ᠬᠤᠳᠠᠯᠳᠤᠭᠠᠨ ᠤ ᠲᠣᠭᠤᠷᠢᠭ ᠤᠨ ᠠᠵᠤ ᠠᠬᠤᠶ ᠬᠦᠭᠵᠢᠶᠡᠨ ᠲᠠᠢ ᠪᠠᠶᠢᠨ᠎ᠠ
ᠨᠡᠶᠢᠲᠡᠯᠡᠭᠰᠡᠨ ᠴᠠᠭ᠄
2024/4/26
      ᠬᠤᠳᠠᠯᠳᠤᠭᠠᠨ ᠤ ᠲᠣᠭᠤᠷᠢᠭ ᠨᠢ ᠬᠤᠲᠠ ᠶᠢᠨ ᠰᠣᠶᠣᠯ᠂ ᠠᠵᠤ ᠠᠬᠤᠢ᠂ ᠠᠮᠢᠵᠢᠷᠠᠯ ᠤᠨ ᠬᠦᠴᠦᠨ ᠤ ᠬᠤᠷᠢᠶᠠᠩᠭᠤᠢ ᠳᠦᠷᠰᠦ ᠪᠣᠯᠤᠭᠰᠠᠨ ᠤ ᠬᠤᠪᠢ ᠳᠤ᠂ ᠬᠤᠲᠠ ᠶᠢᠨ ᠬᠤᠳᠠᠯᠳᠤᠭᠠᠨ ᠤ ᠴᠢᠬᠤᠯᠠ ᠠᠴᠢᠶᠠᠯᠠᠪᠤᠷᠢ ᠪᠣᠯᠬᠤ ᠪᠥᠭᠡᠳ ᠪᠠᠰᠠ ᠬᠤᠲᠠ ᠶᠢᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠬᠦ ᠴᠢᠬᠤᠯᠠ ᠬᠥᠳᠡᠯᠭᠡᠭᠦᠷ ᠪᠣᠯᠤᠨ᠎ᠠ᠃ ᠣᠶᠢᠷ᠎ᠠ ᠶᠢᠨ ᠵᠢᠯ ᠠᠴᠠ ᠨᠠᠭᠠᠰᠢ᠂ ᠡᠵᠡᠨ ᠬᠤᠷᠤᠭ᠎ᠠ ᠬᠤᠰᠢᠭᠤ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠳᠡᠭᠡᠭᠰᠢᠯᠡᠭᠦᠯᠬᠦ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠲᠣᠰ ᠭᠠᠵᠠᠷ ᠤᠨ ᠬᠡᠷᠡᠭᠯᠡᠭᠡ ᠶᠢ ᠬᠥᠭᠵᠢᠭᠡᠬᠦ ᠪᠠ ᠭᠠᠳᠠᠭᠠᠳᠤ ᠶᠢᠨ ᠬᠡᠷᠡᠭᠯᠡᠭᠡ ᠶᠢ ᠲᠠᠲᠠᠬᠤ ᠶᠢ ᠵᠡᠷᠭᠡ ᠪᠠᠷ ᠴᠢᠬᠤᠯᠠᠴᠢᠯᠠᠬᠤ ᠳᠤ ᠰᠠᠭᠤᠷᠢᠯᠠᠨ᠂ ᠬᠡᠷᠡᠭᠯᠡᠭᠡᠨ ᠤ ᠰᠢᠨ᠎ᠡ ᠪᠠᠶᠢᠳᠠᠯ ᠢ ᠲᠠᠰᠤᠷᠠᠯᠲᠠ ᠥᠬᠡᠶ ᠪᠣᠶ ᠪᠣᠯᠭᠠᠵᠤ᠂ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠪᠡ᠃      ᠭᠠᠷᠠᠭ ᠤᠨ ᠰᠡᠬᠦᠯᠴᠢ ᠪᠣᠯᠬᠤ ᠪᠦᠷᠢ᠂ ᠨᠡᠷᠡᠨ ᠬᠤᠲᠠ ᠶᠢᠨ ᠬᠤᠳᠠᠯᠳᠤᠭᠠᠨ ᠤ ᠲᠥᠪ ᠲᠤ ᠬᠥᠮᠦᠨ ᠤ ᠲᠠᠯᠠᠢ ᠪᠤᠯᠵᠤ᠂ ᠬᠥᠷ ᠨᠠᠷᠭᠢᠶᠠᠨ ᠢᠶᠠᠷ ᠪᠢᠯᠬᠠᠨ᠂ ᠬᠤᠳᠠᠯᠳᠤᠭ᠎ᠠ ᠡᠬᠢᠯᠡᠭᠰᠡᠨ ᠠᠴᠠ ᠨᠠᠰᠢ᠂ ᠵᠸᠤ ᠳ᠋ᠡ ᠹᠦ᠋᠂ ᠯᠢ ᠨᠢᠩ᠂  ᠬᠤᠤ ᠺᠧ ᠪᠡᠶ᠎ᠡ ᠴᠢᠭᠢᠷᠠᠭᠵᠢᠭᠤᠯᠬᠤ ᠺᠯᠦ᠋ᠪ᠂ ᠵᠥᠩ ᠬᠤᠸᠠᠨ ᠴᠠᠭ ᠦᠶ᠎ᠡ ᠶᠢᠨ ᠺᠢᠨᠣ᠋ ᠶᠢᠨ ᠬᠤᠲᠠ ᠵᠡᠷᠭᠡ ᠨᠠᠷᠠᠲᠤ ᠲᠡᠮᠳᠡᠭᠲᠦ ᠨᠤᠳᠤᠭᠰᠢᠨ᠂ ᠪᠠᠷᠠᠭ᠎ᠠ ᠲᠠᠸᠠᠷ ᠬᠤᠳᠠᠯᠳᠤᠨ ᠠᠪᠬᠤ᠂ ᠢᠳᠡᠭᠡᠨ ᠤᠮᠳᠠᠭᠠᠨ᠂ ᠰᠣᠶᠣᠯ᠂ ᠵᠤᠭ᠎ᠠ ᠴᠡᠩᠭᠡᠯ᠂ ᠰᠡᠯᠡᠭᠦᠴᠡᠯ᠂ ᠰᠤᠷᠭᠠᠨ ᠬᠥᠮᠦᠵᠢᠯ ᠵᠡᠷᠭᠡ ᠣᠯᠠᠨ ᠴᠢᠳᠠᠮᠵᠢ ᠶᠢ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠬᠤᠳᠠᠯᠳᠤᠭᠠᠨ ᠤ ᠲᠥᠪ ᠪᠠᠶᠢᠵᠤ᠂ ᠰᠠᠭᠤᠭᠠᠯᠢ ᠠᠷᠠᠳ ᠲᠤ ᠨᠠᠩ ᠣᠯᠠᠨ ᠬᠡᠷᠡᠭᠯᠡᠭᠡᠨ ᠤ ᠰᠢᠨ᠎ᠡ ᠪᠠᠶᠢᠳᠠᠯ᠂ ᠰᠢᠨ᠎ᠡ ᠣᠶᠢᠯᠠᠭᠠᠯᠲᠠ ᠶᠢ ᠣᠯᠭᠤᠭᠰᠠᠨ ᠢᠶᠠᠷ ᠪᠠᠷᠠᠬᠤ ᠥᠬᠡᠶ᠂ ᠬᠡᠷᠡᠭᠯᠡᠭᠡᠨ ᠤ ᠰᠢᠨ᠎ᠡ ᠣᠷᠣᠨ ᠪᠠᠶᠢᠷᠢ ᠶᠢ ᠪᠣᠶ ᠪᠣᠯᠭᠠᠵᠤ ᠥᠭᠴᠡᠶ᠃      ᠣᠶᠢᠷ᠎ᠠ ᠳᠤ ᠠᠵᠢᠯ ᠢᠶᠠᠨ ᠡᠬᠢᠯᠡᠬᠦᠯᠦᠨ ᠪᠠᠶᠢᠭᠤᠯᠵᠤ ᠪᠠᠶᠢᠭ᠎ᠠ ᠲᠦᠩ ᠯᠦᠸᠧ ᠸᠠᠨ ᠠᠭᠤᠳᠠᠮ ᠲᠠᠯᠠᠪᠠᠶ ᠶᠢᠨ ᠲᠥᠷᠥᠯ ᠵᠤᠶᠢᠯ ᠨᠢ ᠠᠰᠢᠭᠯᠠᠯᠲᠠ ᠳᠤ ᠤᠷᠤᠭᠰᠠᠨ ᠤ ᠳᠠᠷᠠᠭ᠎ᠠ᠂ 240 ᠳᠤᠮᠳᠠ ᠳᠡᠭᠡᠳᠦ ᠲᠠᠰ ᠤᠨ ᠨᠠᠷᠠᠲᠤ ᠲᠡᠮᠳᠡᠭᠳᠦ ᠶᠢ ᠣᠷᠣᠭᠤᠯᠤᠨ ᠠᠪᠴᠢᠷᠠᠵᠤ᠂ ᠪᠥᠬᠦ ᠬᠤᠲᠠ ᠶᠢᠨ 30 ᠨᠠᠷᠠᠲᠤ ᠲᠡᠮᠳᠡᠭᠳᠦ ᠶᠢᠨ ᠠᠩᠬᠠᠨ ᠤ ᠳᠡᠯᠭᠡᠭᠦᠷ ᠢ ᠪᠠᠭᠲᠠᠭᠠᠵᠤ᠂ ᠵᠢᠯ ᠤᠨ ᠡᠵᠡᠩᠨᠡᠯᠲᠡ ᠶᠢᠨ ᠤᠷᠤᠯᠭ᠎ᠠ ᠨᠢ 15 ᠳ᠋ᠦᠩᠰᠢᠭᠤᠷ ᠲᠥᠭᠦᠷᠢᠭ ᠲᠤ ᠬᠦᠷᠬᠦ ᠪᠠᠷ ᠪᠠᠶᠢᠵᠤ᠂ 2000 ᠬᠥᠮᠦᠨ ᠤ ᠠᠵᠢᠯ ᠣᠯᠭᠤᠯᠲᠠ ᠶᠢ ᠲᠠᠶᠢᠴᠢᠯᠠᠵᠤ ᠴᠢᠳᠠᠬᠤ ᠪᠣᠯᠤᠨ᠎ᠠ᠃      ᠰᠢᠨ᠎ᠡ ᠬᠤᠳᠠᠯᠳᠤᠭᠠᠨ ᠤ ᠦᠢᠯᠡᠰ ᠤᠨ ᠬᠥᠭᠵᠢᠯ ᠮᠠᠨᠳᠤᠯ ᠴᠤ ᠲᠡᠷᠡ᠂ ᠤᠯᠠᠮᠵᠢᠯᠠᠯᠲᠤ ᠬᠠᠭᠤᠴᠢᠨ ᠬᠤᠳᠠᠯᠳᠤᠭᠠᠨ ᠤ ᠦᠢᠯᠡᠰ ᠤᠨ ᠰᠢᠨᠡᠴᠢᠯᠡᠯᠲᠡ ᠴᠦ ᠲᠡᠷᠡ᠂ ᠤᠢᠢᠷ᠎ᠡ ᠶᠢᠨ ᠵᠢᠯ ᠠᠴᠠ ᠨᠠᠭᠠᠰᠢ᠂ ᠡᠵᠡᠨ ᠬᠤᠷᠤᠭ᠎ᠠ ᠬᠤᠰᠢᠭᠤ ᠬᠡᠷᠡᠭᠯᠡᠭᠡ ᠶᠢ ᠥᠷᠭᠡᠳᠬᠡᠬᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠣᠷᠣᠨ ᠪᠦᠰᠡ ᠶᠢᠨ ᠣᠨᠴᠠᠯᠢᠭ ᠲᠠᠢ ᠤᠶᠠᠯᠳᠤᠭᠤᠯᠤᠨ᠂ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢ ᠰᠢᠯᠢᠳᠡᠭᠵᠢᠭᠦᠯᠦᠨ ᠪᠠᠶᠢᠷᠢᠰᠢᠭᠤᠯᠵᠤ᠂ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ᠂ ᠵᠠᠭᠪᠤᠷ᠂ ᠪᠠᠶᠢᠳᠠᠯ ᠢ ᠲᠠᠰᠤᠷᠠᠯᠳᠠ ᠦᠭᠡᠢ ᠲᠡᠰ ᠳᠡᠪᠰᠢᠭᠦᠯᠵᠦ᠂ ᠣᠷᠣᠨ ᠪᠦᠰᠡ ᠶᠢᠨ ᠬᠡᠷᠡᠭᠯᠡᠭᠡᠨ ᠤ ᠲᠥᠪ ᠬᠤᠳᠠ ᠶᠢ ᠲᠦᠷᠭᠡᠳᠬᠡᠨ ᠪᠠᠶᠢᠭᠤᠯᠵᠤ᠂ ︽ᠠᠮᠲᠠᠲᠤ ᠢᠳᠡᠭᠡᠨ + ᠪᠠᠷᠠᠭ᠎ᠠ ᠬᠤᠳᠠᠯᠳᠤᠨ ᠠᠪᠬᠤ + ᠵᠤᠭᠠᠴᠠᠯ + ᠰᠡᠯᠡᠭᠦᠴᠡᠯ︾᠎ ᠤᠨ ᠬᠡᠷᠡᠭᠯᠡᠭᠡᠨ ᠤ ᠪᠦᠬᠦ ᠬᠢᠯᠬᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠨᠡᠩ ᠬᠥᠭᠵᠢᠨ ᠴᠡᠴᠡᠭᠯᠡᠬᠦ ᠶᠢ ᠠᠬᠢᠭᠤᠯᠵᠤ᠂ ᠴᠢᠨᠠᠷ ᠰᠠᠶᠢᠲᠠᠢ ᠠᠮᠢᠳᠤᠷᠠᠯ ᠤᠨ ᠬᠡᠪ ᠲᠠᠭᠤᠷᠢᠶᠠᠯᠳᠤ ᠬᠤᠳᠠ ᠶᠢ ᠪᠦᠬᠦ ᠬᠦᠴᠦ ᠪᠠᠷ ᠢᠶᠠᠨ ᠴᠣᠭᠴᠠᠯᠠᠪᠠ᠃     ᠲᠠᠷᠠᠭᠠᠴᠢ ᠶᠢᠨ ᠠᠯᠬᠤᠮ ᠳᠤ᠂ ᠶᠡᠷᠦᠩᠬᠡᠶ ᠬᠡᠯᠲᠡᠰ ᠤᠨ ᠠᠵᠤ ᠠᠬᠤᠶ ᠶᠢᠨ ᠣᠷᠣᠨ ᠪᠦᠰᠡ ᠶᠢ ᠦᠷᠭᠦᠯᠵᠢᠯᠡᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ  ᠤᠶᠢᠯᠡᠴᠢᠯᠡᠭᠡᠨ ᠤ ᠬᠡᠯᠬᠢᠶ᠎ᠡ ᠶᠢ ᠳᠡᠭᠡᠭᠰᠢᠯᠡᠭᠦᠯᠵᠦ᠂ ᠤᠶᠢᠯᠡᠴᠢᠯᠡᠭᠡᠨ ᠤ ᠤᠶᠢᠯᠡᠰ ᠤᠨ ᠨᠡᠮᠡᠭᠳᠡᠯ ᠤᠨ ᠰᠢᠨ᠎ᠡ ᠬᠥᠳᠡᠯᠭᠡᠭᠦᠷ ᠢ ᠪᠣᠶ ᠪᠤᠯᠭᠠᠵᠤ᠂ ᠠᠭᠠᠷ ᠳᠡᠭᠡᠷᠡᠬᠢ ᠬᠤᠭᠤᠯᠠᠨ ᠬᠡᠷ ᠵᠡᠷᠭᠡ ᠠᠯᠢ ᠣᠯᠠᠨ ᠤᠶᠢᠯᠡᠴᠢᠯᠡᠭᠡᠨ ᠤ  ᠤᠶᠢᠯᠡᠰ ᠤᠨ ᠭᠤᠤᠯᠳᠠᠯᠭ᠎ᠠ ᠲᠠᠢ ᠲᠥᠷᠥᠯ ᠵᠤᠶᠢᠯ ᠢ ᠠᠯᠬᠤᠮ ᠠᠯᠬᠤᠮ ᠢᠶᠠᠷ ᠡᠵᠡᠩᠨᠡᠯᠲᠡ ᠳᠤ ᠣᠷᠣᠭᠤᠯᠬᠤ ᠶᠢ ᠠᠬᠢᠭᠤᠯᠵᠤ᠂ ᠰᠢᠶᠠᠩᠭᠠᠩ ᠤᠨ ᠲᠦᠩ ᠯᠦᠸᠧ ᠸᠠᠨ ᠤ ᠲᠥᠷᠥᠯ ᠲᠡᠮᠳᠡᠭ ᠤᠨ  ᠤᠶᠢᠯᠡᠳᠤᠯ ᠢ ᠬᠦᠢᠴᠡᠳ ᠪᠠᠳᠠᠷᠠᠭᠤᠯᠵᠤ᠂ ᠲᠠᠸᠠᠷ ᠪᠠ ᠤᠶᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠥᠬᠡᠶ ᠪᠠᠶᠠᠯᠢᠭᠵᠢᠭᠤᠯᠤᠨ ᠰᠢᠯᠢᠳᠡᠭᠵᠢᠭᠦᠯᠵᠦ᠂ ᠰᠠᠭᠤᠭᠠᠯᠢ ᠠᠷᠠᠳ ᠲᠤ ᠨᠠᠩ ᠣᠯᠠᠨ ᠴᠢᠨᠠᠷ ᠰᠠᠶᠢᠲᠠᠶ ᠬᠡᠷᠡᠭᠯᠡᠭᠡᠨ ᠤ ᠬᠠᠩᠭᠠᠯᠭ᠎ᠠ ᠪᠠ  ᠤᠶᠢᠯᠡᠴᠢᠯᠡᠭᠡ ᠬᠦᠷᠳᠡᠭᠡᠬᠦ ᠶᠢᠨ ᠬᠠᠮᠲᠤ᠂ ᠪᠦᠷᠢᠨ ᠪᠠᠷᠠᠭ᠎ᠠ ᠪᠠᠷ ᠭᠤᠤᠯ ᠪᠣᠯᠭᠠᠭᠰᠠᠨ᠂ ᠣᠯᠠᠨ ᠡᠵᠡᠩᠨᠡᠯᠲᠡ ᠶᠢᠨ ᠬᠡᠯᠪᠡᠷᠢ ᠶᠢ ᠨᠡᠶᠢᠯᠡᠭᠦᠯᠦᠭᠰᠡᠨ ᠬᠤᠳᠠᠯᠳᠤᠭᠠᠨ ᠤ ᠨᠠᠷᠠᠲᠤ ᠲᠡᠮᠳᠡᠭᠲᠦ ᠵᠢᠴᠢ ᠳᠡᠭᠡᠳᠦ ᠲᠠᠰ ᠤᠨ ᠨᠠᠷᠠᠲᠤ ᠲᠡᠮᠳᠡᠭᠲᠦ ᠪᠠᠭᠤᠳᠠᠯ᠂ ᠪᠦᠷᠢᠨ ᠴᠢᠳᠠᠪᠤᠷᠢᠲᠤ ᠬᠡᠯᠪᠡᠷᠢ ᠶᠢᠨ ᠰᠣᠶᠣᠯ ᠵᠤᠭ᠎ᠠ ᠴᠡᠩᠭᠡᠯ ᠤᠨ ᠡᠵᠡᠩᠨᠡᠯᠲᠡ ᠶᠢᠨ ᠨᠠᠷᠠᠲᠤ ᠲᠡᠮᠳᠡᠭᠲᠦ ᠶᠢᠨ ᠲᠥᠷᠥᠯ ᠵᠤᠶᠢᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠬᠤ ᠪᠠᠷ ᠪᠠᠶᠢᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ