪᠢᠴᠢᠯ ᠠᠵᠤ ᠠᠬᠤᠶᠢᠯᠠᠯ ᠪᠣᠯᠤᠨ | ᠬᠤᠪᠢ ᠶᠢᠨ ᠠᠵᠤ ᠦᠶᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠪᠣᠶᠢᠵᠢᠯᠲᠠ ᠶᠢᠨ ᠲᠥᠯᠥᠪᠯᠡᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ | ᠶᠢᠨ ᠬᠡᠷᠡᠭᠵᠢᠭᠦᠯᠬᠦ ᠲᠥᠰᠦᠯ︾ ᠢ ᠨᠡᠶᠢᠲᠡᠯᠡᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠤᠨ ᠬᠤᠪᠢ ᠶᠢᠨ ᠠᠵᠤ ᠦᠶᠯᠡᠳᠪᠦᠷᠢ ᠬᠤᠳᠠᠯᠳᠤᠭᠠᠨ ᠤ ᠡᠷᠦᠬᠡ | ᠶᠢᠨ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠵᠦ᠂ ᠠᠵᠢᠯ ᠣᠯᠭᠤᠬᠤ ᠠᠵᠢᠯ ᠤᠨ ᠪᠠᠶᠢᠷᠢ ᠶᠢᠨ ᠡᠭᠦᠳᠦᠨ ᠪᠦᠲᠦᠭᠡᠬᠦ ᠴᠢᠳᠠᠪᠤᠷᠢ ᠶᠢ ᠨᠡᠮᠡᠭᠳᠡᠭᠦᠯᠪᠡ᠃ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ᠂ ᠨᠡᠶᠢᠭᠡᠮ ᠤᠨ ᠳᠠᠭᠠᠳᠬᠠᠯ ᠤᠨ ᠨᠥᠬᠦᠪᠥᠷᠢ ᠥᠭᠬᠦ ᠵᠡᠷᠭᠡ ᠠᠵᠢᠯ ᠣᠯᠭᠤᠯᠲᠠ ᠶᠢᠨ ᠨᠥᠬᠦᠪᠥᠷᠢ ᠶᠢᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠵᠤ᠂ ᠠᠵᠢᠯ ᠣᠯᠭᠤᠯᠲᠠ ᠶᠢᠨ ᠨᠡᠮᠡᠭᠳᠡᠯ ᠢ ᠥᠷᠭᠡᠳᠬᠡᠨ᠎ᠡ᠃ ᠡᠵᠡᠨ ᠬᠤᠷᠤᠭ᠎ᠠ ᠬᠤᠰᠢᠭᠤᠨ ᠳᠤ ᠳᠠᠭᠠᠳᠬᠠᠯ ᠳᠤ | ᠣᠷᠣᠯᠴᠠᠭᠠᠳ ᠪᠦᠬᠦᠯᠢ ᠨᠢᠭᠡ ᠵᠢᠯ ᠠᠴᠠ ᠳᠡᠭᠡᠭᠰᠢ ᠰᠦᠶᠳᠬᠡᠯ ᠲᠤᠰᠢᠶᠠᠭᠰᠠᠨ ᠳᠤᠮᠳᠠ ᠵᠢᠵᠢᠭ ᠬᠡᠯᠪᠡᠷᠢ ᠶᠢᠨ ᠠᠵᠤ ᠠᠬᠤᠶᠢᠯᠠᠯ ᠤᠨ ᠳᠡᠭᠡᠷ᠎ᠡ ᠵᠢᠯ ᠤᠨ | ᠲᠤᠰᠢᠶᠠᠭᠰᠠᠨ ᠠᠵᠢᠯ ᠠᠯᠳᠠᠯᠲᠠ ᠶᠢᠨ ᠳᠠᠭᠠᠳᠬᠠᠯ ᠤᠨ ᠰᠦᠶᠳᠬᠡᠯ ᠤᠨ ᠶᠡᠷᠦᠩᠬᠡᠶ ᠲᠣᠭᠠᠨ ᠤ 60 % ᠪᠠᠷ ᠪᠤᠴᠠᠭᠠᠨ ᠥᠭᠭᠦᠨ᠎ᠡ᠃ ᠲᠡᠭᠦᠰᠬᠦ ᠣᠨ ᠤ ᠳᠡᠭᠡᠳᠦ | ᠰᠤᠷᠭᠠᠭᠤᠯᠢ ᠲᠡᠭᠦᠰᠦᠭᠰᠡᠳ ᠢ ᠬᠦᠯᠢᠶᠡᠨ ᠠᠪᠤᠭᠰᠠᠨ ᠪᠠ ᠰᠤᠷᠭᠠᠭᠤᠯᠢ ᠠᠴᠠ ᠪᠠᠨ ᠰᠠᠯᠤᠭᠠᠳ ᠬᠤᠶᠠᠷ ᠵᠢᠯ ᠤᠨ ᠳᠣᠲᠣᠷ᠎ᠠ ᠠᠵᠢᠯ ᠣᠯᠤᠭᠠᠳᠤᠶ ᠳᠡᠭᠡᠳᠦ | ᠰᠤᠷᠭᠠᠭᠤᠯᠢ ᠲᠡᠭᠦᠰᠦᠭᠰᠡᠳ ᠲᠠᠢ ᠨᠢᠭᠡ ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ ᠨᠡᠶᠢᠭᠡᠮ ᠤᠨ ᠳᠠᠭᠠᠳᠬᠠᠯ ᠲᠤᠰᠢᠶᠠᠭᠰᠠᠨ ᠪᠠᠭ᠎ᠠ | ᠵᠢᠵᠢᠭ ᠠᠵᠤ ᠠᠬᠤᠶᠢᠯᠠᠯ ᠳᠤ ᠬᠠᠮᠤᠭ ᠤᠨ ᠤᠷᠲᠤ ᠳᠠᠭᠠᠨ ᠨᠢᠭᠡ ᠵᠢᠯ ᠠᠴᠠ ᠬᠡᠲᠦᠷᠡᠭᠦᠯᠬᠦ ᠦᠭᠡᠶ ᠨᠡᠶᠢᠭᠡᠮ ᠤᠨ ᠳᠠᠭᠠᠳᠬᠠᠯ ᠤᠨ ᠨᠥᠬᠦᠪᠥᠷᠢ ᠣᠯᠭᠤᠨ᠎ᠠ᠃ ︵ | ᠲᠦᠷᠦᠭᠦᠯᠡᠬᠦ ᠨᠢᠭᠡᠴᠡ᠄ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠠᠵᠢᠯ ᠣᠯᠭᠤᠯᠲᠠ ᠪᠠ ᠨᠡᠶᠢᠭᠡᠮ ᠤᠨ | ᠳᠠᠭᠠᠳᠬᠠᠯ ᠤᠨ ᠦᠶᠯᠡᠰ ᠤᠨ ᠲᠥᠪ᠂ ᠬᠠᠮᠵᠢᠯᠴᠠᠬᠤ ᠨᠢᠭᠡᠴᠡ᠄ ᠬᠤᠰᠢᠭᠤᠨ ᠤ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠰᠢᠭᠤᠨ ᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠵᠢᠦ ᠲᠠᠢ ᠢᠯᠴᠢ ᠶᠢᠨ | ᠬᠦᠴᠦᠨ ᠤ ᠺᠣᠮᠫᠠᠨᠢ᠂ ᠱᠧᠩ ᠶᠤᠸᠠᠨ ᠤᠰᠤᠨ ᠤ ᠶᠠᠪᠤᠳᠠᠯ ᠤᠨ ᠪᠦᠯᠦᠭᠯᠡᠯ᠂ ᠴᠠᠬᠢᠯᠭᠠᠨ ᠬᠠᠩᠭᠠᠬᠤ ᠺᠣᠮᠫᠠᠨᠢ︶᠃ | ︵ᠬᠤᠶᠠᠷ︶ ᠠᠵᠢᠯ ᠣᠯᠭᠤᠯᠲᠠ ᠶᠢ ᠰᠢᠩᠭᠡᠭᠡᠨ ᠠᠪᠬᠤ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠷᠠᠭᠤᠯᠤᠨ᠎ᠠ᠃ ᠰᠢᠨ᠎ᠡ ᠡᠨᠧᠷᠭᠢ ᠶᠢᠨ ᠲᠣᠨᠤᠭ | ᠲᠥᠬᠦᠭᠡᠷᠦᠮᠵᠢ ᠦᠶᠯᠡᠳᠬᠦ ᠦᠶᠯᠡᠰ ᠤᠨ ᠴᠢᠨᠠᠷ ᠰᠠᠶᠢᠲᠠᠶ ᠠᠵᠢᠯ ᠣᠯᠭᠤᠯᠲᠠ ᠶᠢ ᠠᠬᠢᠭᠤᠯᠵᠤ᠂ ᠮᠠᠨ ᠤ ᠬᠤᠰᠢᠭᠤᠨ ᠤ ᠰᠢᠨ᠎ᠡ ᠡᠨᠧᠷᠭᠢ ᠶᠢᠨ ᠲᠣᠨᠤᠭ | ᠲᠥᠬᠦᠭᠡᠷᠦᠮᠵᠢ ᠦᠶᠯᠡᠳᠬᠦ ᠬᠡᠪᠴᠢᠶᠡᠵᠢᠯ ᠤᠨ ᠳᠠᠪᠠᠭᠤᠯᠢᠭ᠂ ᠢᠵᠢ ᠪᠥᠷᠢᠳᠦᠭᠰᠡᠨ ᠳᠠᠪᠠᠭᠤᠯᠢᠭ ᠪᠠ ᠬᠡᠰᠡᠭ ᠬᠦᠷᠢᠶᠡᠨ ᠳᠤ ᠤᠷᠢᠳᠠᠪᠠᠷ ᠬᠥᠭᠵᠢᠭᠰᠡᠨ ᠳᠠᠪᠠᠭᠤᠯᠢᠭ | ᠲᠤ ᠰᠠᠭᠤᠷᠢᠯᠠᠨ᠂ ᠵᠢᠶᠠᠩᠰᠦ ᠶᠢᠨ ᠠᠵᠤ ᠦᠶᠯᠡᠰ ᠤᠨ ᠬᠦᠷᠢᠶᠡᠯᠡᠩ᠂ ᠤᠰᠤᠲᠥ᠋ᠷᠥᠭᠴᠢ ᠡᠨᠧᠷᠭᠢ ᠶᠢᠨ ᠠᠵᠤ ᠦᠶᠯᠡᠰ ᠤᠨ ᠬᠦᠷᠢᠶᠡᠯᠡᠩ ᠤᠨ ᠬᠥᠭᠵᠢᠯᠲᠡ ᠳᠤ | ᠦᠶᠯᠡᠴᠢᠯᠡᠬᠦ ᠶᠢᠨ ᠲᠣᠭᠤᠷᠢᠨ ᠳᠤ᠂ ᠯᠦᠩ ᠵᠢᠶ ᠪᠣᠬᠢᠷᠲᠤᠯ ᠥᠬᠡᠶ ᠡᠨᠧᠷᠭᠢ᠂ ᠶᠤᠸᠠᠨ ᠵᠢᠩ᠂ ᠬᠤᠸᠠ ᠵᠢᠩ᠂ ᠯᠢᠲ᠋ᠢ᠂ ᠭᠤᠸᠠᠩᠳᠦ᠋ᠩ ᠤᠨ ᠴᠡᠪᠡᠷ ᠡᠨᠧᠷᠭᠢ᠂ ᠤᠯᠤᠰ | ᠤᠨ ᠡᠨᠧᠷᠭᠢ ᠶᠢᠨ ᠨᠡᠭᠦᠷᠡᠰᠦ ᠶᠢ ᠰᠢᠭᠤᠳ ᠰᠢᠩᠭᠡᠨᠵᠢᠭᠦᠯᠬᠦ ᠵᠡᠷᠭᠡ ᠭᠤᠤᠯᠳᠠᠯᠭ᠎ᠠ ᠲᠠᠢ ᠲᠥᠷᠥᠯ ᠵᠦᠶᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ | ᠣᠨᠣᠪᠴᠢᠲᠠᠶ ᠵᠣᠯᠭᠠᠭᠤᠯᠵᠤ᠂ ᠨᠠᠩ ᠣᠯᠠᠨ ᠠᠵᠢᠯ ᠣᠯᠭᠤᠯᠲᠠ ᠶᠢᠨ ᠨᠡᠮᠡᠭᠳᠡᠯ ᠤᠨ ᠴᠡᠭ ᠢ ᠪᠣᠶ ᠪᠣᠯᠭᠠᠨ᠎ᠠ᠃ ᠦᠶᠯᠡᠴᠢᠯᠡᠭᠡᠨ ᠤ ᠦᠶᠯᠡᠰ ᠤᠨ ᠠᠵᠢᠯ ᠣᠯᠭᠤᠯᠲᠠ ᠶᠢ | ᠥᠷᠭᠡᠳᠬᠡᠵᠦ᠂ ᠠᠮᠢᠳᠤᠷᠠᠯ ᠤᠨ ᠦᠶᠯᠡᠴᠢᠯᠡᠭᠡᠨ ᠤ ᠦᠶᠯᠡᠰ ᠤᠨ ᠴᠢᠨᠠᠷ ᠰᠠᠶᠢᠲᠠᠶ ᠪᠠ ᠣᠯᠠᠨ ᠶᠠᠩᠵᠤ ᠶᠢᠨ ᠲᠠᠰ ᠳᠡᠪᠰᠢᠬᠦ ᠶᠢ ᠲᠦᠷᠭᠡᠳᠬᠡᠵᠦ᠂ ᠶᠡᠷᠦᠩᠬᠡᠶ ᠬᠡᠯᠲᠡᠰ | ᠤᠨ ᠠᠵᠤ ᠠᠬᠤᠶ᠂ ᠰᠥᠨᠢ ᠶᠢᠨ ᠠᠵᠤ ᠠᠬᠤᠶ᠂ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶ᠎ᠡ ᠵᠡᠷᠭᠡ ᠶᠢᠨ ᠡᠷᠡᠭᠦᠯ ᠢᠶᠠᠷ ᠬᠥᠭᠵᠢᠬᠦ ᠶᠢ ᠬᠥᠲᠥᠯᠦᠨ | ᠵᠢᠯᠣᠭᠤᠳᠴᠤ᠂ ᠪᠠᠭᠤᠳᠠᠯ᠂ ᠨᠡᠶᠢᠭᠡᠮ ᠲᠣᠭᠤᠷᠢᠭ ᠤᠨ ᠬᠡᠲᠦ ᠳᠡᠯᠭᠡᠭᠦᠷ᠂ ᠲᠥᠬᠦᠮ ᠳᠡᠯᠭᠡᠭᠦᠷ᠂ ᠨᠡᠶᠢᠭᠡᠮ ᠲᠣᠭᠤᠷᠢᠭ ᠤᠨ ᠦᠶᠯᠡᠴᠢᠯᠡᠭᠡ ᠵᠡᠷᠭᠡ ᠠᠵᠢᠯ ᠤᠨ ᠪᠠᠶᠢᠷᠢ ᠶᠢ | ᠲᠣᠭᠲᠠᠭᠤᠨ ᠢᠶᠠᠷ ᠬᠥᠭᠵᠢᠭᠦᠯᠵᠦ᠂ ᠣᠯᠠᠨ ᠤᠯᠤᠰ ᠤᠨ ᠠᠷᠠᠯᠵᠢᠶᠠᠨ ᠤ ᠲᠣᠮᠣ ᠠᠰᠠᠷ᠂ ᠱᠤᠸᠠᠩ ᠮᠠᠨ ᠬᠦᠶ ᠳ᠋ᠦ᠋᠂ ᠵᠢᠶᠠᠨ ᠭᠦᠸᠧ᠂ ᠰᠢ ᠠᠨ ᠵᠡᠷᠭᠡ ᠦᠶᠯᠡᠴᠢᠯᠡᠭᠡᠨ | ᠤ ᠦᠶᠯᠡᠰ ᠤᠨ ᠲᠥᠷᠥᠯ ᠵᠦᠶᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠣᠨᠣᠪᠴᠢᠲᠠᠶ ᠵᠣᠯᠭᠠᠭᠤᠯᠵᠤ᠂ ᠦᠶᠯᠡᠴᠢᠯᠡᠭᠡᠨ ᠤ ᠦᠶᠯᠡᠰ ᠤᠨ ᠠᠵᠢᠯ | ᠣᠯᠭᠤᠯᠲᠠ ᠶᠢᠨ ᠪᠠᠭᠲᠠᠭᠠᠮᠵᠢ ᠪᠠᠷ ᠶᠡᠭᠡ ᠪᠠᠶᠢᠬᠤ ᠳᠠᠪᠠᠭᠤᠯᠢᠭ ᠢ ᠭᠦᠶᠴᠡᠳ ᠪᠠᠳᠠᠷᠠᠭᠤᠯᠤᠨ᠎ᠠ᠃ ᠲᠠᠷᠢᠶᠠᠯᠠᠩ ᠤᠨ ᠠᠵᠢᠯ ᠣᠯᠭᠤᠯᠲᠠ ᠶᠢᠨ ᠣᠷᠣᠨ ᠵᠠᠶ ᠶᠢ | ᠥᠷᠭᠡᠳᠬᠡᠵᠦ᠂ ᠤᠯᠠᠭᠠᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ | ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠮᠧᠩ ᠲᠠᠢ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ᠂ ᠰᠢᠩ ᠭᠤᠸᠠᠩ ᠲᠠᠷᠢᠶᠠᠯᠠᠩ ᠤᠨ | ᠬᠦᠷᠢᠶᠡᠯᠡᠩ᠂ ᠤᠯᠠᠭᠠᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ | ᠵᠡᠷᠭᠡ ᠲᠥᠷᠥᠯ ᠵᠦᠶᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠣᠨᠣᠪᠴᠢᠲᠠᠶ ᠵᠣᠯᠭᠠᠭᠤᠯᠵᠤ᠂ ᠨᠠᠩ ᠣᠯᠠᠨ ᠠᠵᠢᠯ ᠣᠯᠭᠤᠯᠲᠠ ᠶᠢ ᠳᠠᠶᠢᠴᠢᠯᠠᠨ᠎ᠠ᠃ | ︵ᠲᠦᠷᠦᠭᠦᠯᠡᠬᠦ ᠨᠢᠭᠡᠴᠡ᠄ ᠬᠤᠰᠢᠭᠤᠨ ᠤ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ᠂ ᠬᠤᠰᠢᠭᠤᠨ ᠤ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠬᠦ ᠲᠥᠪ᠂ ᠬᠠᠮᠵᠢᠯᠴᠠᠬᠤ ᠨᠢᠭᠡᠴᠡ᠄ | ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ᠂ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ︶᠃ | ( ᠭᠤᠷᠪᠠ ) ᠲᠥᠷᠥ ᠶᠢᠨ ᠪᠣᠳᠣᠯᠭ᠎ᠠ ᠪᠠᠷ ᠲᠤᠯᠭᠠᠭᠤᠷᠢᠯᠠᠬᠤ ᠶᠢ ᠴᠢᠩᠭᠠᠷᠠᠭᠤᠯᠤᠨ᠎ᠠ᠃ ︽ᠰᠠᠯᠬᠢ ᠬᠡᠷᠡᠯ ᠤᠰᠤᠲᠥ᠋ᠷᠥᠭᠴᠢ ᠪᠠᠷ ᠲᠡᠷᠭᠡ ᠬᠠᠳᠠᠭᠠᠯᠠᠬᠤ︾ | ᠠᠵᠤ ᠦᠶᠯᠡᠰ ᠤᠨ ᠰᠢᠰᠲ᠋ᠧᠮ ᠤᠨ ᠪᠠᠶᠢᠭᠤᠯᠤᠯᠲᠠ᠂ ᠠᠵᠤ ᠦᠶᠯᠡᠰ ᠤᠨ ᠬᠦᠷᠢᠶᠡᠯᠡᠩ ᠲᠣᠭᠤᠷᠢᠭ ᠤᠨ ᠬᠥᠭᠵᠢᠯᠲᠡ ᠲᠠᠢ ᠤᠶᠠᠯᠳᠤᠭᠤᠯᠤᠨ᠂ ︽ᠡᠵᠡᠨ ᠬᠤᠷᠤᠭ᠎ᠠ | ᠬᠤᠰᠢᠭᠤᠨ ᠤ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠶᠯᠡᠰ ᠢ ᠳᠡᠮᠵᠢᠬᠦ ᠠᠵᠤ ᠦᠶᠯᠡᠰ ᠤᠨ ᠠᠵᠢᠯᠴᠢᠨ ᠤ ᠲᠥᠷᠥ ᠶᠢᠨ ᠪᠣᠳᠣᠯᠭ᠎ᠠ︾ ᠶᠢ ᠨᠡᠶᠢᠲᠡᠯᠡᠵᠦ᠂ | ᠬᠥᠭᠵᠢᠯᠲᠡ ᠶᠢᠨ ᠵᠠᠮ ᠢ ᠰᠢᠯᠤᠭᠤᠳᠬᠠᠨ᠂ ᠨᠠᠩ ᠣᠯᠠᠨ ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ ᠤ ᠰᠢᠨ᠎ᠡ ᠠᠵᠤ ᠦᠶᠯᠡᠰ ᠰᠢᠨ᠎ᠡ ᠡᠵᠡᠩᠨᠡᠯᠲᠡ ᠶᠢᠨ | ᠬᠡᠯᠪᠡᠷᠢ ᠶᠢᠨ ᠬᠦᠷᠢᠶᠡᠨ ᠳᠤ ᠠᠵᠢᠯ ᠣᠯᠵᠤ ᠦᠶᠯᠡᠰ ᠴᠣᠭᠴᠠᠯᠠᠬᠤ ᠶᠢ ᠳᠠᠶᠢᠴᠢᠯᠠᠨ᠎ᠠ᠃ ᠵᠠᠯᠠᠭᠤᠴᠤᠳ ᠤᠨ ᠣᠷᠣᠨ ᠰᠠᠭᠤᠴᠠ ᠶᠢᠨ ᠭᠤᠷᠪᠠᠳᠤᠭᠠᠷ ᠬᠤᠭᠤᠴᠠᠭᠠᠨ ᠤ | ᠴᠢᠳᠠᠪᠤᠷᠢᠲᠠᠨ ᠤ ᠨᠡᠶᠢᠲᠡ ᠶᠢᠨ ᠪᠠᠶᠢᠷᠢ ︵60 ᠢᠵᠢ ᠨᠡᠶᠢᠲᠡ ᠶᠢᠨ ᠪᠠᠶᠢᠷᠢ︶ ᠶᠢ ᠠᠰᠢᠭᠯᠠᠯᠲᠠ ᠳᠤ ᠣᠷᠣᠭᠤᠯᠵᠤ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ | ᠣᠷᠣᠨ ᠰᠠᠭᠤᠴᠠ ᠶᠢ 2500 ᠢᠵᠢ᠂ ᠪᠠᠲᠤᠯᠠᠭ᠎ᠠ ᠶᠢᠨ ᠣᠷᠣᠨ ᠰᠠᠭᠤᠴᠠ ᠶᠢ 500 ᠢᠵᠢ ᠡᠬᠢᠯᠡᠨ ᠪᠠᠶᠢᠭᠤᠯᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠠᠵᠢᠯ | ᠡᠷᠭᠢᠯᠡᠭᠰᠡᠳ ᠪᠠ ᠭᠠᠳᠠᠨ᠎ᠠ ᠠᠴᠠ ᠢᠷᠡᠭᠰᠡᠨ ᠴᠢᠳᠠᠪᠤᠷᠢᠲᠠᠨ ᠤ ᠬᠡᠷ ᠪᠦᠯᠢ ᠪᠠᠨ ᠲᠥᠪᠬᠢᠨᠡᠭᠦᠯᠦᠨ ᠠᠵᠢᠯᠯᠠᠭᠤᠯᠵᠤ᠂ ᠭᠠᠳᠠᠨ᠎ᠠ ᠠᠴᠠ ᠢᠷᠡᠭᠰᠡᠨ ᠴᠢᠳᠠᠪᠤᠷᠢᠲᠠᠨ ᠤ | ᠰᠢᠯᠵᠢᠯᠲᠡ ᠶᠢᠨ ᠣᠷᠣᠨ ᠰᠠᠭᠤᠴᠠ᠂ ᠡᠮ ᠡᠮᠨᠡᠯᠭᠡ ᠶᠢᠨ ᠪᠠᠲᠤᠯᠠᠭ᠎ᠠ᠂ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ᠂ ᠭᠡᠷ ᠤᠨ ᠬᠦᠮᠦᠨ ᠤ ᠠᠵᠢᠯ ᠤᠯᠬᠤ ᠵᠡᠷᠭᠡ | ᠲᠠᠯ᠎ᠠ ᠶᠢᠨ ᠰᠠᠨᠠᠭᠠᠰᠢᠷᠠᠯ ᠢ ᠳᠡᠶᠢᠯᠵᠦ᠂ ᠨᠠᠩ ᠣᠯᠠᠨ ᠭᠠᠳᠠᠨ᠎ᠠ ᠠᠴᠠ ᠢᠷᠡᠭᠰᠡᠨ ᠴᠢᠳᠠᠪᠤᠷᠢᠲᠠᠨ ᠵᠢᠴᠢ ᠬᠡᠷ ᠪᠦᠯᠢ ᠶᠢᠨ ᠬᠢᠨ ᠢ ᠲᠤᠬᠠᠶ ᠶᠢᠨ ᠭᠠᠵᠠᠷ ᠲᠤ | ᠠᠭᠤᠰᠤᠯᠴᠠᠭᠤᠯᠵᠤ᠂ ᠰᠢᠨ᠎ᠡ ᠬᠤᠲᠠ ᠶᠢᠨ ᠠᠷᠠᠳ ᠪᠣᠯᠭᠠᠨ᠎ᠠ᠃ ︵ᠲᠦᠷᠦᠭᠦᠯᠡᠬᠦ ᠨᠢᠭᠡᠴᠡ᠄ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ | ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠬᠤᠰᠢᠭᠤᠨ ᠤ ᠠᠵᠢᠯᠴᠢᠨ ᠤ ᠶᠡᠷᠦᠩᠬᠡᠶ | ᠡᠪᠯᠡᠯ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠬᠤᠰᠢᠭᠤᠨ ᠤ | ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠥᠪ᠂ ᠬᠤᠰᠢᠭᠤᠨ ᠤ ᠣᠷᠣᠨ ᠰᠠᠭᠤᠴᠠ ᠶᠢᠨ ᠪᠠᠲᠤᠯᠠᠭ᠎ᠠ | ᠶᠢᠨ ᠶᠡᠷᠦᠩᠬᠡᠶᠢᠯᠡᠭᠰᠡᠨ ᠦᠶᠯᠡᠴᠢᠯᠡᠭᠡᠨ ᠤ ᠲᠥᠪ᠂ ᠬᠤᠰᠢᠭᠤᠨ ᠤ ᠠᠵᠢᠯ ᠣᠯᠭᠤᠯᠲᠠ ᠪᠠ ᠨᠡᠶᠢᠭᠡᠮ ᠤᠨ ᠳᠠᠭᠠᠳᠬᠠᠯ ᠤᠨ ᠦᠶᠯᠡᠰ ᠤᠨ ᠲᠥᠪ︶᠃ | ︵ᠳᠥᠷᠪᠡ︶ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ ᠠᠵᠤ ᠦᠶᠯᠡᠰ ᠤᠨ ᠬᠥᠭᠵᠢᠯᠲᠡ᠂ | ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠲᠠᠢ ᠵᠣᠯᠭᠠᠭᠤᠯᠵᠤ᠂ ᠬᠤᠲᠠ ᠶᠢᠨ ᠠᠶᠠᠯᠠᠯ᠂ ᠠᠵᠤ | ᠠᠬᠤᠶᠢᠯᠠᠯ ᠤᠨ ᠠᠶᠠᠯᠠᠯ᠂ ᠰᠤᠷᠭᠠᠭᠤᠯᠢ ᠶᠢᠨ ᠬᠦᠷᠢᠶᠡᠨ ᠤ ᠠᠶᠠᠯᠠᠯ᠂ ᠰᠦᠯᠵᠢᠶᠡᠨ ᠳᠡᠭᠡᠷᠡᠬᠢ ᠠᠶᠠᠯᠠᠯ᠂ ᠬᠤᠲᠠ ᠶᠢ ᠳᠤᠯᠠᠭᠠᠯᠠᠬᠤ ᠵᠡᠷᠭᠡ ︽ᠣᠶᠤᠨᠴᠢ ᠪᠠᠷ | ᠤᠮᠠᠷᠠᠲᠤ ᠬᠢᠯᠢ ᠶᠢ ᠭᠡᠶᠢᠭᠦᠯᠬᠦ᠂ ᠴᠢᠳᠠᠪᠤᠷᠢᠲᠠᠨ ᠢᠶᠠᠷ ᠨᠣᠭᠤᠭᠠᠨ ᠬᠤᠲᠠ ᠶᠢ ᠭᠡᠶᠢᠭᠦᠯᠬᠦ︾ ᠰᠢᠷᠢᠰ ᠠᠵᠢᠯᠯᠠᠭ᠎ᠠ ᠶᠢ ᠪᠠᠶᠢᠩᠭᠤᠵᠢᠭᠤᠯᠤᠨ ᠡᠷᠭᠢᠯᠡᠵᠦ᠂ ᠣᠷᠣᠨ ᠤ | ᠳᠣᠲᠣᠨ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ᠂ ᠠᠵᠤ | ᠦᠶᠯᠡᠰ ᠤᠨ ᠬᠥᠭᠵᠢᠯᠲᠡ ᠪᠠ ᠴᠢᠳᠠᠪᠤᠷᠢᠲᠠᠨ ᠡᠯᠰᠡᠵᠦ ᠣᠶᠤᠨ ᠤᠬᠠᠭᠠᠨ ᠣᠷᠣᠭᠤᠯᠬᠤ ᠲᠥᠷᠥ ᠶᠢᠨ ᠪᠣᠳᠣᠯᠭ᠎ᠠ ᠶᠢ ᠣᠶᠢᠯᠠᠭᠠᠵᠤ ᠮᠡᠳᠡᠬᠦ ᠬᠡᠮᠵᠢᠶ᠎ᠡ ᠶᠢ | ᠪᠦᠲᠦᠮᠵᠢᠲᠡᠶ ᠥᠷᠭᠡᠳᠬᠡᠵᠦ᠂ ᠰᠠᠭᠤᠭ᠎ᠠ ᠭᠠᠵᠠᠷ ᠤᠨ ᠠᠵᠤ ᠠᠬᠤᠶᠢᠯᠠᠯ ᠤᠨ ︽ᠠᠵᠢᠯᠴᠢᠨ ᠡᠯᠰᠡᠬᠦ ᠳᠤ ᠬᠦᠴᠢᠷᠲᠡᠶ ᠪᠠᠶᠢᠬᠤ︾ ᠪᠠ ᠤᠶᠤᠲᠠᠳ ᠤᠨ ︽ᠠᠵᠢᠯ ᠤᠯᠬᠤ | ᠳᠤ ᠬᠦᠴᠢᠷᠲᠡᠶ ᠪᠠᠶᠢᠬᠤ︾ ᠠᠰᠠᠭᠤᠳᠠᠯ ᠢ ᠬᠦᠴᠦᠯᠡᠨ ᠰᠢᠶᠳᠪᠦᠷᠢᠯᠡᠨ᠎ᠡ᠃ ᠦᠪᠦᠷ ᠮᠤᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ᠂ ᠪᠠᠷᠠᠭᠤᠨ | ᠬᠤᠶᠢᠳᠤ ᠶᠢᠨ ᠰᠢᠯᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠵᠡᠷᠭᠡ ᠰᠤᠷᠭᠠᠭᠤᠯᠢ ᠶᠢᠨ ᠣᠷᠣᠨ ᠨᠤᠲᠤᠭ ᠤᠨ ᠴᠢᠳᠠᠪᠤᠷᠢᠲᠠᠨ ᠲᠠᠢ ᠬᠠᠮᠲᠤᠷᠠᠨ | ᠠᠵᠢᠯᠯᠠᠬᠤ ᠬᠡᠯᠡᠯᠴᠡᠭᠡᠷ ᠢ ᠨᠠᠶᠢᠳᠠᠪᠤᠷᠢᠵᠢᠭᠤᠯᠵᠤ᠂ ᠬᠥᠬᠡᠬᠤᠲᠠ ᠶᠢᠨ ᠦᠨᠳᠦᠰᠦᠲᠡᠨ ᠤ ᠰᠤᠷᠭᠠᠭᠤᠯᠢ ᠶᠢᠨ ᠯᠦᠩ ᠵᠢᠶ᠂ ᠶᠤᠸᠠᠨ ᠵᠢᠩ ᠵᠡᠷᠭᠡ ᠠᠵᠤ ᠠᠬᠤᠶᠢᠯᠠᠯ ᠳᠤ | ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠪᠠᠶᠢᠭᠤᠯᠬᠤ ᠶᠢ ᠠᠬᠢᠭᠤᠯᠤᠨ᠎ᠠ᠃ ᠰᠤᠷᠭᠠᠭᠤᠯᠢ ᠠᠴᠠ ᠪᠠᠨ ᠰᠠᠯᠵᠤ ᠠᠵᠢᠯ ᠣᠯᠤᠭᠠᠳᠤᠶ ᠳᠡᠭᠡᠳᠦ ᠰᠤᠷᠭᠠᠭᠤᠯᠢ | ᠲᠡᠭᠦᠰᠦᠭᠰᠡᠳ ᠲᠤ ᠦᠨᠡᠨ ᠨᠡᠷ᠎ᠡ ᠶᠢᠨ ᠲᠦᠷᠢᠮ ᠢᠶᠠᠷ ᠬᠠᠪᠰᠤᠷᠤᠨ ᠲᠡᠳᠬᠦᠬᠦ ᠶᠢ ᠥᠷᠨᠢᠭᠦᠯᠵᠦ᠂ ᠠᠵᠢᠯ ᠡᠷᠢᠬᠦ ᠳᠠᠩᠰᠠᠯᠠᠯ ᠤᠨ ᠵᠢᠵᠢᠭ ᠲᠠᠰ ᠳᠠᠷᠠᠭᠠᠯᠠᠯ᠂ | ᠰᠤᠷᠭᠠᠭᠤᠯᠢ ᠠᠴᠠ ᠪᠠᠨ ᠰᠠᠯᠵᠤ ᠠᠵᠢᠯ ᠣᠯᠤᠭᠠᠳᠤᠶ ᠪᠣᠯᠪᠠᠴᠤ ᠦᠨᠡᠨ ᠨᠡᠷ᠎ᠡ ᠶᠢᠨ ᠲᠦᠷᠢᠮ ᠵᠡᠷᠭᠡ ᠰᠢᠰᠲ᠋ᠧᠮ ᠢ ᠭᠦᠶᠴᠡᠳ ᠬᠡᠷᠡᠭᠯᠡᠨ᠂ ᠠᠵᠢᠯ ᠣᠯᠤᠭᠠᠳᠤᠶ | ᠲᠡᠭᠦᠰᠦᠭᠰᠡᠳ ᠵᠡᠷᠭᠡ ᠵᠠᠯᠠᠭᠤᠴᠤᠳ ᠤᠨ ︽131︾ ᠦᠶᠯᠡᠴᠢᠯᠡᠭᠡ ᠪᠠᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ︵ᠠᠵᠢᠯ ᠤᠯᠬᠤ ᠬᠦᠰᠡᠯ ᠡᠷᠡᠮᠡᠯᠵᠡᠯ ᠲᠠᠢ | ᠳᠤᠨᠢ ᠠᠵᠢᠯ ᠮᠡᠷᠭᠡᠵᠢᠯ ᠤᠨ ᠵᠢᠯᠣᠭᠤᠳᠣᠯᠭ᠎ᠠ᠂ 3 ᠤᠳᠠᠭᠠᠨ ᠤ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ᠂ 1 ᠤᠳᠠᠭᠠᠨ ᠤ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠪᠤᠶᠤ ᠠᠵᠢᠯ ᠣᠯᠭᠤᠯᠲᠠ ᠶᠢᠨ ᠳᠠᠳᠤᠯᠭ᠎ᠠ ᠶᠢᠨ ᠲᠣᠬᠢᠶᠠᠯ ᠬᠠᠩᠭᠠᠨ᠎ᠠ︶ ᠶᠢ ᠬᠢᠨᠠᠮᠠᠭᠠᠶ ᠨᠠᠶᠢᠳᠠᠪᠤᠷᠢᠵᠢᠭᠤᠯᠤᠨ᠎ᠠ᠃ ᠳᠤᠮᠳᠠ ᠪᠠᠭ᠎ᠠ ᠠᠵᠤ | ᠠᠬᠤᠶᠢᠯᠠᠯ ᠳᠤ 80 ᠣᠶᠤᠲᠠᠨ ᠢ ᠨᠥᠭᠡᠴᠡᠯᠡᠵᠦ᠂ ᠤᠶᠤᠲᠠᠳ ᠤᠨ ᠠᠳᠠᠯ ᠦᠶᠯᠡᠰ ᠴᠣᠭᠴᠠᠯᠠᠬᠤ ᠶᠢ ᠲᠤᠰᠠᠯᠠᠬᠤ ᠲᠥᠷᠥᠯ ᠵᠦᠶᠯ 10᠂ ᠤᠶᠤᠲᠠᠳ ᠤᠨ ᠠᠳᠠᠯ | ᠦᠶᠯᠡᠰ ᠴᠣᠭᠴᠠᠯᠠᠬᠤ ᠬᠦᠷᠢᠶᠡᠯᠡᠩ ᠢ ᠪᠥᠲᠥᠭᠡᠨ ᠪᠠᠶᠢᠭᠤᠯᠬᠤ ᠳᠤ 1 ᠶᠢ ᠲᠤᠰᠠᠯᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ | ᠠᠵᠢᠯ ᠣᠯᠵᠤ ᠠᠳᠠᠯ ᠦᠶᠯᠡᠰ ᠴᠣᠭᠴᠠᠯᠠᠬᠤ ᠶᠢ ᠪᠦᠲᠦᠮᠵᠢᠲᠡᠶ ᠠᠬᠢᠭᠤᠯᠤᠨ᠎ᠠ᠃ ᠠᠵᠢᠯ ᠤᠯᠬᠤ ᠳᠤ ᠬᠦᠴᠢᠷᠲᠡᠶ ᠬᠥᠮᠦᠰ᠂ ᠰᠤᠷᠭᠠᠭᠤᠯᠢ ᠠᠴᠠ ᠪᠠᠨ ᠰᠠᠯᠤᠭᠠᠳ 2 | ᠵᠢᠯ ᠤᠨ ᠳᠣᠲᠣᠷ᠎ᠠ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠠᠮᠢᠳᠤᠯᠢᠭ ᠢᠶᠠᠷ ᠠᠵᠢᠯ ᠣᠯᠤᠭᠰᠠᠨ ᠤ ᠳᠠᠷᠠᠭ᠎ᠠ ᠨᠡᠶᠢᠭᠡᠮ ᠤᠨ ᠳᠠᠭᠠᠳᠬᠠᠯ | ᠤᠨ ᠰᠦᠶᠳᠬᠡᠯ ᠲᠤᠰᠢᠶᠠᠭᠰᠠᠨ ᠪᠠᠶᠢᠪᠠᠯ᠂ ᠲᠣᠭᠲᠠᠭᠠᠯ ᠶᠣᠰᠣᠭᠠᠷ ᠲᠡᠳᠡᠨ ᠳᠤ ᠬᠠᠮᠤᠭ ᠤᠨ ᠳᠣᠤᠷ᠎ᠠ ᠰᠦᠶᠳᠬᠡᠯ ᠲᠤᠰᠢᠶᠠᠬᠤ ᠰᠠᠭᠤᠷᠢ ᠲᠤᠭ᠎ᠠ ᠶᠢᠨ ᠭᠤᠷᠪᠠᠨ ᠤ | ᠬᠤᠶᠠᠷ ᠠᠴᠠ ᠥᠯᠥ ᠬᠡᠲᠦᠷᠡᠬᠦ ᠨᠡᠶᠢᠭᠡᠮ ᠤᠨ ᠳᠠᠭᠠᠳᠬᠠᠯ ᠤᠨ ᠨᠥᠬᠦᠪᠥᠷᠢ ᠣᠯᠭᠤᠨ᠎ᠠ᠃ ︵ᠲᠦᠷᠦᠭᠦᠯᠡᠬᠦ ᠨᠢᠭᠡᠴᠡ᠄ ᠬᠤᠰᠢᠭᠤᠨ ᠤ ᠨᠠᠮ ᠤᠨ ᠬᠤᠷᠢᠶᠠᠨ ᠤ | ᠵᠣᠬᠢᠶᠠᠨ ᠪᠠᠶᠢᠭᠤᠯᠬᠤ ᠬᠡᠯᠲᠡᠰ᠂ ᠬᠤᠰᠢᠭᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠡᠯ᠎ᠡ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ᠂ ᠬᠤᠰᠢᠭᠤᠨ ᠠᠵᠢᠯ ᠣᠯᠭᠤᠯᠲᠠ ᠪᠠ ᠨᠡᠶᠢᠭᠡᠮ ᠤᠨ ᠳᠠᠭᠠᠳᠬᠠᠯ | ᠤᠨ ᠦᠶᠯᠡᠰ ᠤᠨ ᠲᠥᠪ︶᠃ | ︵ᠲᠠᠪᠤ︶ ᠬᠤᠲᠠ ᠪᠠᠯᠭᠠᠰᠤᠨ ᠤ ᠵᠠᠯᠠᠭᠤᠴᠤᠳ ᠤᠨ ᠠᠵᠢᠯ ᠣᠯᠭᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠎ᠠ᠃ ᠬᠤᠲᠠ ᠪᠠᠯᠭᠠᠰᠤ ᠶᠢᠨ | ᠵᠠᠯᠠᠭᠤᠴᠤᠳ ︵ᠭᠤᠣᠯᠳᠠᠭᠤ ᠦᠷᠭᠦᠯᠵᠢᠯᠡᠨ ᠰᠤᠷᠭᠠᠭᠤᠯᠢ ᠳᠡᠪᠰᠢᠭᠰᠡᠨ ᠦᠭᠡᠶ ᠠᠩᠬ᠎ᠠ ᠵᠡᠷᠭᠡ ᠶᠢᠨ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ | ᠲᠡᠭᠦᠰᠦᠭᠰᠡᠳ᠂ ᠬᠤᠲᠠ ᠪᠠᠯᠭᠠᠰᠤ ᠶᠢᠨ ᠠᠵᠢᠯ ᠠᠯᠳᠠᠭᠰᠠᠨ ᠵᠠᠯᠠᠭᠤᠴᠤᠳ ᠵᠡᠷᠭᠡ ᠪᠠᠭᠲᠠᠨ᠎ᠠ︶ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠣᠯᠭᠤᠬᠤ ᠶᠢ | ᠳᠡᠮᠵᠢᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ ᠠᠵᠢᠯ ᠣᠯᠭᠤᠬᠤ ᠳᠠᠳᠤᠯᠭ᠎ᠠ ᠶᠢᠨ ᠠᠵᠢᠯ ᠤᠨ ᠪᠠᠶᠢᠷᠢ ᠶᠢ ᠲᠥᠪᠯᠡᠷᠡᠭᠦᠯᠦᠨ ᠴᠤᠭᠯᠠᠭᠤᠯᠵᠤ᠂ ᠠᠵᠢᠯ ᠣᠯᠭᠤᠬᠤ | ᠳᠠᠳᠤᠯᠭ᠎ᠠ ᠶᠢᠨ ᠨᠥᠬᠦᠪᠥᠷᠢ ᠶᠢᠨ ᠪᠡᠯᠡ ᠮᠥᠩᠭᠦ ᠶᠢ ᠢᠵᠢ ᠪᠦᠷᠢᠳᠦᠭᠦᠯᠦᠨ᠂ ᠰᠤᠷᠭᠠᠭᠤᠯᠢ ᠠᠴᠠ ᠪᠠᠨ ᠰᠠᠯᠤᠭᠠᠳ 2 ᠵᠢᠯ ᠤᠨ ᠳᠣᠲᠣᠷ᠎ᠠ ᠠᠵᠢᠯ ᠣᠯᠤᠭᠠᠳᠤᠶ | ᠳᠡᠭᠡᠳᠦ ᠵᠡᠷᠭᠡ ᠶᠢᠨ ᠰᠤᠷᠭᠠᠭᠤᠯᠢ ᠲᠡᠭᠦᠰᠦᠭᠰᠡᠳ ᠪᠣᠯᠤᠨ 16 —24 ᠨᠠᠰᠤᠨ ᠤ ᠠᠵᠢᠯ ᠠᠯᠳᠠᠭᠰᠠᠨ ᠵᠠᠯᠠᠭᠤᠴᠤᠳ ᠢ ᠢᠳᠡᠪᠬᠢᠲᠡᠶ ᠪᠠᠷ ᠬᠥᠲᠥᠯᠥᠨ | ᠵᠢᠯᠣᠭᠤᠳᠴᠤ ᠪᠠᠶᠢᠭᠠᠳ ᠠᠵᠢᠯ ᠣᠯᠭᠤᠬᠤ ᠳᠠᠳᠤᠯᠭ᠎ᠠ ᠳᠤ ᠣᠷᠣᠯᠴᠠᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠰᠢᠭᠤᠨ ᠤ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ᠂ ᠬᠤᠰᠢᠭᠤᠨ ᠡᠳ᠋ ᠤᠨ ᠵᠠᠰᠠᠭ | ᠤᠨ ᠲᠣᠪᠴᠢᠶ᠎ᠠ᠂ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶᠃ | ( ᠵᠢᠷᠭᠤᠭ᠎ᠠ ) ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠶᠢ ᠲᠦᠯᠬᠢᠨ ᠠᠬᠢᠭᠤᠯᠬᠤ ᠬᠡᠷᠡᠭᠲᠡᠶ᠃ ᠪᠥᠬᠦ ᠣᠷᠣᠨ ᠤ | ︽ᠮᠢᠩᠭ᠎ᠠ ᠲᠦᠮᠡ ᠶᠢᠨ ᠢᠨᠵᠧᠨᠧᠷᠢᠩ︾ ᠤᠨ ᠵᠢᠱᠢᠶ᠎ᠡ ᠦᠵᠡᠭᠦᠯᠬᠦ ᠬᠤᠰᠢᠭᠤ ᠶᠢ ᠴᠣᠭᠴᠠᠯᠠᠬᠤ ᠲᠠᠢ ᠤᠶᠠᠯᠳᠤᠭᠤᠯᠤᠨ᠂ ᠠᠯᠠᠰᠢᠨ ᠦᠬᠡᠷ ᠲᠡᠵᠢᠭᠡᠨ ᠦᠷᠡᠵᠢᠭᠦᠯᠬᠦ᠂ | ᠸᠧᠨ ᠱᠠ ᠱᠦᠶ ᠸᠠᠨ ᠵᠡᠷᠭᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠶᠯᠡᠰ ᠤᠨ ᠲᠥᠷᠥᠯ ᠵᠦᠶᠯ ᠳᠤ ᠲᠦᠰᠢᠭᠯᠡᠨ᠂ ᠠᠵᠢᠯ ᠣᠯᠭᠤᠬᠤ ᠪᠠᠷ | ᠲᠡᠳᠬᠦᠮᠵᠢ ᠶᠢ ᠣᠷᠣᠯᠠᠭᠤᠯᠬᠤ ᠠᠷᠭ᠎ᠠ ᠮᠠᠶ᠋ᠢᠭ ᠢ ᠢᠳᠡᠪᠬᠢᠲᠡᠶ ᠳᠡᠯᠭᠡᠷᠡᠭᠦᠯᠵᠦ᠂ ᠮᠠᠯᠴᠢᠨ ᠲᠠᠷᠢᠶᠠᠴᠢᠨ ᠤ ᠣᠶᠢᠷ᠎ᠠ ᠬᠠᠪᠢ ᠳᠠᠭᠠᠨ ᠠᠵᠢᠯ ᠤᠯᠬᠤ ᠠᠷᠭ᠎ᠠ ᠵᠠᠮ ᠢ | ᠥᠷᠭᠡᠳᠬᠡᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠦᠨᠳᠦᠰᠦᠨ ᠵᠦᠶᠯ ᠢ ᠪᠠᠲᠤᠯᠠᠬᠤ ᠦᠶᠯᠡᠳᠦᠯ ᠢ ᠰᠠᠶᠢᠲᠤᠷ ᠪᠠᠳᠠᠷᠠᠭᠤᠯᠵᠤ᠂ | ᠮᠠᠯᠴᠢᠨ ᠲᠠᠷᠢᠶᠠᠴᠢᠨ ᠤ ᠬᠡᠷ ᠪᠦᠯᠢ ᠳᠤ ᠨᠠᠭᠠᠳᠤ ᠵᠠᠬ᠎ᠠ ᠳᠠᠭᠠᠨ ᠨᠢᠭᠡ ᠬᠥᠮᠦᠨ ᠨᠢ ᠲᠣᠭᠲᠠᠪᠤᠷᠢᠲᠠᠶ ᠠᠵᠢᠯ ᠤᠯᠬᠤ ᠶᠢ ᠦᠨᠡᠨ ᠬᠦ ᠪᠠᠲᠤᠯᠠᠨ᠎ᠠ᠃ ᠴᠢᠬᠤᠯᠠ ᠶᠡᠭᠡ | ᠪᠡᠯᠡ ᠣᠷᠣᠭᠤᠯᠤᠯᠲᠠ ᠶᠢᠨ ᠵᠦᠢᠯᠡᠰ᠂ ᠡᠯ᠎ᠡ ᠲᠦᠷᠦᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠲᠤᠬᠠᠢ ᠶᠢᠨ ᠭᠠᠵᠠᠷ ᠤᠨ ᠬᠥᠳᠡᠭᠡ | ᠲᠣᠰᠬᠤᠨ ᠤ ᠨᠡᠩ ᠤᠯᠠᠨ ᠬᠥᠳᠡᠯᠮᠦᠷᠢ ᠶᠢᠨ ᠬᠦᠴᠦᠨ ᠢ ᠢᠳᠡᠪᠬᠢᠲᠡᠢ ᠪᠠᠷ ᠣᠷᠣᠯᠴᠠᠭᠤᠯᠤᠨ᠎ᠠ᠃ ᠨᠡᠶᠢᠭᠡᠮ ᠲᠣᠭᠤᠷᠢᠭ ᠤᠨ ᠠᠵᠤ ᠠᠬᠤᠶ᠂ ᠬᠤᠷᠤᠭᠤᠨ ᠦᠵᠦᠭᠦᠷ | ᠤᠨ ᠠᠵᠤ ᠦᠶᠯᠡᠰ ᠢ ᠪᠣᠶᠢᠵᠢᠭᠤᠯᠵᠤ᠂ ᠮᠢ ᠳ᠋ᠦᠸᠧ ᠳ᠋ᠦᠸᠧ ᠠᠵᠢᠯ ᠣᠯᠭᠤᠯᠲᠠ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ᠂ ᠠᠨᠤ ᠶᠢᠨ ᠰᠦ ᠲᠠᠢ | ᠴᠠᠶ ᠬᠠᠭᠤᠷᠤᠭᠰᠠᠨ ᠠᠮᠤ ᠶᠢᠨ ᠦᠶᠯᠡᠳᠪᠦᠷᠢ ᠶᠢᠨ ᠲᠠᠰᠤᠭ ᠵᠡᠷᠭᠡ ᠠᠴᠢᠶᠠᠯᠠᠪᠤᠷᠢ ᠳᠤ ᠲᠦᠰᠢᠭᠯᠡᠨ᠂ ᠠᠵᠢᠯ ᠲᠠᠢ ᠬᠥᠮᠦᠨ ᠥᠬᠡᠶ ᠬᠡᠷ ᠪᠦᠯᠢ ᠳᠤ ᠬᠥᠳᠡᠯᠦᠩᠭᠦᠶ ᠪᠠᠷ | ᠠᠵᠢᠯ ᠣᠯᠭᠤᠬᠤ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ 1 . 5 ᠲᠦᠮᠡᠨ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠶᠢ | ᠪᠡᠶᠡᠯᠡᠭᠦᠯᠪᠡ᠃ ︵ᠲᠦᠷᠦᠭᠦᠯᠡᠨ ᠬᠢᠬᠦ ᠨᠢᠭᠡᠴᠡ᠄ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠠᠮᠵᠢᠯᠴᠠᠬᠤ | ᠨᠢᠭᠡᠴᠡ᠄ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠠᠵᠢᠯ | ᠣᠯᠭᠤᠯᠲᠠ ᠪᠠ ᠨᠡᠶᠢᠭᠡᠮ ᠤᠨ ᠳᠠᠭᠠᠳᠬᠠᠯ ᠤᠨ ᠦᠶᠯᠡᠰ ᠤᠨ ᠲᠥᠪ᠂ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠶ | ᠲᠥᠯᠥᠪᠵᠢᠭᠦᠯᠦᠨ ᠬᠥᠭᠵᠢᠭᠦᠯᠬᠦ ᠲᠥᠪ︶᠃ | ( ᠳᠣᠯᠤᠭ᠎ᠠ ) ᠴᠡᠷᠢᠭ ᠠᠴᠠ ᠬᠠᠯᠠᠭᠳᠠᠭᠰᠠᠳ ᠲᠤ ᠠᠵᠢᠯ ᠣᠯᠭᠤᠬᠤ ᠪᠠᠲᠤᠯᠠᠭ᠎ᠠ ᠶᠢ ᠴᠢᠩᠭᠠᠳᠬᠠᠨ᠎ᠠ᠃ ᠴᠡᠷᠢᠭ ᠤᠨ ᠠᠯᠪᠠᠨ ᠠᠴᠠ ᠪᠠᠭᠤᠭᠰᠠᠳ ᠢ | ᠲᠣᠭᠲᠠᠭᠠᠯ ᠶᠣᠰᠣᠭᠠᠷ ᠣᠳᠣ ᠶᠢᠨ ᠪᠠᠶᠢᠭ᠎ᠠ ᠠᠵᠢᠯ ᠣᠯᠭᠤᠬᠤ ᠦᠢᠯᠡᠴᠢᠯᠡᠭᠡᠨ᠂ ᠬᠥᠮᠦᠵᠢᠯ ᠪᠣᠯᠪᠠᠰᠤᠷᠠᠭᠤᠯᠤᠯ ᠵᠡᠷᠭᠡ ᠲᠥᠷᠥ ᠶᠢᠨ ᠪᠣᠳᠣᠯᠭ᠎ᠠ ᠶᠢᠨ ᠬᠠᠮᠤᠷᠬᠤ | ᠬᠡᠪᠴᠢᠶᠡᠨ ᠳᠤ ᠣᠷᠣᠭᠤᠯᠤᠨ᠎ᠠ᠃ ᠡᠯ᠎ᠡ ᠲᠠᠯ᠎ᠠ ᠶᠢᠨ ᠡᠬᠢ ᠪᠠᠶᠠᠯᠢᠭ ᠢ ᠵᠣᠬᠢᠴᠠᠭᠤᠯᠵᠤ᠂ ᠠᠵᠢᠯ ᠲᠦᠷᠦᠯ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠨ | ᠂ ᠠᠵᠢᠯ ᠣᠯᠭᠤᠯᠲᠠ ᠶᠢᠨ ᠬᠠᠩᠭᠠᠯᠭ᠎ᠠ ᠶᠢᠨ ᠬᠦᠷᠢᠶ᠎ᠡ ᠶᠢ ᠥᠷᠭᠡᠳᠬᠡᠵᠦ᠂ ᠴᠡᠷᠢᠭ ᠤᠨ ᠠᠯᠪᠠᠨ ᠠᠴᠠ ᠪᠠᠭᠤᠭᠰᠠᠳ ᠲᠤ ᠲᠤᠬᠢᠷᠠᠬᠤ ᠨᠡᠩ ᠤᠯᠠᠨ ᠠᠵᠢᠯ ᠤᠨ | ᠪᠠᠶᠢᠷᠢ ᠶᠢ ᠠᠭᠤᠳᠠᠯᠵᠤ᠂ ᠴᠡᠷᠢᠭ ᠤᠨ ᠠᠯᠪᠠᠨ ᠠᠴᠠ ᠪᠠᠭᠤᠭᠰᠠᠳ ᠤᠨ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ᠣᠴᠢᠵᠤ ᠠᠵᠢᠯ ᠤᠯᠬᠤ ᠶᠢ | ᠠᠬᠢᠭᠤᠯᠤᠨ᠎ᠠ᠃ ︽ᠴᠡᠷᠢᠭ ᠤᠨ ᠡᠭᠦᠷ ᠤᠨ ᠱᠦᠵᠢ︾ ᠶᠢ ᠬᠠᠮᠵᠢᠯᠴᠠᠨ ᠬᠥᠮᠦᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠴᠡᠷᠢᠭ ᠠᠴᠠ ᠬᠠᠯᠠᠭᠳᠠᠭᠰᠠᠳ ᠤᠨ | ᠬᠥᠳᠡᠭᠡ ᠲᠣᠰᠬᠤᠨ ᠳᠤ ᠠᠵᠢᠯ ᠤᠯᠬᠤ ᠶᠢ ᠠᠬᠢᠭᠤᠯᠤᠨ᠎ᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠭᠤᠯᠲᠠ ᠶᠢᠨ ᠦᠨᠡᠨ ᠨᠡᠷ᠎ᠡ ᠶᠢᠨ ᠡᠬᠡ | ᠲᠠᠩᠰᠠ ᠶᠢ ᠪᠠᠶᠢᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠶᠯᠡᠴᠢᠯᠡᠭᠡᠨ ᠤ ᠲᠥᠪ ( ᠥᠷᠲᠡᠭᠡ ) ᠤᠨ ᠠᠵᠢᠯ ᠣᠯᠭᠤᠯᠲᠠ ᠶᠢᠨ ᠦᠶᠯᠡᠴᠢᠯᠡᠭᠡᠨ ᠤ | ᠴᠢᠳᠠᠮᠵᠢ ᠶᠢ ᠴᠢᠩᠭᠠᠷᠠᠭᠤᠯᠤᠨ᠂ ᠬᠠᠨᠳᠤᠯᠭᠠᠲᠤ ᠴᠢᠨᠠᠷᠲᠠᠶ ᠦᠶᠯᠡᠴᠢᠯᠡᠭᠡ ᠶᠢ ᠴᠠᠭ ᠲᠤᠬᠠᠶ ᠳᠤᠨᠢ ᠬᠠᠩᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠶᠢ ᠠᠬᠢᠭᠤᠯᠤᠨ᠎ᠠ᠃ ︵ᠲᠦᠷᠦᠭᠦᠯᠡᠬᠦ ᠨᠢᠭᠡᠴᠡ᠄ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ | ᠤᠨ ᠶᠠᠪᠤᠳᠠᠯ ᠤᠨ ᠲᠣᠪᠴᠢᠶ᠎ᠠ᠂ ᠬᠠᠮᠵᠢᠯᠴᠠᠬᠤ ᠨᠢᠭᠡᠴᠡ᠄ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤᠨ ᠤ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶ | ︵ᠨᠠᠶᠮᠠ︶ ᠪᠤᠰᠤᠳ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠨᠢᠭᠡᠳᠦᠯᠲᠡᠶ ᠲᠥᠯᠥᠪᠯᠡᠨ᠎ᠡ᠃ ᠬᠦᠴᠢᠷᠳᠡᠯᠲᠡᠶ ᠬᠥᠮᠦᠰ ᠤᠨ ᠦᠨᠡᠨ ᠨᠡᠷ᠎ᠡ | ᠶᠢᠨ ᠲᠦᠷᠢᠮ ᠤᠨ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠣᠯᠭᠤᠯᠲᠠ ᠠᠵᠢᠯ ᠠᠯᠳᠠᠯᠲᠠ ᠶᠢᠨ ᠳᠡᠩᠰᠡᠯᠡᠨ ᠬᠠᠮᠢᠶᠠᠷᠬᠤ ᠰᠢᠰᠲ᠋ᠧᠮ ᠤᠨ ᠳ᠋ᠠᠶᠢᠲ᠋ᠠ | ᠬᠥᠮᠥᠷᠭᠡ ᠶᠢ ᠴᠠᠭ ᠲᠤᠬᠠᠶ ᠳᠤᠨᠢ ᠲᠡᠭᠦᠯᠳᠡᠷᠵᠢᠭᠦᠯᠦᠨ᠂ ᠬᠦᠴᠢᠷᠳᠡᠯᠲᠡᠶ ᠬᠥᠮᠦᠰ ᠢ ᠲᠤᠶᠢᠯ ᠤᠨ ᠣᠨᠣᠪᠴᠢᠲᠠᠶ ᠪᠠᠷ ᠢᠯᠭᠠᠨ ᠲᠠᠨᠢᠵᠤ᠂ ᠡᠬᠢ ᠪᠠᠶᠠᠯᠢᠭ ᠢ | ᠲᠥᠪᠯᠡᠷᠡᠭᠦᠯᠦᠨ ᠲᠤᠶᠢᠯ ᠤᠨ ᠣᠨᠣᠪᠴᠢᠲᠠᠶ ᠪᠠᠷ ᠠᠵᠢᠯ ᠣᠯᠭᠤᠵᠤ ᠬᠠᠪᠰᠤᠷᠤᠨ ᠲᠡᠳᠬᠦᠬᠦ ᠶᠢ ᠥᠷᠨᠢᠭᠦᠯᠦᠨ᠎ᠡ᠃ ᠣᠬᠤᠷ ᠬᠤᠭᠤᠴᠠᠭᠠᠨ ᠤ ᠴᠢᠨᠠᠷᠲᠠᠶ᠂ ᠲᠦᠷ | ᠴᠠᠭ ᠤᠨ ᠴᠢᠨᠠᠷᠲᠠᠶ ᠬᠤᠲᠠ ᠪᠠᠯᠭᠠᠰᠤ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠢᠳᠡᠪᠬᠢᠲᠡᠶ ᠪᠠᠷ ᠨᠡᠭᠡᠭᠡᠨ ᠬᠥᠭᠵᠢᠭᠦᠯᠵᠦ᠂ ᠪᠠᠯᠠ | ᠮᠥᠩᠭᠦ ᠶᠢᠨ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠢᠯ ᠤᠯᠬᠤ ᠳᠤ ᠬᠦᠴᠢᠷᠲᠡᠶ ᠬᠥᠮᠦᠰ ᠢ ᠵᠦᠶ ᠵᠣᠬᠢᠰᠲᠠᠶ ᠲᠥᠪᠬᠢᠨᠡᠭᠦᠯᠦᠨ᠎ᠡ᠃ ᠬᠤᠰᠢᠭᠤ | ᠱᠠᠲᠤᠨ ᠤ ᠡᠳ᠋ ᠤᠨ ᠵᠠᠰᠠᠭ ᠢᠶᠠᠷ ᠭᠤᠤᠯ ᠪᠣᠯᠭᠠᠵᠤ᠂ ᠬᠤᠲᠠ ᠶᠢᠨ ᠱᠠᠲᠤᠨ ᠤ ᠱᠠᠩᠨᠠᠵᠤ ᠨᠥᠬᠦᠪᠥᠷᠢᠯᠡᠬᠦ ᠪᠠᠷ ᠬᠠᠪᠰᠤᠷᠤᠮᠵᠢ ᠪᠣᠯᠭᠠᠨ᠂ ᠨᠢᠭᠡ ᠪᠦᠯᠦᠭ ᠭᠤᠤᠯ | ᠮᠥᠷᠡᠨ ᠨᠠᠭᠤᠷ ᠴᠥᠭᠦᠷᠥᠮ ᠤᠨ ᠴᠠᠭᠳᠠᠨ ᠪᠠᠶᠢᠴᠠᠭᠠᠭᠴᠢ᠂ ᠣᠶ ᠰᠢᠭᠤᠶ ᠶᠢᠨ ᠲᠦᠶᠮᠡᠷ ᠰᠡᠷᠭᠡᠶᠢᠯᠡᠭᠴᠢ᠂ ᠠᠮᠤᠷ ᠢ ᠬᠠᠮᠠᠭᠠᠯᠠᠬᠤ ᠲᠤᠰᠠᠯᠠᠭᠴᠢ᠂ ᠵᠠᠰᠠᠮᠠᠯ ᠵᠠᠮ ᠤᠨ | ᠬᠠᠮᠢᠶᠠᠷᠤᠨ ᠬᠠᠮᠠᠭᠠᠯᠠᠭᠴᠢ ᠵᠡᠷᠭᠡ ᠦᠶᠯᠡᠴᠢᠯᠡᠭᠡᠨ ᠤ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ ᠲᠣᠬᠢᠷᠠᠭᠤᠯᠤᠨ᠂ ᠬᠦᠴᠢᠷᠳᠡᠯᠲᠡᠶ ᠬᠥᠮᠦᠰ ᠲᠤ ᠠᠵᠢᠯ | ᠣᠯᠭᠤᠬᠤ ᠶᠢ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠠᠵᠢᠯ ᠠᠯᠳᠠᠭᠰᠠᠨ 350 ᠬᠥᠮᠦᠨ ᠳᠤ ᠳᠠᠬᠢᠨ ᠠᠵᠢᠯ ᠣᠯᠭᠤᠵᠤ᠂ ᠠᠵᠢᠯ ᠣᠯᠬᠤ ᠳᠤ ᠬᠦᠴᠢᠷᠲᠡᠢ | 150 ᠬᠥᠮᠦᠨ ᠳᠤ ᠳᠠᠬᠢᠨ ᠠᠵᠢᠯ ᠣᠯᠭᠤᠪᠠ᠃ ︵ᠲᠦᠷᠦᠭᠦᠯᠡᠬᠦ ᠨᠢᠭᠡᠴᠡ᠄ ᠬᠤᠰᠢᠭᠤᠨ ᠤ ᠠᠵᠢᠯ ᠣᠯᠭᠤᠯᠲᠠ ᠪᠠ ᠨᠡᠶᠢᠭᠡᠮ ᠤᠨ ᠳᠠᠭᠠᠳᠬᠠᠯ ᠤᠨ ᠦᠶᠯᠡᠰ ᠤᠨ | ᠲᠥᠪ᠂ ᠬᠠᠮᠵᠢᠯᠴᠠᠬᠤ ᠨᠢᠭᠡᠴᠡ᠄ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠰᠢᠭᠤᠨ ᠣᠶ | ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ᠂ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶᠃ | ︵ᠶᠢᠰᠦ︶ ᠠᠳᠠᠯ ᠦᠶᠯᠡᠰ ᠴᠣᠭᠴᠠᠯᠠᠬᠤ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ᠃ ᠠᠳᠠᠯ ᠦᠢᠯᠡᠰ ᠴᠣᠭᠴᠠᠯᠠᠬᠤ ᠥᠪᠡᠷ ᠤᠨ | ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠵᠤ᠂ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠤᠨ᠂ ᠠᠳᠠᠯ | ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠤᠬᠠᠭᠤᠯᠵᠤ᠂ 1500 ᠲᠦᠮᠡᠨ ᠲᠥᠭᠦᠷᠢᠭ ᠤᠨ ᠵᠢᠭᠡᠯᠡᠯᠭᠡ | ᠶᠢᠨ ᠪᠡᠯᠡ ᠮᠥᠩᠭᠦ ᠶᠢᠨ ᠳᠡᠮᠵᠢᠯᠭᠡ ᠬᠠᠩᠭᠠᠨ᠂ ᠨᠥᠬᠦᠴᠡᠯ ᠳᠤ ᠨᠡᠶᠢᠴᠡᠬᠦ ᠠᠳᠠᠯ ᠦᠢᠯᠡᠰ ᠴᠣᠭᠴᠠᠯᠠᠭᠴᠢ ᠳᠤ 30 ᠲᠦᠮᠡᠨ ᠲᠥᠭᠦᠷᠢᠭ ᠤᠨ ᠳᠣᠲᠣᠷᠠᠬᠢ ᠪᠦᠬᠦ | ᠲᠣᠭᠠᠨ ᠤ ᠳᠠᠮ ᠬᠦᠦ ᠲᠠᠢ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠲᠡᠳᠬᠦᠮᠵᠢ ᠬᠠᠩᠭᠠᠵᠤ᠂ ᠠᠳᠠᠯ ᠦᠢᠯᠡᠰ ᠴᠣᠭᠴᠠᠯᠠᠭᠴᠢ ᠶᠢᠨ ᠪᠡᠯᠡ | ᠮᠥᠩᠭᠦ ᠪᠠᠨ ᠡᠬᠢᠯᠡᠭᠦᠯᠬᠦ ᠳᠤ ᠬᠦᠴᠢᠷᠲᠡᠶ ᠪᠠᠶᠢᠭ᠎ᠠ ᠠᠰᠠᠭᠤᠳᠠᠯ ᠢ ᠰᠢᠶᠳᠪᠦᠷᠢᠯᠡᠨ᠎ᠡ︔ ᠮᠠᠨ ᠤ ᠬᠤᠰᠢᠭᠤᠨ ᠤ ᠬᠢᠯᠢ ᠳᠣᠲᠣᠷ᠎ᠠ ᠠᠩᠬ᠎ᠠ ᠤᠳᠠᠭ᠎ᠠ ᠵᠢᠵᠢᠭ ᠪᠢᠴᠢᠯ | ᠠᠵᠤ ᠠᠬᠤᠶᠢᠯᠠᠯ ᠡᠷᠬᠢᠯᠡᠬᠦ ᠪᠤᠶᠤ ᠬᠤᠪᠢ ᠶᠢᠨ ᠡᠵᠡᠩᠨᠡᠯᠲᠡ ᠬᠢᠵᠦ ᠪᠠᠶᠢᠨ᠎ᠠ᠂ ᠲᠡᠷᠡ ᠮᠥᠷᠲᠡᠭᠡᠨ ᠪᠠᠶᠢᠭᠤᠯᠤᠭᠰᠠᠨ ᠠᠵᠤ ᠠᠬᠤᠶᠢᠯᠠᠯ ᠪᠤᠶᠤ ᠬᠤᠪᠢ ᠶᠢᠨ | ᠦᠶᠯᠡᠳᠪᠦᠷᠢ ᠬᠤᠳᠠᠯᠳᠤᠭᠠᠨ ᠤ ᠡᠷᠦᠬᠡ ᠨᠢ ᠦᠶᠯᠡᠳᠪᠦᠷᠢ ᠬᠤᠳᠠᠯᠳᠤᠭᠠᠨ ᠤ ᠳᠠᠩᠰᠠᠯᠠᠭᠤᠯᠤᠯᠲᠠ ᠬᠢᠭᠰᠡᠨ ᠡᠳᠦᠷ ᠠᠴᠠ ᠡᠬᠢᠯᠡᠨ ᠬᠡᠪ ᠤᠨ ᠶᠣᠰᠣᠭᠠᠷ 1 ᠵᠢᠯ | ᠠᠴᠠ ᠳᠡᠭᠡᠭᠰᠢ ᠠᠵᠢᠯᠯᠠᠭᠤᠯᠤᠨ ᠰᠤᠷᠭᠠᠭᠤᠯᠢ ᠠᠴᠠ ᠰᠠᠯᠤᠭᠠᠳ 2 ᠵᠢᠯ ᠤᠨ ᠳᠣᠲᠣᠷ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠪᠠᠭᠲᠠᠭᠠᠨ᠎ᠠ᠂ ᠠᠵᠢᠯ | ᠤᠯᠬᠤ ᠳᠤ ᠬᠦᠴᠢᠷᠲᠡᠶ ᠬᠥᠮᠦᠰ᠂ ᠶᠠᠳᠠᠭᠤ ᠠᠴᠠ ᠠᠩᠭᠢᠵᠢᠷᠠᠭᠰᠠᠨ ᠬᠥᠮᠦᠰ ︵ᠤᠤᠯ ᠤᠨ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ︶ | ᠂ ᠨᠤᠲᠤᠭ ᠲᠠᠭᠠᠨ ᠪᠤᠴᠠᠵᠤ ᠠᠳᠠᠯ ᠦᠶᠯᠡᠰ ᠴᠣᠭᠴᠠᠯᠠᠬᠤ ᠮᠠᠯᠴᠢᠨ ᠲᠠᠷᠢᠶᠠᠴᠢᠨ ᠬᠦᠴᠦ ᠶᠠᠪᠤᠭᠰᠠᠳ ︵ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ | ᠰᠢᠶᠠᠩ ᠪᠠᠯᠭᠠᠰᠤ ᠳᠠᠭᠠᠨ ᠪᠤᠴᠠᠨ᠎ᠠ︶ ᠵᠢᠴᠢ ᠨᠤᠲᠤᠭ ᠲᠠᠭᠠᠨ ᠪᠤᠴᠠᠭᠰᠠᠳ ︵ᠨᠢᠭᠡ ᠵᠦᠶᠯ ᠤᠨ ᠮᠡᠷᠭᠡᠵᠢᠯ ᠲᠠᠢ ᠪᠤᠶᠤ ᠬᠤᠰᠢᠭᠤᠷᠠᠯ ᠰᠢᠨᠵᠢᠯᠡᠬᠦ ᠤᠬᠠᠭᠠᠨ | ᠮᠡᠷᠭᠡᠵᠢᠯ ᠢ ᠡᠵᠡᠮᠰᠢᠭᠰᠡᠨ ᠨᠤᠲᠤᠭ ᠲᠠᠭᠠᠨ ᠣᠴᠢᠵᠤ ᠠᠳᠠᠯ ᠦᠶᠯᠡᠰ ᠴᠣᠭᠴᠠᠯᠠᠭᠰᠠᠨ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ | ᠰᠤᠷᠭᠠᠭᠤᠯᠢ ᠲᠡᠭᠦᠰᠦᠭᠰᠡᠳ ᠢ ᠵᠢᠭᠠᠵᠤ ᠪᠣᠶ᠂ ᠴᠡᠷᠢᠭ ᠠᠴᠠ ᠬᠠᠯᠠᠭᠳᠠᠭᠰᠠᠳ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠨᠤᠲᠤᠭ ᠲᠠᠭᠠᠨ ᠦᠯᠡᠳᠡᠭᠰᠡᠨ | ᠬᠥᠮᠦᠰ ︵ᠰᠢᠯᠵᠢᠭᠦᠯᠦᠨ ᠠᠵᠢᠯ ᠣᠯᠭᠤᠭᠰᠠᠨ ᠥᠬᠡᠶ ᠨᠤᠲᠤᠭ ᠲᠠᠭᠠᠨ ᠦᠯᠡᠳᠡᠭᠰᠡᠨ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠵᠢᠭᠠᠵᠤ ᠪᠣᠶ︶᠂ | 5000 ᠲᠥᠭᠦᠷᠢᠭ ᠤᠨ ᠠᠳᠠᠯ ᠦᠢᠯᠡᠰ ᠴᠣᠭᠴᠠᠯᠠᠬᠤ ᠨᠥᠬᠦᠪᠥᠷᠢ ᠣᠯᠭᠤᠨ᠎ᠠ᠃ ︵ᠲᠦᠷᠦᠭᠦᠯᠡᠬᠦ ᠨᠢᠭᠡᠴᠡ᠄ ᠬᠤᠰᠢᠭᠤᠨ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠡᠳ᠋ ᠤᠨ ᠵᠠᠰᠠᠭ ᠤᠨ | ᠲᠣᠪᠴᠢᠶ᠎ᠠ᠂ ᠬᠤᠰᠢᠭᠤᠨ ᠠᠵᠢᠯ ᠣᠯᠭᠤᠯᠲᠠ ᠪᠠ ᠨᠡᠶᠢᠭᠡᠮ ᠤᠨ ᠳᠠᠭᠠᠳᠬᠠᠯ ᠤᠨ ᠦᠶᠯᠡᠰ ᠤᠨ ᠲᠥᠪ︶᠃ | ( ᠠᠷᠪᠠ ) ᠬᠥᠳᠡᠯᠮᠦᠷᠢᠯᠡᠭᠴᠢᠳ ᠤᠨ ᠮᠡᠷᠭᠡᠵᠢᠯ ᠤᠨ ᠴᠢᠳᠠᠪᠤᠷᠢ ᠶᠢᠨ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠠᠵᠤ ᠦᠶᠯᠡᠰ ᠤᠨ ᠬᠥᠭᠵᠢᠯᠲᠡ ᠪᠠ | ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠲᠤᠰᠬᠠᠶ ᠵᠦᠶᠯ ᠤᠨ ᠪᠣᠯᠪᠠᠰᠤᠷᠠᠭᠤᠯᠤᠯ ᠢ ᠥᠷᠨᠢᠭᠦᠯᠵᠦ᠂ ᠪᠣᠯᠪᠠᠰᠤᠷᠠᠭᠤᠯᠤᠯ ᠤᠨ | ᠬᠡᠪᠴᠢᠶ᠎ᠡ ᠶᠢ ᠯᠠᠪᠳᠠᠭᠤᠨ ᠢᠶᠠᠷ ᠥᠷᠭᠡᠳᠬᠡᠨ᠂ ᠳᠠᠩᠰᠠᠯᠠᠭᠤᠯᠤᠭᠰᠠᠨ ᠠᠵᠢᠯ ᠠᠯᠳᠠᠭᠰᠠᠳ᠂ ᠴᠡᠷᠢᠭ ᠤᠨ ᠠᠯᠪᠠ ᠠᠴᠠ ᠪᠠᠭᠤᠭᠰᠠᠳ᠂ ᠬᠥᠳᠡᠭᠡ ᠲᠣᠰᠬᠤᠨ ᠤ | ᠰᠢᠯᠵᠢᠭᠦᠯᠦᠨ ᠠᠵᠢᠯ ᠣᠯᠭᠤᠬᠤ ᠬᠥᠳᠡᠯᠮᠦᠷᠢᠴᠢᠳ᠂ ᠠᠵᠢᠯ ᠤᠯᠬᠤ ᠳᠤ ᠬᠦᠴᠢᠷᠲᠡᠶ ᠬᠥᠮᠦᠰ ( ᠵᠡᠮᠳᠡᠭᠴᠦᠳ ᠪᠠᠭᠲᠠᠨ᠎ᠠ )᠂ ᠶᠠᠳᠠᠭᠤ ᠠᠴᠠ ᠠᠩᠭᠢᠵᠢᠷᠠᠭᠤᠯᠬᠤ | ᠬᠥᠳᠡᠯᠮᠦᠷᠢ ᠬᠦᠴᠦᠨ ᠵᠡᠷᠭᠡ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠭᠤᠤᠯᠳᠠᠯᠭ᠎ᠠ ᠲᠠᠢ ᠴᠢᠩᠭᠠᠳᠬᠠᠨ᠎ᠠ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ | ᠤ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠥᠷᠨᠢᠭᠦᠯᠬᠦ ᠶᠢ ᠳᠡᠮᠵᠢᠵᠦ᠂ ᠣᠷᠣᠨ ᠤ ᠳᠣᠲᠣᠷ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ ᠯᠤᠭ᠎ᠠ ᠵᠣᠯᠭᠠᠭᠤᠯᠵᠤ | ᠠᠵᠤ ᠦᠶᠯᠡᠰ ᠤᠨ ᠬᠡᠯᠬᠢᠶ᠎ᠡ ᠶᠢᠨ ︽ᠵᠠᠬᠢᠶᠠᠯᠠᠭ᠎ᠠ ᠶᠢᠨ ᠠᠩᠭᠢ︾ ︽ᠨᠡᠷᠡᠯᠡᠬᠦ ᠠᠩᠭᠢ︾ ᠥᠷᠨᠢᠭᠦᠯᠦᠨ᠎ᠡ᠃ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠭᠤᠯᠤᠯ᠂ | ᠪᠠᠴᠢᠮ ᠬᠡᠷᠡᠭᠰᠡᠬᠦ ᠳᠤᠲᠠᠭᠳᠠᠵᠤ ᠪᠠᠶᠢᠭ᠎ᠠ ᠴᠢᠳᠠᠪᠤᠷᠢᠲᠠᠨ ᠤ ᠪᠣᠯᠪᠠᠰᠤᠷᠠᠭᠤᠯᠤᠯ᠂ ᠠᠵᠢᠯ ᠤᠨ ᠪᠠᠶᠢᠷᠢ ᠰᠣᠯᠢᠵᠤ ᠠᠵᠢᠯ ᠰᠢᠯᠵᠢᠬᠦ ᠪᠣᠯᠪᠠᠰᠤᠷᠠᠭᠤᠯᠤᠯ ᠢ ᠳᠣᠪᠣᠶᠢᠯᠭᠠᠵᠤ᠂ | ᠨᠠᠰᠤᠵᠢᠯ᠂ ᠨᠠᠶᠢᠳᠠᠵᠤ ᠰᠠᠭᠠᠲᠠᠭᠤᠯᠤᠨ ᠬᠥᠮᠦᠵᠢᠭᠦᠯᠬᠦ᠂ ᠬᠡᠷ ᠤᠨ ᠶᠠᠪᠤᠳᠠᠯ ᠵᠡᠷᠭᠡ ᠠᠮᠢᠳᠤᠷᠠᠯ ᠤᠨ ᠦᠶᠯᠡᠴᠢᠯᠡᠭᠡᠨ ᠤ ᠦᠶᠯᠡᠰ ᠤᠨ ᠠᠵᠢᠯ ᠡᠷᠭᠢᠯᠡᠭᠰᠡᠳ ᠤᠨ | ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠢᠳᠡᠪᠬᠢᠲᠡᠶ ᠬᠥᠭᠵᠢᠭᠦᠯᠵᠦ᠂ ᠰᠢᠨ᠎ᠡ ᠡᠵᠡᠩᠨᠡᠯᠲᠡ ᠶᠢᠨ ᠪᠠᠶᠢᠳᠠᠯ ᠰᠢᠨ᠎ᠡ ᠬᠤᠳᠠᠯᠳᠤᠭᠠᠨ ᠤ ᠵᠠᠭᠪᠤᠷ ᠤᠨ ᠠᠵᠢᠯ | ᠡᠷᠭᠢᠯᠡᠭᠰᠡᠳ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠭᠡᠨ ᠢᠶᠠᠷ ᠥᠷᠨᠢᠭᠦᠯᠦᠨ᠂ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠬᠢᠭᠡᠳ | ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠵᠣᠬᠢᠴᠠᠯᠳᠤᠬᠤ ᠬᠡᠮᠵᠢᠶ᠎ᠡ ᠶᠢ ᠴᠢᠩᠭᠠᠷᠠᠭᠤᠯᠤᠨ᠎ᠠ᠃ ︵ᠲᠦᠷᠦᠭᠦᠯᠡᠬᠦ ᠨᠢᠭᠡᠴᠡ᠄ ᠬᠤᠰᠢᠭᠤᠨ ᠤ ᠠᠵᠢᠯ | ᠣᠯᠭᠤᠯᠲᠠ ᠪᠠ ᠨᠡᠶᠢᠭᠡᠮ ᠤᠨ ᠳᠠᠭᠠᠳᠬᠠᠯ ᠤᠨ ᠦᠶᠯᠡᠰ ᠤᠨ ᠲᠥᠪ᠂ ᠬᠠᠮᠵᠢᠯᠴᠠᠬᠤ ᠨᠢᠭᠡᠴᠡ᠄ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ᠂ ᠬᠤᠰᠢᠭᠤᠨ | ᠵᠡᠮᠳᠡᠭᠴᠦᠳ ᠤᠨ ᠬᠤᠯᠪᠣᠭ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ᠂ ᠬᠤᠰᠢᠭᠤᠨ ᠤ | ᠠᠷᠠᠳ ᠤᠨ ᠶᠠᠪᠤᠳᠠᠯ ᠤᠨ ᠲᠣᠪᠴᠢᠶ᠎ᠠ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠰᠢᠭᠤᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠬᠤᠰᠢᠭᠤᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠬᠥᠭᠵᠢᠯᠲᠡ ᠶᠢᠨ ᠲᠥᠪ᠂ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶᠃ | ︵ᠠᠷᠪᠠᠨ ᠨᠢᠭᠡ︶ ᠬᠥᠳᠡᠯᠮᠦᠷᠢᠯᠡᠭᠴᠢᠳ ᠤᠨ ᠡᠷᠬᠡ ᠠᠰᠢᠭ ᠢ ᠪᠠᠲᠤᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠥᠳᠡᠯᠮᠦᠷᠢᠴᠢᠳ ᠤᠨ ᠨᠡᠶᠢᠭᠡᠮ ᠤᠨ | ᠪᠠᠲᠤᠯᠠᠭ᠎ᠠ ᠶᠢ ᠨᠡᠮᠡᠭᠳᠡᠭᠦᠯᠦᠨ᠎ᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠦᠷᠭᠦᠯᠵᠢᠯᠡᠨ ᠠᠬᠢᠭᠤᠯᠵᠤ᠂ ᠬᠤᠲᠠ ᠪᠠᠯᠭᠠᠰᠤᠨ ᠤ | ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠡᠷᠴᠢᠮ ᠢᠶᠠᠨ ᠴᠢᠩᠭᠠᠷᠠᠭᠤᠯᠵᠤ᠂ ᠠᠵᠢᠯ ᠠᠯᠳᠠᠯᠲᠠ ᠶᠢᠨ | ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠠᠮᠢᠳᠤᠯᠢᠭ ᠢᠶᠠᠷ ᠠᠵᠢᠯ ᠣᠯᠤᠭᠰᠠᠳ ᠵᠡᠷᠭᠡ ᠠᠵᠢᠯ ᠮᠡᠷᠭᠡᠵᠢᠯ ᠤᠨ ᠬᠥᠳᠡᠯᠮᠦᠷᠢᠴᠢᠨ ᠳᠤ | ᠥᠷᠭᠡᠨ ᠢᠶᠠᠷ ᠪᠦᠷᠬᠦᠭᠦᠯᠬᠦ ᠶᠢ ᠠᠬᠢᠭᠤᠯᠤᠨ᠎ᠠ᠃ ᠬᠥᠳᠡᠯᠮᠦᠷᠢ ᠶᠢᠨ ᠡᠷᠬᠡ ᠠᠰᠢᠭ ᠤᠨ ᠪᠠᠲᠤᠯᠠᠭ᠎ᠠ ᠶᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ ᠬᠥᠳᠡᠯᠮᠦᠷᠢ ᠶᠢᠨ | ᠭᠡᠷ᠎ᠡ ᠶᠢᠨ ᠲᠦᠷᠢᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠠᠮᠢᠳᠤᠯᠢᠭ ᠢᠶᠠᠷ ᠠᠵᠢᠯ ᠤᠯᠬᠤ᠂ ᠠᠵᠢᠯ ᠤᠯᠬᠤ ᠰᠢᠨ᠎ᠡ ᠬᠡᠯᠪᠡᠷᠢ ᠶᠢᠨ ᠬᠥᠮᠦᠰ ᠲᠠᠢ ᠤᠷᠳᠤ | ᠬᠤᠭᠤᠴᠠᠭᠠᠨ ᠤ ᠪᠤᠶᠤ ᠲᠣᠭᠲᠠᠮᠠᠯ ᠬᠤᠭᠤᠴᠠᠭ᠎ᠠ ᠦᠭᠡᠢ ᠬᠥᠳᠡᠯᠮᠦᠷᠢ ᠶᠢᠨ ᠭᠡᠷ᠎ᠡ ᠲᠣᠭᠲᠠᠭᠠᠬᠤ ᠶᠢ ᠵᠣᠷᠢᠭᠵᠢᠭᠤᠯᠤᠨ᠎ᠠ᠃ ︽ᠮᠠᠯᠴᠢᠨ ᠲᠠᠷᠢᠶᠠᠴᠢᠨ ᠬᠦᠴᠦ | ᠶᠠᠪᠤᠭᠰᠠᠳ ᠤᠨ ᠴᠠᠯᠢᠩ ᠢ ᠥᠷᠢᠲᠦᠬᠦ ᠶᠢ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ︾ ᠢ ᠨᠡᠶᠢᠲᠡᠯᠡᠵᠦ᠂ ᠴᠠᠯᠢᠩ ᠥᠷᠢᠲᠦᠬᠦ ᠶᠢ ᠵᠠᠰᠠᠬᠤ ᠤᠷᠲᠤ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠦᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠬᠦ ᠶᠢ ᠦᠨᠳᠦᠰᠦᠨ ᠠᠴᠠ | ᠨᠢ ᠵᠠᠰᠠᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ ︵ᠲᠦᠷᠦᠭᠦᠯᠡᠬᠦ ᠨᠢᠭᠡᠴᠡ᠄ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ | ᠲᠣᠪᠴᠢᠶ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠰᠢᠭᠤᠨ ᠤ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ᠂ ᠬᠤᠰᠢᠭᠤᠨ ᠡᠨᠧᠷᠭᠢ ᠶᠢᠨ ᠲᠣᠪᠴᠢᠶ᠎ᠠ᠂ ᠡᠯ᠎ᠡ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ︶᠃ | | |