ᠪᠤᠯᠠᠭ ᠭᠠᠴᠠᠭ᠎ᠠ ᠬᠠᠮᠳᠤ ᠶᠢᠨ ᠠᠵᠤ ᠠᠬᠤᠢ ᠪᠠᠨ ᠢᠳᠡᠪᠬᠢᠲᠠᠢ ᠬᠥᠭᠵᠢᠬᠦᠯᠵᠦ ᠪᠤᠢ
ᠨᠡᠶᠢᠲᠡᠯᠡᠭᠰᠡᠨ ᠴᠠᠭ᠄
2024/4/21
      ᠬᠦᠳᠡᠭᠡ ᠲᠤᠰᠬᠤᠨ ᠢ ᠬᠥᠭᠵᠢᠬᠦᠯᠦᠨ ᠮᠠᠨᠳᠤᠭᠤᠯᠬᠤ ᠲᠦᠷᠤ ᠶᠢᠨ ᠪᠣᠳᠣᠯᠭ᠎ᠠ ᠢᠳᠡ ᠬᠥᠭ ᠲᠠᠢ ᠶᠠᠪᠤᠨᠨᠳᠠᠵᠤ ᠪᠠᠶᠢᠭ᠎ᠠ ᠦᠨᠤᠳᠤᠷ ᠭᠠᠴᠠᠭ᠎ᠠ ᠲᠤᠰᠬᠤᠨ ᠎ ᠨᠤᠭᠤᠳ ᠦᠪᠡᠷ ᠦᠪᠡᠷ ᠤᠨ ᠤᠨᠴᠠᠯᠢᠭ᠂ ᠪᠤᠳᠠᠳᠤ ᠪᠠᠶᠢᠳᠠᠯ ᠳᠠᠭᠠᠨ ᠲᠤᠬᠢᠷᠬᠠᠰᠠᠨ ᠬᠠᠮᠳᠤ ᠶᠢᠨ ᠠᠵᠤ ᠠᠬᠤᠢ ᠶᠢ ᠡᠷᠬᠢᠯᠡᠨ ᠬᠢᠵᠤ᠂ ᠬᠥᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠬᠦᠴᠤᠨ ᠨᠡᠮᠡᠷᠢᠯᠡᠵᠤ ᠪᠠᠶᠢᠨ᠎ᠠ᠃      ᠡᠵᠡᠨ ᠬᠤᠷᠤᠭ᠎ᠠ ᠬᠤᠰᠢᠭᠤᠨ ᠤ ᠡᠵᠡᠨ ᠬᠤᠷᠤᠭ᠎ᠠ ᠪᠠᠯᠭᠠᠰᠤ ᠶᠢᠨ ᠪᠤᠯᠠᠭ ᠭᠠᠴᠠᠭᠠᠨ ᠤ ᠭᠤᠷᠪᠠᠳᠤᠭᠠᠷ ᠬᠤᠷᠰᠢᠶ᠎ᠠ ᠳᠤ ᠪᠠᠶᠢᠷᠢᠯᠠᠵᠤ ᠪᠠᠶᠢᠭ᠎ᠠ ᠲᠡᠵᠢᠬᠡᠨ ᠦᠷᠡᠵᠢᠬᠦᠯᠬᠦ ᠲᠠᠯᠠᠪᠠᠢ ᠪᠣᠯ ᠨᠢᠳᠤᠨᠤᠨ ᠬᠡᠷᠡᠭᠯᠡᠯᠳᠡ ᠳᠤ ᠤᠷᠤᠭᠤᠯᠤᠨᠨᠰᠠᠨ ᠭᠠᠴᠠᠭᠠᠨ ᠤ ᠬᠠᠮᠳᠤ ᠶᠢᠨ ᠠᠵᠤ ᠠᠬᠤᠢ ᠪᠤᠯᠣᠨ᠎ᠠ᠃ ᠪᠤᠯᠠᠭ ᠭᠠᠴᠠᠭ᠎ᠠ ᠨᠢ ᠬᠠᠮᠳᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠵᠣᠷᠢᠯᠭ᠎ᠠ ᠪᠠᠷ ᠡᠮᠤᠨ᠎ᠡ ᠬᠤᠭᠤᠴᠠᠭᠠᠨ ᠤ ᠪᠠᠶᠢᠴᠠᠭᠠᠨ ᠰᠤᠳᠤᠯᠬᠤ ᠵᠢᠴᠢ ᠲᠡᠭᠡᠳᠤ ᠱᠠᠳᠤᠨ ᠤ ᠨᠠᠮ ᠵᠠᠰᠠᠭ ᠤᠨ ᠬᠦᠴᠦᠳᠡᠢ ᠲᠠᠮᠵᠢᠯᠭᠡ ᠳᠤᠤᠷ᠎ᠡ ᠡᠨᠡᠬᠦ ᠲᠡᠵᠢᠭᠡᠨ ᠦᠷᠡᠵᠢᠬᠦᠯᠬᠦ ᠲᠠᠯᠠᠪᠠᠢ ᠶᠢ ᠪᠠᠶᠢᠭᠤᠯᠵᠠᠢ᠃      ᠤᠳᠤᠬᠠᠨ ᠳᠤ ᠲᠤᠰ ᠲᠡᠵᠢᠭᠡᠨ ᠦᠷᠡᠵᠢᠬᠦᠯᠬᠦ ᠲᠠᠯᠠᠪᠡᠢ ᠳᠤ ᠶᠡᠭᠡ ᠰᠠᠭᠦᠯᠳᠤ ᠬᠤᠨᠢ᠂ ᠰᠠ ᠹᠦ᠋ ᠺᠧ ᠵᠡᠷᠭᠡ ᠡᠭᠦᠯᠳᠡᠷ ᠤᠨ 900 ᠭᠠᠷᠤᠢ ᠳᠤᠯᠤᠭᠠᠢ ᠬᠤᠨᠢ ᠲᠡᠵᠢᠬᠡᠵᠤ ᠪᠤᠢ᠃ ᠠᠷᠠᠴᠢᠯᠡᠨ ᠳᠡᠵᠢᠬᠡᠬᠦ ᠳᠤ ᠠᠦ᠋ᠲ᠋ᠣᠴᠢᠯᠠᠭᠰᠠᠨ ᠲᠤᠨᠤᠭ ᠲᠦᠭᠦᠭᠡᠷᠣᠮᠵᠢ ᠶᠢ ᠢᠵᠢ ᠪᠦᠷᠢᠳᠦᠭᠦᠯᠵᠦ᠂ ᠨᠡᠶᠢᠲᠡ 5000 ᠬᠤᠨᠢ ᠠᠷᠠᠴᠢᠯᠡᠵᠤ ᠳᠡᠶᠢᠯᠦᠨ᠎ᠡ᠃
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ