ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠦᠢᠯᠡᠳᠦᠯᠭᠡᠵᠢᠬᠦᠯᠵᠦ ᠬᠠᠮᠢᠶ᠎ᠠ ᠪᠥᠬᠦᠶ ᠬᠦᠷᠢᠶᠡᠯᠡᠩ ᠲᠣᠭᠤᠷᠢᠭ  ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠠᠬᠤᠶ ᠲᠠᠯᠠᠪᠠᠶ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/21
      4 ᠳ᠋ᠤᠭᠡᠷ ᠰᠠᠷ᠎ᠠ ᠶᠢᠨ 10᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠰᠤᠷᠤᠯᠴᠠᠨ  ᠦᠢᠯᠡᠳᠦᠯᠭᠡᠵᠢᠬᠦᠯᠵᠦ᠂  ᠮᠸᠡᠭ ᠰᠤ᠋ ᠠᠵᠤ ᠠᠬᠤᠶ ᠶᠢᠨ ᠨᠡᠭᠡᠭᠡᠯᠲᠡ ᠶᠢᠨ ᠣᠷᠣᠨ᠂ ᠯᠢᠨ ᠭᠠᠨᠭ᠌ ᠠᠵᠤ ᠠᠬᠤᠶ ᠶᠢᠨ ᠣᠷᠣᠨ᠂ ᠣᠷᠳᠣᠰ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ᠂ ᠡᠵᠡᠨ ᠬᠤᠷᠤᠭ᠎ᠠ ᠪᠠᠯᠭᠠᠰᠤ᠂ ᠵᠠᠰᠠᠭ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠠᠬᠤᠶ ᠲᠠᠯᠠᠪᠠᠶ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠬᠤᠯᠪᠣᠭᠳᠠᠯ ᠪᠥᠬᠦᠶ ᠬᠦᠷᠢᠶᠡᠯᠡᠩ ᠲᠣᠭᠤᠷᠢᠭ᠂ ᠪᠠᠯᠭᠠᠰᠤ ᠵᠢᠴᠢ ᠠᠵᠤ ᠠᠬᠤᠶᠢᠯᠠᠯ ᠢ ᠬᠠᠪᠰᠤᠷᠤᠨ ᠭᠤᠤᠯᠳᠠᠯᠭ᠎ᠠ ᠲᠠᠢ ᠲᠥᠷᠥᠯ ᠵᠣᠶᠢᠯ᠂ ᠭᠤᠤᠯᠳᠠᠯᠭ᠎ᠠ ᠲᠠᠢ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠨᠢ  ᠰᠢᠢᠳᠪᠦᠷᠢᠯᠡᠵᠦ ᠥᠭᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠤ ᠶᠦᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠸᠠᠩ ᠶᠠᠨ ᠵᠢᠶᠦ᠋ᠨ ᠵᠡᠷᠭᠡ ᠬᠤᠰᠢᠭᠤᠨ ᠤ ᠤᠳᠤᠷᠢᠳᠤᠯᠭ᠎ᠠ ᠪᠣᠯᠤᠨ ᠬᠤᠯᠪᠣᠭᠳᠠᠯ ᠪᠦᠬᠦᠢ ᠬᠦᠷᠢᠶᠡᠯᠡᠩ ᠲᠣᠭᠤᠷᠢᠭ᠂ ᠪᠠᠯᠭᠠᠰᠤ᠂ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠣᠷᠣᠯᠴᠠᠪᠠ᠃       ᠬᠤᠷᠠᠯ ᠳᠤ ᠣᠷᠣᠯᠴᠠᠭᠰᠠᠳ ᠤᠷᠢᠳ ᠬᠤᠵᠢᠳ ᠯᠦᠩ ᠵᠢᠶ ᠬᠡᠷᠡᠯ ᠴᠡᠨᠡᠭ ᠤᠨ ᠲᠣᠨᠣᠭᠯᠠᠯ ᠤᠨ ᠲᠥᠷᠥᠯ ᠵᠣᠶᠢᠯ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠬᠤᠳᠠᠯᠳᠤᠭᠠᠨ ᠤ ᠶᠡᠷᠦᠩᠬᠡᠶ ᠴᠣᠭᠴᠠ᠂ ᠣᠶᠤᠨᠴᠢᠯᠠᠭᠰᠠᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠥᠪ᠂ ᠵᠸᠤ ᠦ᠋ ᠰᠣᠶᠣᠯ ᠤᠨ ᠣᠷᠳᠣᠨ ᠤ ᠰᠦᠷᠦᠭᠵᠢᠯ ᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠣᠶᠢᠯ᠂ ︽ᠤᠮᠠᠷᠠᠲᠤ ᠬᠢᠯᠢ ᠶᠢᠨ ᠤᠷᠢᠳᠣ ᠶᠢᠨ ᠬᠡᠷᠡᠭ᠂ ᠣᠨ ᠵᠢᠯ ᠤᠨ ᠤᠷᠠᠨ ᠦᠵᠡᠭᠦᠯᠭᠡ ᠶᠢᠨ ᠬᠤᠲᠠ︾ ᠪᠣᠳᠠᠲᠤ ᠦᠵᠡᠮᠵᠢ ᠶᠢᠨ ᠲᠣᠭᠯᠠᠯᠲᠠ ᠶᠢᠨ ᠲᠥᠷᠥᠯ  ᠵᠤᠶᠢᠯ᠂ ᠶᠤᠸᠠᠨ ᠵᠢᠩ ᠬᠦᠳᠡᠯᠭᠡᠭᠴᠢ ᠬᠦᠴᠦᠨ ᠯᠢᠲ᠋ᠢ ᠳ᠋ᠢᠶᠠᠨ ᡂᠢ ᠶᠢᠨ ᠭᠠᠶᠢᠯᠢ ᠪᠠᠲᠤᠯᠠᠬᠤ ᠰᠠᠩ ᠬᠥᠮᠥᠷᠭᠡ ᠶᠢᠨ ᠲᠥᠷᠥᠯ ᠵᠣᠶᠢᠯ᠂ ᠰᠢᠨ᠎ᠡ ᠡᠨᠧᠷᠭᠢ ᠶᠢᠨ ᠰᠤᠳᠤᠯᠭᠠᠨ ᠤ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠲᠤᠷᠰᠢᠯᠲᠠ ᠶᠢᠨ ᠲᠠᠰᠤᠭ᠂ ᠵᠢᠩ ᠳ᠋ᠦᠩ  ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ᠂ ᠬᠤᠭᠤᠯᠠᠶ ᠲᠣᠰᠬᠤᠨ ᠤ ᠲᠠᠸᠠᠷ ᠤᠨ ᠪᠧᠲ᠋ᠤᠨ ᠬᠦᠷᠢᠶᠡᠯᠡᠩ᠂ ᠰᠢᠨ ᠵᠢᠤᠢ ᠱᠧᠩ ᠬᠥᠮᠥᠷᠭᠡᠯᠡᠨ ᠬᠠᠳᠠᠭᠠᠯᠠᠬᠤ  ᠪᠠᠷᠠᠭᠠᠨ ᠤ ᠭᠦᠢᠯᠭᠡᠭᠡᠨ ᠤ ᠲᠥᠷᠥᠯ ᠵᠣᠶᠢᠯ᠂ ᠵᠠᠰᠠᠭ ᠢᠯᠴᠢ ᠬᠠᠩᠭᠠᠬᠤ ᠦᠢᠯᠡᠳᠪᠦᠷᠢ᠂ ᠵᠠᠰᠠᠭ ᠪᠠᠯᠭᠠᠰᠤ ᠶᠢᠨ  ᠨᠠᠰᠤᠲᠠᠨ ᠢ ᠠᠰᠠᠷᠠᠬᠤ  ᠦᠢᠯᠡᠴᠢᠯᠡᠭᠡᠨ ᠤ ᠲᠥᠪ ᠵᠡᠷᠭᠡ ᠲᠥᠷᠥᠯ ᠵᠣᠶᠢᠯ ᠢ ᠲᠤᠬᠠᠶ ᠶᠢᠨ ᠭᠠᠵᠠᠷ ᠲᠤᠨᠢ  ᠪᠠᠶᠢᠴᠠᠭᠠᠨ  ᠰᠤᠳᠤᠯᠵᠣ᠂ ᠠᠵᠢᠯ ᠤᠨ ᠬᠠᠷᠢᠭᠤ ᠮᠡᠳᠡᠭᠦᠯᠦᠯᠲᠡ ᠶᠢ ᠰᠡᠳᠬᠢᠯ ᠲᠠᠯᠪᠢᠨ ᠰᠤᠨᠤᠰᠴᠣ᠂ ᠣᠷᠣᠰᠢᠵᠤ  ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠶ ᠰᠤᠳᠣᠯᠣᠭᠰᠠᠨ ᠪᠠᠶᠢᠨ᠎ᠠ᠃       ᠠᠬᠤᠶ ᠲᠠᠯᠠᠪᠠᠶ ᠶᠢᠨ ᠠᠵᠢᠯ ᠤᠨ ᠬᠤᠷᠠᠯ ᠳᠡᠭᠡᠷ᠎ᠡ᠂ ᠮᠸᠡᠭ ᠰᠤ᠋ ᠠᠵᠤ ᠠᠬᠤᠶ ᠶᠢᠨ ᠨᠡᠭᠡᠭᠡᠯᠲᠡ ᠶᠢᠨ ᠣᠷᠣᠨ᠂ ᠯᠢᠨ ᠭᠠᠩ ᠠᠵᠤ ᠠᠬᠤᠶ ᠶᠢᠨ ᠣᠷᠣᠨ᠂ ᠣᠷᠳᠣᠰ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ᠂ ᠡᠵᠡᠨ ᠬᠤᠷᠤᠭ᠎ᠠ ᠪᠠᠯᠭᠠᠰᠤ᠂ ᠵᠠᠰᠠᠭ ᠪᠠᠯᠭᠠᠰᠤ ᠶᠢᠨ ᠬᠠᠷᠢᠭᠤᠴᠠᠯᠭᠠᠲᠠᠨ ᠲᠣᠰ ᠲᠣᠰ ᠬᠤᠰᠢᠭᠤᠨ ᠤ ᠱᠠᠳᠣᠨ ᠠᠴᠠ ᠬᠠᠪᠰᠤᠷᠤᠨ  ᠰᠢᠢᠳᠪᠦᠷᠢᠯᠡᠬᠦ ᠴᠢᠬᠤᠯᠠᠲᠠᠶ  ᠵᠣᠶᠢᠯᠡᠰ ᠢ ᠳᠤᠷᠠᠳᠤᠨ ᠭᠠᠷᠭᠠᠵᠠᠶ᠃ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠬᠤᠪᠢᠳᠠᠨ ᠬᠠᠮᠢᠶᠠᠷᠴᠤ ᠪᠠᠶᠢᠭ᠎ᠠ ᠨᠥᠬᠦᠳ ᠵᠢᠴᠢ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠠᠮᠢᠶ᠎ᠠ ᠪᠥᠬᠦᠶ ᠤᠴᠢᠷ ᠶᠠᠪᠤᠳᠠᠯ ᠤᠨ ᠲᠤᠬᠠᠶ ᠨᠢᠭᠡᠳ ᠨᠢᠭᠡ ᠪᠠᠷ ᠬᠠᠷᠢᠭᠤᠯᠲᠠ  ᠦᠭᠴᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠦᠷᠢᠶᠡᠯᠡᠩ ᠲᠣᠭᠤᠷᠢᠭ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠡ ᠪᠠᠶᠢᠭᠤᠯᠤᠯᠲᠠ ᠪᠣᠯᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠠᠳᠬᠤᠵᠤ᠂ ᠰᠠᠷ᠎ᠠ ᠪᠣᠯᠭᠠᠨ ᠲᠦᠷᠦᠯ ᠵᠦᠢᠯ ᠲᠠᠢ᠂ ᠰᠠᠷ᠎ᠠ ᠪᠣᠯᠭᠠᠨ ᠠᠬᠢᠯᠲᠠ ᠲᠠᠢ ᠪᠣᠯᠭᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥ ᠵᠢᠨ‌‍ᠪᠣᠳᠣᠯᠭ᠎ᠠ ᠶᠢ ᠵᠣᠯᠭᠠᠭᠤᠯᠬᠤ᠂  ᠭᠠᠷᠳᠠᠮ ᠢ ᠭᠦᠢᠴᠡᠳᠭᠡᠬᠦ᠂ ᠪᠠᠯᠠ ᠮᠥᠩᠭᠦ ᠶᠢ ᠪᠠᠲᠤᠯᠠᠬᠤ ᠵᠡᠷᠭᠡ ᠠᠵᠢᠯ ᠢ ᠰᠠᠶᠢᠲᠤᠷ ᠬᠢᠵᠦ᠂ ᠴᠢᠨᠠᠷ ᠰᠠᠶᠢᠲᠠᠶ ᠬᠥᠭᠵᠢᠯᠲᠡ ᠶᠢ ᠨᠥᠯᠥᠭᠡᠯᠡᠬᠦ ᠲᠦᠭᠵᠢᠷᠡᠯ ᠬᠦᠴᠢᠷ ᠠᠰᠠᠭᠤᠳᠠᠯ ᠢ ᠨᠢᠭᠡᠳᠦᠯᠲᠡᠶ ᠲᠥᠯᠥᠪᠵᠢᠭᠦᠯᠦᠨ ᠰᠢᠢᠳᠪᠦᠷᠢᠯᠡᠬᠦ ᠬᠡᠷᠡᠭᠲᠡᠶ᠃  ᠦᠵᠡᠯ ᠤᠬᠠᠮᠰᠠᠷ ᠢᠶᠠᠨ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠬᠤ ᠶᠢ ᠪᠠᠷᠢᠮᠲᠠᠯᠠᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠭ᠋ᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠪᠥᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ